ᠬᠤᠸᠠᠵᠤᠤХуажууKhuajuu ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠤᠸᠠᠵᠤᠤХуажууKhuajuu

ᠬᠤᠸᠠᠵᠤᠤХуажууKhuajuu

2025-04-21

224

ᠬᠤᠸᠠᠵᠤᠤ

   ᠲᠤᠰ ᠡᠮ ᠪᠣᠯ ᠪᠡᠯᠭᠡᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠬᠤᠸᠠᠵᠤᠤ ᠪᠤᠶᠤ ᠬᠥᠬᠡ ᠬᠤᠸᠠᠵᠤᠤ ᠶ᠋ᠢᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃ ᠪᠠᠰᠠ ᠶᠧᠷᠮ᠎ᠠ ᠭᠡᠳᠡᠭ᠃
   [ ᠤᠤᠯ ᠤᠷᠭᠤᠮᠠᠯ]1. ᠬᠤᠸᠠᠵᠤᠤ  ᠪᠤᠲᠠ ᠮᠣᠳᠣ ᠪᠤᠶᠤ ᠪᠠᠭᠠᠪᠲᠤᠷ ᠲᠤᠷᠤᠭ ᠮᠣᠳᠣ᠃3 ~ 6m ᠥᠨᠳᠥᠷ᠂ ᠰᠣᠨᠳᠣᠭᠣᠢ ᠥᠳᠥᠯᠢᠭ ᠨᠡᠢᠯᠡᠮᠡᠯ ᠨᠠᠪᠴᠢ ᠲᠠᠢ᠂8 ~ 14cm ᠤᠷᠲᠤ᠂ ᠨᠠᠪᠴᠢᠨ ᠲᠡᠩᠭᠡᠯᠢᠭ ᠳᠡᠭᠡᠷ᠎ᠡ ᠨᠢ ᠨᠠᠷᠢᠨ ᠳᠠᠯᠠᠪᠴᠢ ᠲᠠᠢ᠃ ᠵᠢᠵᠢᠭ ᠨᠠᠪᠴᠢ ᠨᠢ5 ~ 9 ᠢᠯᠲᠠᠰᠤ ᠲᠠᠢ ᠴᠢᠭᠲᠠᠯᠠᠨ ᠤᠷᠭᠤᠨ᠎ᠠ᠂ ᠪᠠᠷᠢᠭᠤᠯ ᠦᠭᠡᠢ ᠰᠢᠬᠠᠮ᠂ ᠥᠨᠳᠡᠭᠡᠯᠵᠢᠨ᠂ ᠵᠤᠤᠪᠠᠩ ᠠ᠋ᠴᠠ ᠥᠷᠭᠡᠨ ᠥᠨᠳᠡᠭᠡᠯᠵᠢᠨ ᠬᠡᠯᠪᠡᠷᠢ ᠲᠡᠢ᠂2 ~ 5cm ᠤᠷᠲᠤ᠂1.5 ~ 3cm ᠥᠷᠭᠡᠨ᠂ ᠱᠣᠪᠬᠣ ᠦᠵᠦᠭᠦᠷ ᠲᠡᠢ᠂ ᠬᠠᠵᠠᠭᠠᠢ ᠱᠠᠭᠠᠨᠲᠠᠭ ᠤᠭ ᠲᠠᠢ᠂ ᠮᠤᠬᠤᠷ ᠬᠢᠷᠥᠭᠡᠨ ᠰᠢᠳᠦᠲᠦ ᠬᠥᠪᠡᠭᠡ ᠲᠡᠢ᠃ ᠴᠣᠮᠬᠠᠨ ᠱᠣᠷᠣᠯᠵᠢᠨ ᠬᠡᠯᠪᠡᠷᠢᠲᠦ ᠪᠠᠭ ᠴᠡᠴᠡᠭ ᠨᠢ ᠡᠰᠢ ᠮᠥᠴᠢᠷ ᠦ᠋ᠨ ᠣᠷᠣᠢ ᠳ᠋ᠤᠨᠢ ᠳᠡᠯᠭᠡᠷᠡᠨ᠎ᠡ᠃ ᠴᠡᠴᠡᠭ ᠨᠢ ᠭᠠᠭᠴᠠ ᠪᠡᠯᠭᠡ ᠲᠡᠢ᠂ ᠣᠨᠳᠣᠣ ᠭᠡᠷᠲᠡᠢ᠂ ᠴᠡᠴᠡᠭ ᠦ᠋ᠨ ᠲᠡᠩᠭᠡᠯᠢᠭ ᠳᠡᠭᠡᠷ᠎ᠡ ᠨᠢ ᠣᠬᠣᠷ ᠵᠥᠭᠡᠯᠡᠨ ᠦᠰᠦ ᠲᠡᠢ᠃ ᠴᠡᠴᠡᠭ ᠦ᠋ᠨ ᠰᠢᠳᠠᠷ ᠤ᠋ᠨ ᠢᠯᠲᠠᠰᠤ ᠨᠢ4 ~ 8᠂ ᠭᠤᠷᠪᠠᠯᠵᠢᠨ ᠬᠠᠪᠲᠠᠭᠠᠢ ᠲᠡᠪᠡᠨᠡ ᠬᠡᠯᠪᠡᠷᠢ ᠲᠡᠢ᠃ ᠡᠷ᠎ᠡ ᠴᠡᠴᠡᠭ ᠨᠢ5 ~ 7 ᠡᠷ᠎ᠡ ᠲᠣᠭᠣᠷᠴᠣᠭ ᠲᠠᠢ᠂ ᠲᠣᠭᠣᠰᠣᠪᠴᠢ ᠨᠢ ᠤᠷᠲᠤᠯᠵᠢᠨ ᠲᠣᠭᠣᠷᠢᠭ᠂ ᠳᠣᠬᠢᠭᠤᠷ ᠨᠢ ᠪᠦᠰᠡᠯᠢᠭ᠂2 ᠳᠣᠷᠣᠢᠲᠠᠭᠰᠠᠨ ᠤᠮᠠᠢ ᠶ᠋ᠢᠨ ᠬᠠᠯᠢᠰᠤ ᠲᠠᠢ᠂ ᠦᠵᠦᠭᠦᠷ ᠲᠡᠭᠡᠨ ᠠᠴᠠᠯᠠᠨ ᠬᠠᠭᠠᠷᠠᠨ᠎ᠠ᠃ ᠡᠮ᠎ᠡ ᠴᠡᠴᠡᠭ ᠦ᠋ᠨ ᠤᠮᠠᠢ ᠨᠢ3 ~ 4᠂ ᠤᠮᠠᠢ ᠶ᠋ᠢᠨ ᠠᠷᠤ ᠶ᠋ᠢᠨ ᠳᠡᠭᠡᠷ᠎ᠡ ᠬᠡᠰᠡᠭ ᠲᠤᠨᠢ ᠳᠣᠪᠣᠭᠣᠷ ᠪᠤᠯᠴᠢᠷᠬᠠᠢ ᠲᠣᠯᠪᠣ ᠲᠠᠢ᠂ ᠴᠡᠴᠡᠭ ᠦ᠋ᠨ ᠪᠠᠭᠠᠨ᠎ᠠ ᠨᠢ ᠪᠠᠭᠠᠬᠠᠨ ᠭᠠᠳᠠᠭᠰᠢ ᠮᠤᠷᠤᠢ᠂ ᠪᠠᠭᠠᠨ᠎ᠠ ᠶ᠋ᠢᠨ ᠠᠮᠠᠰᠠᠷ ᠨᠢ ᠲᠣᠯᠣᠭᠠᠢ ᠬᠡᠯᠪᠡᠷᠢ ᠲᠡᠢ᠂ ᠤᠮᠠᠢ ᠨᠢ ᠪᠠᠷᠢᠭᠤᠯ ᠦᠭᠡᠢ᠃ ᠵᠢᠮᠢᠰ ᠨᠢ ᠤᠯᠠᠭᠠᠨ ᠠ᠋ᠴᠠ ᠪᠣᠷᠣᠪᠲᠤᠷ ᠥᠩᠭᠡ ᠲᠡᠢ ᠪᠣᠯᠳᠠᠭ᠂ ᠳᠡᠭᠡᠷ᠎ᠡ ᠨᠢ ᠢᠬᠴᠤ ᠡᠦ ᠰᠢᠭ ᠳᠣᠪᠣᠭᠣᠷ ᠪᠤᠯᠴᠢᠷᠬᠠᠢ ᠲᠣᠯᠪᠣ ᠲᠠᠢ᠃ ᠬᠠᠷ᠎ᠠ ᠭᠢᠯᠦᠭᠡᠷ1 ᠦᠷ᠎ᠡ ᠲᠡᠢ᠃3 ~ 5 ᠳ᠋ᠤᠭᠠᠷ ᠰᠠᠷ᠎ᠠ ᠳ᠋ᠤ᠌ ᠴᠡᠴᠡᠭᠯᠡᠵᠦ᠂7 ~ 10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   2. ᠬᠥᠬᠡ ᠬᠤᠸᠠᠵᠤᠤ   ᠲᠤᠰ ᠤᠷᠭᠤᠮᠠᠯ ᠤ᠋ᠨ ᠬᠤᠸᠠᠵᠤᠤ ᠠ᠋ᠴᠠ ᠢᠯᠭᠠᠭᠳᠠᠬᠤ ᠭᠣᠣᠯ ᠣᠨᠴᠠᠯᠢᠭ ᠭᠡᠪᠡᠯ ᠵᠢᠵᠢᠭ ᠨᠠᠪᠴᠢ ᠨᠢ11 ~ 21᠂ ᠨᠠᠪᠴᠢᠨ ᠢᠯᠲᠠᠰᠤ ᠨᠢ ᠨᠡᠯᠢᠶᠡᠳ ᠵᠢᠵᠢᠭ᠂1 ~3.5cm ᠤᠷᠲᠤ᠂0.5 ~ 1cm ᠥᠷᠭᠡᠨ᠃ ᠴᠡᠴᠡᠭ ᠦ᠋ᠨ ᠲᠣᠭᠳᠣᠢ᠂ ᠴᠡᠴᠡᠭ ᠦ᠋ᠨ ᠬᠡᠯᠲᠡᠰ᠂ ᠡᠷ᠎ᠡ ᠲᠣᠭᠣᠷᠴᠣᠭ ᠤ᠋ᠨ ᠲᠣᠭ᠎ᠠ ᠨᠢ ᠪᠦᠷ5᠃ ᠡᠮ᠎ᠡ ᠴᠡᠴᠡᠭ ᠨᠢ3 ᠤᠮᠠᠢ ᠶ᠋ᠢᠨ ᠬᠠᠯᠢᠰᠤ ᠲᠠᠢ᠃ ᠴᠠᠨ᠎ᠠ ᠵᠢᠮᠢᠰ ᠨᠢ3᠂ ᠭᠠᠳᠠᠷ ᠨᠢ ᠴᠠᠢᠪᠤᠷ ᠨᠣᠭᠣᠭᠠᠨ ᠪᠤᠶᠤ ᠤᠯᠠᠪᠢᠷ ᠨᠣᠭᠣᠭᠠᠨ᠂ ᠡᠥ ᠰᠢᠭ ᠪᠤᠯᠴᠢᠷᠬᠠᠢ ᠲᠣᠯᠪᠣ ᠨᠢ ᠲᠡᠳᠦᠢ ᠲᠣᠪᠣᠢᠬᠤ ᠦᠭᠡᠢ ᠮᠥᠷᠲᠡᠭᠡᠨ ᠣᠷᠣᠢ ᠳ᠋ᠤᠨᠢ ᠣᠬᠣᠷ ᠵᠢᠵᠢᠭ ᠬᠣᠰᠢᠭᠤ ᠲᠠᠢ᠃8 ~ 9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂10 ~ 11 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠬᠤᠸᠠᠵᠤᠤ ᠪᠣᠯ ᠠᠭᠤᠯᠠᠨ ᠬᠠᠵᠠᠭᠤ᠂ ᠣᠢ ᠶ᠋ᠢᠨ ᠬᠥᠪᠡᠭᠡ᠂ ᠪᠤᠲᠠ ᠰᠥᠭᠡᠭ ᠳᠤᠮᠳᠠ ᠤᠷᠭᠤᠨ᠎ᠠ᠃ ᠪᠦᠬᠦ ᠤᠯᠤᠰ ᠲᠤ᠌ ᠪᠠᠷᠤᠭ ᠨᠡᠢᠳᠡᠮ ᠲᠠᠷᠬᠠᠴᠠ ᠲᠠᠢ᠃ ᠬᠥᠬᠡ ᠬᠤᠸᠠᠵᠤᠤ ᠶ᠋ᠢᠨ ᠤᠷᠭᠤᠬᠤ ᠣᠷᠴᠢᠨ ᠨᠢ ᠳᠡᠭᠡᠷᠡᠬᠢ ᠲᠡᠢ ᠠᠳᠠᠯᠢ᠃ ᠯᠢᠶᠣᠤᠨᠢᠩ᠂ ᠾᠧᠪᠧᠢ᠂ ᠾᠧᠨᠠᠨ᠂ ᠱᠠᠨᠳᠦ᠋ᠩ᠂ ᠵᠢᠶᠠᠩᠰᠦ᠂ ᠠᠨᠾᠦ᠋ᠢ᠂ ᠵᠧᠵᠢᠶᠠᠩ᠂ ᠵᠢᠶᠠᠩᠰᠢ᠂ ᠬᠤᠨᠠᠨ᠂ ᠭᠤᠸᠠᠩᠳᠦ᠋ᠩ᠂ ᠬᠠᠢᠨᠠᠨ ᠭᠤᠸᠠᠩᠰᠢ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠨᠠᠮᠤᠷ ᠪᠣᠯᠪᠠᠰᠤᠷᠠᠭᠰᠠᠨ ᠵᠢᠮᠢᠰ ᠢ᠋ ᠨᠢ ᠲᠡᠭᠦᠵᠦ᠂ ᠨᠠᠷᠠᠨ ᠳ᠋ᠤ᠌ ᠬᠠᠲᠠᠭᠠᠭᠠᠳ ᠠᠷᠢᠯᠭᠠᠨ ᠴᠡᠪᠡᠷᠯᠡᠨ᠎ᠡ᠃
   [ ᠠᠮᠲᠠ᠂ ᠴᠢᠨᠠᠷ᠂ ᠡᠷᠳᠡᠮ᠂] ᠭᠤᠱᠤᠭᠤᠨ ᠠᠮᠲᠠ ᠲᠠᠢ᠂ ᠪᠦᠯᠢᠶᠡᠨ ᠴᠢᠨᠠᠷ ᠲᠠᠢ᠂ ᠰᠢᠷᠦᠭᠦᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠰᠤᠳᠠᠯ ᠤ᠋ᠨ ᠰᠦᠪᠡ ᠶ᠋ᠢ ᠨᠡᠭᠡᠭᠡᠬᠦ᠂ ᠬᠣᠷᠣᠬᠠᠢ ᠶ᠋ᠢ ᠨᠢᠲᠤᠯᠬᠤ᠂ ᠵᠠᠭᠠᠲᠤᠨᠠᠬᠤ ᠶ᠋ᠢ ᠵᠣᠭᠰᠣᠭᠠᠬᠤ᠂ ᠢᠳᠡᠭᠡᠨ ᠢ᠋ ᠰᠢᠩᠭᠡᠭᠡᠬᠦ ᠴᠢᠳᠠᠯ ᠲᠠᠢ᠃ ᠭᠣᠣᠯᠳᠠᠭᠤ ᠬᠣᠳᠣᠭᠣᠳᠣᠨ ᠤ᠋ ᠪᠠᠳᠭ᠋ᠠᠨ ᠬᠡᠢ᠂ ᠭᠡᠳᠡᠰᠦᠨ ᠦ᠌ ᠬᠣᠷᠣᠬᠠᠢ᠂ ᠨᠢᠰᠤᠭᠤ᠂ ᠮᠠᠭᠠᠵᠢᠭᠤᠷ᠂ ᠳᠠᠭᠤ ᠬᠠᠭᠠᠭᠳᠠᠬᠤ᠂ ᠬᠡᠯᠡᠭᠡᠢᠷᠡᠬᠦ ᠪᠠ ᠰᠤᠳᠠᠯ ᠤ᠋ᠨ ᠲᠤᠭᠤᠯᠪᠤᠷᠢ ᠶ᠋ᠢᠨ ᠣᠢᠷ᠎ᠠ ᠶ᠋ᠢᠨ ᠭᠦᠢᠴᠡᠳᠬᠡᠯ ᠳ᠋ᠦ᠍ ᠬᠡᠷᠡᠭᠯᠡᠨ᠎ᠡ᠃

   ᠬᠢᠲᠠᠳ ᠨᠡᠷ᠎ᠡ᠄ 花椒 (青椒)
   ᠠᠩᠭ᠌ᠯᠢ ᠨᠡᠷ᠎ᠡ᠄Zanthoxylum bungeanum Maxin ( Zanthaxylum schinfalium Sieb. et Zucc )

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠣᠶᠤᠨᠴᠢᠮᠡᠭ