ᠭᠣᠶᠣᠣГоёо Goyoo
ᠭᠣᠶᠣᠣ
ᠲᠤᠰ ᠡᠮ ᠪᠣᠯ ᠬᠢᠯᠭᠠᠰᠤᠲᠤ ᠮᠣᠳᠣᠨ ᠤ᠋ ᠢᠵᠠᠭᠤᠷ ᠤ᠋ᠨ ᠤᠷᠭᠤᠮᠠᠯ ᠪᠣᠯᠬᠤ ᠭᠣᠶᠣᠣ ᠶ᠋ᠢᠨ ᠪᠣᠯᠪᠠᠰᠤᠷᠠᠮᠠᠯ ᠦᠷ᠎ᠡ ᠶ᠋ᠢᠨ ᠴᠥᠮ᠎ᠡ ᠮᠥᠨ᠃ ᠪᠠᠰᠠ ᠪᠠᠲ᠋ᠠ ᠭᠡᠳᠡᠭ᠃
[ ᠤᠤᠯ ᠤᠷᠭᠤᠮᠠᠯ] ᠲᠤᠷᠤᠭ ᠮᠣᠳᠣ᠃10~18m ᠥᠨᠳᠥᠷ᠂ ᠰᠠᠯᠠᠭᠠᠯᠠᠬᠤ ᠦᠭᠡᠢ᠂ ᠨᠠᠪᠴᠢ ᠨᠢ ᠵᠤᠯᠭᠠᠷᠠᠭᠰᠠᠨ ᠤ᠋ ᠰᠡᠭᠦᠯᠡᠷ ᠮᠡᠳᠡᠭᠳᠡᠮ᠎ᠡ ᠴᠠᠭᠠᠷᠢᠭ ᠠᠷᠲᠠᠢ ᠪᠣᠯᠳᠠᠭ᠃ ᠨᠠᠪᠴᠢ ᠨᠢ ᠡᠰᠢᠨ ᠦ᠌ ᠣᠷᠣᠢ ᠳ᠋ᠤ᠌ ᠪᠠᠭᠯᠠᠷᠠᠨ ᠤᠷᠭᠤᠨ᠎ᠠ᠃ ᠥᠳᠥᠯᠢᠭ ᠨᠡᠢᠯᠡᠮᠡᠯ ᠨᠠᠪᠴᠢ ᠲᠠᠢ᠂1.3~2m ᠤᠷᠲᠤ᠂ ᠭᠥᠯᠢᠭᠡᠷ᠂ ᠨᠠᠪᠴᠢᠨ ᠲᠡᠩᠭᠡᠯᠢᠭ ᠨᠢ3 ᠢᠷᠮᠡᠭ ᠲᠡᠢ᠂ ᠵᠢᠵᠢᠭ ᠨᠠᠪᠴᠢ ᠨᠢ ᠬᠠᠪᠲᠠᠭᠠᠢ ᠲᠡᠪᠡᠨᠡᠯᠢᠭ ᠪᠦᠰᠡ ᠬᠡᠯᠪᠡᠷᠢ ᠲᠡᠢ ᠪᠤᠶᠤ ᠪᠦᠰᠡ ᠬᠡᠯᠪᠡᠷᠢ ᠲᠡᠢ᠂30~60cm ᠤᠷᠲᠤ᠂2.5~6cm ᠥᠷᠭᠡᠨ᠂ ᠱᠣᠪᠲᠤᠭᠤᠷ ᠦᠵᠦᠭᠦᠷ ᠲᠡᠢ᠂ ᠡᠮᠬᠢ ᠦᠭᠡᠢ ᠣᠨᠢ ᠲᠠᠢ᠂ ᠤᠭ ᠨᠢ ᠢᠪᠴᠤᠤ᠂ ᠬᠣᠶᠠᠷ ᠲᠠᠯ᠎ᠠ ᠨᠢ ᠭᠥᠯᠢᠭᠡᠷ᠃ ᠤᠨᠵᠢᠭᠢᠷ ᠪᠠᠭ ᠴᠡᠴᠡᠭ ᠨᠢ ᠬᠠᠮᠤᠭ ᠤ᠋ᠨ ᠳᠣᠣᠷᠠᠬᠢ ᠨᠢᠭᠡ ᠨᠠᠪᠴᠢᠨ ᠤ᠋ ᠨᠠᠪᠴᠢᠨ ᠲᠣᠭᠳᠣᠢ ᠶ᠋ᠢᠨ ᠪᠠᠭᠴᠠ ᠶ᠋ᠢᠨ ᠳᠣᠣᠷ᠎ᠠ ᠠ᠋ᠴᠠ ᠳᠡᠯᠭᠡᠷᠡᠨ᠎ᠡ᠃ ᠲᠦᠷᠦᠭᠦᠪᠴᠢ ᠰᠢᠭ ᠤᠷᠲᠤ ᠲᠣᠩᠭᠣᠷᠤᠤ ᠥᠨᠳᠡᠭᠡᠯᠵᠢᠨ ᠲᠣᠮᠣ ᠪᠠᠭᠯᠠᠭᠴᠢ ᠨᠢ40cm ᠬᠦᠷᠳᠡᠭ᠂ ᠭᠥᠯᠢᠭᠡᠷ᠃ ᠪᠠᠭ ᠴᠡᠴᠡᠭ ᠨᠢ ᠣᠯᠠᠨ ᠰᠠᠯᠠᠭᠠᠯᠠᠨ᠎ᠠ᠂ ᠴᠡᠴᠡᠭ ᠨᠢ ᠭᠠᠭᠴᠠ ᠪᠡᠯᠭᠡ ᠲᠡᠢ᠂ ᠨᠢᠭᠡ ᠬᠡᠷᠲᠡᠢ᠃ ᠡᠷ᠎ᠡ ᠴᠡᠴᠡᠭ ᠨᠢ ᠵᠢᠵᠢᠭ᠂ ᠣᠯᠠᠨ᠂ ᠪᠠᠷᠢᠭᠤᠯ ᠦᠭᠡᠢ᠂ ᠮᠥᠴᠢᠷ ᠦ᠋ᠨ ᠳᠡᠭᠡᠷ᠎ᠡ ᠬᠡᠰᠡᠭ ᠲᠦ᠍ ᠨᠢᠭᠲᠠ ᠨᠠᠭᠠᠯᠳᠤᠵᠤ ᠪᠠᠢᠳᠠᠭ᠂ ᠣᠯᠠᠩᠬᠢ ᠳ᠋ᠠᠭᠠᠨ ᠭᠠᠭᠴᠠᠭᠠᠷ ᠤᠷᠭᠤᠨ᠎ᠠ᠃ ᠴᠡᠴᠡᠭ ᠦ᠋ᠨ ᠰᠢᠳᠠᠷ ᠨᠢ6᠂ ᠵᠤᠵᠠᠭᠠᠨ ᠮᠥᠷᠲᠡᠭᠡᠨ ᠵᠢᠵᠢᠭ᠂ ᠭᠤᠷᠪᠠᠯᠵᠢᠨ ᠰᠢᠭ᠋ ᠥᠷᠭᠡᠨ ᠥᠨᠳᠡᠭᠡᠯᠵᠢᠨ ᠬᠡᠯᠪᠡᠷᠢ ᠲᠡᠢ᠃ ᠡᠷ᠎ᠡ ᠲᠣᠭᠣᠷᠴᠣᠭ ᠨᠢ6᠂ ᠳᠣᠬᠢᠭᠤᠷ ᠨᠢ ᠣᠬᠣᠷ᠂ ᠲᠣᠭᠣᠰᠣᠪᠴᠢ ᠨᠢ ᠰᠤᠮᠤᠨ ᠬᠡᠯᠪᠡᠷᠢ ᠲᠡᠢ᠂ ᠰᠢᠷᠬᠡᠭ ᠰᠢᠭ3 ᠳᠣᠷᠣᠢᠲᠠᠭᠰᠠᠨ ᠡᠮ᠎ᠡ ᠲᠣᠭᠣᠷᠴᠣᠭ ᠲᠠᠢ᠃ ᠡᠮ᠎ᠡ ᠴᠡᠴᠡᠭ ᠨᠢ ᠲᠣᠮᠣ ᠮᠥᠷᠲᠡᠭᠡᠨ ᠴᠥᠭᠡᠨ᠂ ᠪᠠᠷᠢᠭᠤᠯ ᠦᠭᠡᠢ᠂ ᠰᠠᠯᠠᠭ᠎ᠠ ᠮᠥᠴᠢᠷ ᠦ᠋ᠨ ᠬᠢᠨᠢ ᠳᠣᠣᠷ᠎ᠠ ᠬᠡᠰᠡᠭ ᠲᠦ᠍ ᠤᠷᠭᠤᠳᠠᠭ᠃ ᠴᠡᠴᠡᠭ ᠦ᠋ᠨ ᠰᠢᠳᠠᠷ ᠨᠢ6᠂2 ᠮᠥᠷ ᠢ᠋ᠶ᠋ᠡᠷ ᠵᠢᠭᠳᠡᠷᠡᠨ᠎ᠡ᠂ ᠭᠤᠷᠪᠠᠯᠵᠢᠨ ᠰᠢᠭ᠋ ᠥᠷᠭᠡᠨ ᠥᠨᠳᠡᠭᠡᠯᠵᠢᠨ ᠬᠡᠯᠪᠡᠷᠢ ᠲᠡᠢ᠂12~15mm ᠤᠷᠲᠤ᠂6 ᠳᠣᠷᠣᠢᠲᠠᠭᠰᠠᠨ ᠡᠷ᠎ᠡ ᠲᠣᠭᠣᠷᠴᠣᠭ ᠲᠠᠢ᠂ ᠣᠬᠣᠷ ᠮᠥᠷᠲᠡᠭᠡᠨ ᠵᠢᠵᠢᠭ3 ᠴᠡᠴᠡᠭ ᠦ᠋ᠨ ᠪᠠᠭᠠᠨ᠎ᠠ ᠲᠠᠢ᠂ ᠪᠠᠭᠠᠨ᠎ᠠ ᠶ᠋ᠢᠨ ᠠᠮᠠᠰᠠᠷ ᠨᠢ ᠵᠢᠵᠢᠭ᠃ ᠬᠠᠲᠠᠭᠤ ᠵᠢᠮᠢᠰ ᠨᠢ ᠥᠨᠳᠡᠭᠡᠯᠵᠢᠨ ᠪᠥᠭᠡᠷᠡᠩᠬᠡᠢ ᠪᠤᠶᠤ ᠤᠷᠲᠤᠯᠵᠢᠨ ᠲᠣᠭᠣᠷᠢᠭ᠂5~6cm ᠤᠷᠲᠤ᠂ ᠤᠭ ᠲᠤᠨᠢ ᠮᠥᠩᠬᠡ ᠣᠷᠣᠰᠢᠬᠤ ᠴᠡᠴᠡᠭ ᠦ᠋ᠨ ᠲᠣᠭᠳᠣᠢ ᠲᠠᠢ᠂ ᠪᠣᠯᠪᠠᠰᠤᠷᠠᠪᠠᠯ ᠵᠦᠷᠵᠢᠨ ᠰᠢᠷ᠎ᠠ ᠪᠣᠯᠳᠠᠭ᠃ ᠵᠢᠯ ᠳ᠋ᠦ᠍ ᠬᠣᠶᠠᠷ ᠤᠳᠠᠭ᠎ᠠ ᠴᠡᠴᠡᠭᠯᠡᠨ᠎ᠡ᠃3~8 ᠳ᠋ᠤᠭᠠᠷ ᠰᠠᠷ᠎ᠠ ᠳ᠋ᠤ᠌ ᠴᠡᠴᠡᠭᠯᠡᠵᠦ᠂ ᠡᠪᠦᠯ ᠦ᠋ᠨ ᠴᠡᠴᠡᠭ ᠨᠢ ᠵᠢᠮᠢᠰᠯᠡᠬᠦ ᠦᠭᠡᠢ᠃12 ᠳ᠋ᠤᠭᠠᠷ ᠰᠠᠷ᠎ᠠ ᠠ᠋ᠴᠠ ᠳᠠᠷᠠᠭ᠎ᠠ ᠵᠢᠯ ᠦ᠋ᠨ2 ᠰᠠᠷ᠎ᠠ ᠶ᠋ᠢᠨ ᠬᠣᠭᠣᠷᠣᠨᠳᠣ ᠵᠢᠮᠢᠰ ᠨᠢ ᠪᠣᠯᠪᠠᠰᠤᠷᠠᠨ᠎ᠠ᠃
[ ᠤᠷᠭᠤᠬᠤ ᠣᠷᠴᠢᠨ ᠬᠢᠭᠡᠳ ᠲᠠᠷᠬᠠᠴᠠ] ᠭᠣᠸᠠᠩᠳᠥ᠋ᠩ᠂ ᠬᠠᠢᠨᠠᠨ᠂ ᠹᠦᠵᠢᠶᠠᠨ᠂ ᠲᠠᠢᠸᠠᠨ᠂ ᠭᠤᠸᠠᠩᠰᠢ᠂ ᠶᠦᠨᠨᠠᠨ ᠵᠡᠷᠭᠡ ᠭᠠᠵᠠᠷ ᠣᠷᠣᠨ ᠳ᠋ᠤ᠌ ᠠᠷᠠᠴᠢᠯᠠᠨ ᠲᠠᠷᠢᠵᠤ ᠪᠠᠢᠨ᠎ᠠ᠃
[ ᠲᠡᠭᠦᠵᠦ ᠪᠣᠯᠪᠠᠰᠤᠷᠠᠭᠤᠯᠬᠤ] ᠡᠪᠦᠯ᠂ ᠬᠠᠪᠤᠷ ᠵᠢᠮᠢᠰ ᠨᠢ ᠪᠣᠯᠪᠠᠰᠤᠷᠠᠬᠤ ᠦᠶ᠎ᠡ ᠳ᠋ᠦ᠍ ᠲᠡᠭᠦᠵᠦ᠂ ᠵᠢᠮᠢᠰ ᠦ᠋ᠨ ᠬᠠᠯᠢᠰᠤ ᠶ᠋ᠢ ᠨᠢ ᠱᠠᠭᠠᠯᠵᠤ ᠬᠠᠶᠠᠭᠠᠳ᠂ ᠦᠷ᠎ᠡ ᠶ᠋ᠢ ᠨᠢ ᠭᠠᠷᠭᠠᠵᠤ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ᠂ ᠭᠤᠱᠤᠭᠤᠨ ᠠᠮᠲᠠ ᠲᠠᠢ᠂ ᠪᠦᠯᠢᠶᠡᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠬᠣᠷᠣᠬᠠᠢ ᠶ᠋ᠢ ᠠᠷᠢᠯᠭᠠᠬᠤ᠂ ᠪᠥᠭᠡᠷᠡᠨ ᠦ᠌ ᠬᠦᠢᠲᠡᠨ ᠬᠡᠢ ᠶ᠋ᠢ ᠠᠷᠢᠯᠭᠠᠬᠤ᠂ ᠪᠥᠭᠡᠷᠡᠨ ᠦ᠌ ᠲᠠᠮᠢᠷ ᠢ᠋ ᠰᠠᠢᠵᠢᠷᠠᠭᠤᠯᠬᠤ᠂ ᠰᠢᠭᠡᠯᠭᠡᠬᠦ᠂ ᠰᠢᠲᠦ ᠶ᠋ᠢ ᠰᠢᠮᠡᠵᠢᠭᠦᠯᠬᠦ ᠴᠢᠳᠠᠯ ᠲᠠᠢ᠂ ᠭᠣᠣᠯᠳᠠᠭᠤ ᠪᠥᠭᠡᠷᠡᠨ ᠦ᠌ ᠬᠡᠢ᠂ ᠪᠥᠭᠡᠷᠡᠨ ᠦ᠌ ᠠᠷᠬᠠᠭ᠂ ᠭᠣᠣᠯ ᠤ᠋ᠨ ᠬᠡᠢ᠂ ᠴᠠᠢᠪᠤᠷ ᠬᠠᠪᠤᠩ᠂ ᠡᠯᠢᠭᠡ ᠡᠴᠡ ᠴᠤᠪᠤᠷᠠᠭᠰᠠᠨ ᠤᠰᠤᠨ ᠬᠠᠪᠤᠩ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄槟榔
ᠠᠩᠭ᠌ᠯᠢ ᠨᠡᠷ᠎ᠡ᠄Areca catechu L.
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠤᠷᠠᠨᠴᠢᠮᠡᠭ
