ᠬᠦᠨᠴᠡᠯХүнцэлKhüntsel ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠦᠨᠴᠡᠯХүнцэлKhüntsel

ᠬᠦᠨᠴᠡᠯХүнцэлKhüntsel

2025-04-26

220

ᠬᠦᠨᠴᠡᠯ

   ᠲᠤᠰ ᠡᠮ ᠪᠣᠯ ᠬᠦᠨᠴᠡᠯ ᠦ᠋ᠨ ᠢᠵᠠᠭᠤᠷ ᠤ᠋ᠨ ᠤᠷᠭᠤᠮᠠᠯ ᠪᠣᠯᠬᠤ ᠬᠦᠨᠴᠡᠯ ᠪᠣᠯᠤᠨ ᠶᠦᠨᠨᠠᠨ ᠬᠦᠨᠴᠡᠯ ᠦ᠋ᠨ ᠪᠣᠯᠪᠠᠰᠤᠷᠠᠮᠠᠯ ᠦᠷ᠎ᠡ ᠮᠥᠨ᠃ ᠪᠠᠰᠠ ᠭᠣᠵᠢᠯᠠ ᠭᠡᠳᠡᠭ᠃
   [ ᠤᠤᠯ ᠤᠷᠭᠤᠮᠠᠯ]1. ᠬᠦᠨᠴᠡᠯ ᠲᠤᠷᠤᠭ ᠮᠣᠳᠣ᠃10~13m ᠥᠨᠳᠥᠷ᠂ ᠡᠰᠢ ᠨᠢ ᠰᠢᠯᠤᠭᠤᠨ᠂ ᠲᠣᠮᠣ᠂ ᠪᠤᠭᠤᠷᠤᠯ ᠬᠣᠯᠲᠣᠰᠣ ᠲᠠᠢ᠃ ᠨᠠᠪᠴᠢ ᠨᠢ ᠴᠢᠭᠲᠠᠯᠠᠨ ᠤᠷᠭᠤᠨ᠎ᠠ᠂ ᠨᠠᠪᠴᠢᠨ ᠪᠠᠷᠢᠭᠤᠯ ᠨᠢ4~6mm ᠤᠷᠲᠤ᠂ ᠨᠠᠪᠴᠢᠨ ᠢᠯᠲᠠᠰᠤ ᠨᠢ ᠰᠠᠷᠢᠰᠤᠯᠢᠭ᠂ ᠵᠤᠤᠪᠠᠩ᠂ ᠥᠨᠳᠡᠭᠡᠯᠵᠢᠨ ᠡᠴᠡ ᠥᠷᠭᠡᠨ ᠥᠨᠳᠡᠭᠡᠯᠵᠢᠨ ᠬᠡᠯᠪᠡᠷᠢ ᠲᠡᠢ᠂6~15cm ᠤᠷᠲᠤ᠂4~8.5cm ᠥᠷᠭᠡᠨ᠂ ᠱᠣᠪᠬᠣ ᠦᠵᠦᠭᠦᠷ ᠲᠡᠢ᠂ ᠲᠣᠭᠣᠷᠢᠭ ᠪᠤᠶᠤ ᠥᠷᠭᠡᠨ ᠱᠠᠭᠠᠨᠲᠠᠭ ᠤᠭ ᠲᠠᠢ᠂ ᠪᠦᠲᠦᠨ ᠬᠥᠪᠡᠭᠡ ᠲᠡᠢ᠃ ᠨᠠᠪᠴᠢᠨ ᠥᠪᠥᠷ ᠨᠢ ᠭᠦᠨ ᠤᠯᠠᠭᠠᠨ᠂ ᠠᠷᠤ ᠶ᠋ᠢᠨ ᠥᠩᠭᠡ ᠨᠢ ᠭᠦᠢᠬᠡᠨ᠂ ᠦᠰᠦ ᠦᠭᠡᠢ᠂5 ᠭᠣᠣᠯ ᠰᠤᠳᠠᠯ ᠲᠠᠢ᠂ ᠨᠠᠪᠴᠢᠨ ᠤ᠋ ᠠᠷᠤ ᠨᠢ ᠭᠦᠷᠪᠡᠢᠨ᠎ᠡ᠃ ᠴᠣᠮᠬᠠᠨ ᠪᠠᠭ ᠴᠡᠴᠡᠭ ᠨᠢ ᠮᠥᠴᠢᠷ ᠦ᠋ᠨ ᠣᠷᠣᠢ ᠳ᠋ᠤ᠌ ᠤᠷᠭᠤᠵᠤ ᠮᠠᠰᠢ ᠣᠯᠠᠨ ᠵᠢᠵᠢᠭ ᠴᠡᠴᠡᠭ ᠳᠡᠯᠭᠡᠷᠡᠨ᠎ᠡ᠃ ᠳ᠋ᠢᠶᠠᠮᠧᠲ᠋ᠷ ᠨᠢ2.5~5cm᠂ ᠵᠥᠭᠡᠯᠡᠨ ᠦᠰᠦ ᠲᠡᠢ᠃ ᠴᠡᠴᠡᠭ ᠦ᠋ᠨ ᠲᠣᠭᠳᠣᠢ ᠨᠢ ᠨᠣᠭᠣᠭᠠᠨ᠂5 ᠣᠨᠢ ᠲᠠᠢ᠂ ᠰᠡᠵᠢᠭᠦᠷ ᠢᠯᠲᠠᠰᠤ ᠨᠢ ᠥᠨᠳᠡᠭᠡᠯᠵᠢᠨ ᠲᠣᠭᠣᠷᠢᠭ ᠬᠡᠯᠪᠡᠷᠢ ᠲᠡᠢ᠂ ᠨᠢᠭ᠋ ᠣᠬᠣᠷ ᠵᠥᠭᠡᠯᠡᠨ ᠦᠰᠦ ᠲᠡᠢ᠃ ᠴᠡᠴᠡᠭ ᠦ᠋ᠨ ᠳᠡᠯᠪᠢ ᠨᠢ ᠬᠣᠭᠣᠯᠠᠢ ᠰᠢᠭ᠋᠂10~12mm ᠤᠷᠲᠤ᠂ ᠦᠵᠦᠭᠦᠷ ᠲᠤᠨᠢ5 ᠣᠨᠢ ᠲᠠᠢ᠂ ᠰᠡᠵᠢᠭᠦᠷ ᠢᠯᠲᠠᠰᠤ ᠨᠢ ᠥᠨᠳᠡᠭᠡᠯᠵᠢᠨ᠂2.5~4mm ᠤᠷᠲᠤ᠂ ᠮᠤᠬᠤᠷ ᠦᠵᠦᠭᠦᠷ ᠲᠡᠢ᠂ ᠴᠡᠴᠡᠭ ᠦ᠋ᠨ ᠳᠡᠯᠪᠢ ᠶ᠋ᠢᠨ ᠬᠣᠭᠣᠯᠠᠢ ᠶ᠋ᠢᠨ ᠳᠣᠲᠣᠷ᠎ᠠ ᠲᠠᠯ᠎ᠠ ᠶ᠋ᠢᠨ ᠤᠭ ᠣᠷᠴᠢᠮ ᠤᠷᠲᠤ ᠵᠥᠭᠡᠯᠡᠨ ᠦᠰᠦ ᠲᠡᠢ᠃5 ᠡᠷ᠎ᠡ ᠲᠣᠭᠣᠷᠴᠣᠭ ᠲᠠᠢ ᠪᠥᠭᠡᠳ ᠴᠡᠴᠡᠭ ᠦ᠋ᠨ ᠳᠡᠯᠪᠢ ᠶ᠋ᠢᠨ ᠬᠣᠭᠣᠯᠠᠢ ᠳᠣᠲᠣᠷ᠎ᠠ ᠤᠷᠭᠤᠨ᠎ᠠ᠃ ᠪᠠᠷᠤᠭ ᠳᠣᠬᠢᠭᠤᠷ ᠦᠭᠡᠢ᠃ ᠤᠮᠠᠢ ᠨᠢ ᠳᠡᠭᠡᠳᠦ ᠣᠷᠣᠨ ᠲᠠᠢ᠂ ᠥᠨᠳᠡᠭᠡᠯᠵᠢᠨ᠂ ᠴᠡᠴᠡᠭ ᠦ᠋ᠨ ᠪᠠᠭᠠᠨ᠎ᠠ ᠨᠢ ᠨᠠᠷᠢᠨ ᠤᠷᠲᠤ ᠪᠥᠭᠡᠳ ᠠᠮᠠᠰᠠᠷ ᠨᠢ ᠲᠣᠯᠣᠭᠠᠢ ᠬᠡᠯᠪᠡᠷᠢ ᠲᠡᠢ᠃ ᠰᠢᠭᠦᠰᠦᠯᠢᠭ ᠵᠢᠮᠢᠰ ᠨᠢ ᠪᠥᠮᠪᠦᠭᠡᠨ ᠬᠡᠯᠪᠡᠷᠢ ᠲᠡᠢ᠂ ᠳ᠋ᠢᠶᠠᠮᠧᠲ᠋ᠷ ᠨᠢ2.5~5cm᠂ ᠪᠣᠯᠪᠠᠰᠤᠷᠠᠪᠠᠯ ᠵᠦᠷᠵᠢᠨ ᠥᠩᠭᠡ ᠲᠡᠢ ᠪᠣᠯᠳᠠᠭ᠂2~5 ᠮᠥᠬᠥᠯᠢᠭ ᠦᠷ᠎ᠡ ᠲᠡᠢ᠂ ᠦᠷ᠎ᠡ ᠨᠢ ᠲᠠᠪᠠᠭ ᠬᠡᠯᠪᠡᠷᠢ ᠲᠡᠢ᠂ ᠳ᠋ᠢᠶᠠᠮᠧᠲ᠋ᠷ ᠨᠢ1~3cm᠂ ᠴᠠᠢᠪᠤᠷ ᠰᠢᠷ᠎ᠠ ᠥᠩᠭᠡ ᠲᠡᠢ᠂ ᠨᠢᠭ᠋ ᠴᠠᠢᠪᠤᠷ ᠦᠰᠦ ᠲᠡᠢ᠃ ᠬᠠᠪᠤᠷ᠂ ᠵᠤᠨ ᠴᠡᠴᠡᠭᠯᠡᠵᠦ᠂8 ᠳ᠋ᠤᠭᠠᠷ ᠰᠠᠷ᠎ᠠ ᠠ᠋ᠴᠠ ᠢᠷᠡᠬᠦ ᠵᠢᠯ ᠦ᠋ᠨ1 ᠳ᠋ᠦ᠍ᠭᠡᠷ ᠰᠠᠷ᠎ᠠ ᠶ᠋ᠢᠨ ᠬᠣᠭᠣᠷᠣᠨᠳᠣ ᠵᠢᠮᠢᠰᠯᠡᠨ᠎ᠡ᠃
   2. ᠶᠦᠨᠨᠠᠨ ᠬᠦᠨᠴᠡᠯ ᠮᠣᠳᠣᠯᠢᠭ ᠲᠣᠮᠣ ᠲᠡᠩᠰᠡᠯᠢᠭ ᠤᠷᠭᠤᠮᠠᠯ᠃ ᠤᠷᠲᠤ ᠨᠢ20m᠂ ᠬᠣᠯᠲᠣᠰᠣ ᠨᠢ ᠴᠠᠢᠪᠤᠷ ᠴᠠᠭᠠᠨ ᠥᠩᠭᠡ ᠲᠡᠢ᠃ ᠵᠢᠵᠢᠭ ᠮᠥᠴᠢᠷ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠭᠠᠭᠴᠠᠭᠠᠷ ᠪᠤᠶᠤ ᠬᠣᠣᠰᠯᠠᠵᠤ ᠱᠤᠷᠠᠭ ᠬᠡᠯᠪᠡᠷᠢ ᠶ᠋ᠢᠨ ᠮᠤᠷᠤᠢ ᠭᠣᠬ᠎ᠠ ᠪᠣᠯᠵᠤ ᠬᠤᠪᠢᠷᠠᠳᠠᠭ᠃ ᠨᠠᠪᠴᠢ ᠨᠢ ᠴᠢᠭᠲᠠᠯᠠᠨ᠎ᠠ᠃ ᠨᠠᠪᠴᠢᠨ ᠪᠠᠷᠢᠭᠤᠯ ᠨᠢ5~7mm ᠤᠷᠲᠤ᠃ ᠨᠠᠪᠴᠢᠨ ᠢᠯᠲᠠᠰᠤ ᠨᠢ ᠬᠥᠳᠥᠰᠥᠯᠢᠭ᠂ ᠵᠤᠤᠪᠠᠩ ᠠ᠋ᠴᠠ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂7~12cm ᠤᠷᠲᠤ᠂3~4.5cm ᠥᠷᠭᠡᠨ᠂ ᠬᠤᠷᠴᠠ ᠱᠣᠪᠬᠣ ᠪᠤᠶᠤ ᠱᠣᠪᠲᠣᠭᠣᠷ ᠦᠵᠦᠭᠦᠷ ᠲᠡᠢ᠂ ᠱᠠᠭᠠᠨᠲᠠᠭ ᠪᠤᠶᠤ ᠲᠣᠭᠣᠷᠢᠭ ᠰᠢᠭ᠋ ᠤᠭ ᠲᠠᠢ᠂ ᠪᠦᠲᠦᠨ ᠬᠥᠪᠡᠭᠡ ᠲᠡᠢ᠃ ᠬᠣᠶᠠᠷ ᠲᠠᠯ᠎ᠠ ᠨᠢ ᠭᠥᠯᠢᠭᠡᠷ ᠦᠰᠦ ᠦᠭᠡᠢ᠃ ᠭᠤᠷᠪᠠᠳᠠᠭᠰᠠᠨ ᠤᠭ ᠠ᠋ᠴᠠ ᠰᠠᠯᠤᠭᠰᠠᠨ ᠨᠠᠪᠴᠢᠨ ᠰᠤᠳᠠᠯ ᠲᠠᠢ᠂ ᠠᠷᠤ ᠳ᠋ᠤᠨᠢ ᠭᠦᠳᠦᠢᠨ᠎ᠡ᠃ ᠱᠣᠷᠣᠯᠵᠢᠨ ᠴᠣᠮᠬᠠᠨ ᠪᠠᠭ ᠴᠡᠴᠡᠭ ᠣᠷᠣᠢ ᠳ᠋ᠤᠨᠢ ᠳᠡᠯᠭᠡᠷᠡᠨ᠎ᠡ᠂ ᠪᠠᠷᠤᠭ4cm ᠤᠷᠲᠤ᠃ ᠶᠡᠷᠦᠩᠬᠡᠢ ᠴᠡᠴᠡᠭ ᠦ᠋ᠨ ᠪᠠᠷᠢᠭᠤᠯ ᠪᠠ ᠵᠢᠵᠢᠭ ᠴᠡᠴᠡᠭ ᠦ᠋ᠨ ᠪᠠᠷᠢᠭᠤᠯ ᠳᠡᠭᠡᠷ᠎ᠡ ᠣᠬᠣᠷ ᠵᠥᠭᠡᠯᠡᠨ ᠦᠰᠦ ᠲᠡᠢ᠂ ᠴᠡᠴᠡᠭ ᠦ᠋ᠨ ᠲᠣᠭᠳᠣᠢ ᠨᠢ ᠨᠣᠭᠣᠭᠠᠨ ᠥᠩᠭᠡ ᠲᠡᠢ᠂ ᠦᠵᠦᠭᠦᠷ ᠨᠢ5 ᠣᠨᠢ ᠲᠠᠢ᠂ ᠰᠡᠵᠢᠭᠦᠷ ᠢᠯᠲᠠᠰᠤ ᠨᠢ ᠥᠨᠳᠡᠭᠡᠯᠵᠢᠨ ᠬᠡᠯᠪᠡᠷᠢ ᠲᠡᠢ᠂ ᠭᠠᠳᠠᠷ ᠲᠠᠯ᠎ᠠ ᠳ᠋ᠤᠨᠢ ᠶᠠᠯᠢᠮ ᠦᠭᠡᠢ ᠦᠰᠦ ᠲᠡᠢ᠂ ᠬᠥᠪᠡᠭᠡ ᠪᠡᠷ ᠨᠢ ᠰᠣᠷᠮᠤᠤᠰᠤ ᠦᠰᠦ ᠲᠡᠢ᠃ ᠴᠡᠴᠡᠭ ᠦ᠋ᠨ ᠳᠡᠯᠪᠢ ᠨᠢ ᠬᠣᠭᠣᠯᠠᠢ ᠬᠡᠯᠪᠡᠷᠢ ᠲᠡᠢ᠂ ᠰᠢᠷᠠᠪᠲᠤᠷ ᠴᠠᠭᠠᠨ ᠥᠩᠭᠡ ᠲᠡᠢ᠂ ᠪᠠᠷᠤᠭ10mm ᠤᠷᠲᠤ᠂ ᠦᠵᠦᠭᠦᠷ ᠨᠢ5 ᠣᠨᠢ ᠲᠠᠢ᠂ ᠰᠡᠵᠢᠭᠦᠷ ᠢᠯᠲᠠᠰᠤ ᠨᠢ ᠥᠨᠳᠡᠭᠡᠯᠵᠢᠨ ᠬᠡᠯᠪᠡᠷᠢ ᠲᠡᠢ᠂ ᠪᠠᠷᠤᠭ4mm ᠤᠷᠲᠤ᠂ ᠳᠣᠲᠣᠷ᠎ᠠ ᠲᠠᠯ᠎ᠠ ᠶ᠋ᠢᠨ ᠤᠭ ᠤ᠋ᠨ ᠬᠡᠰᠡᠭ  ᠲᠤᠨᠢ ᠵᠥᠭᠡᠯᠡᠨ ᠦᠰᠦ ᠲᠡᠢ᠃ ᠡᠷ᠎ᠡ ᠲᠣᠭᠣᠷᠴᠣᠭ ᠨᠢ5᠂ ᠴᠡᠴᠡᠭ ᠦ᠋ᠨ ᠬᠡᠯᠲᠡᠰ ᠦ᠋ᠨ ᠬᠣᠭᠣᠯᠠᠢ ᠶ᠋ᠢᠨ ᠬᠡᠰᠡᠭ ᠲᠦ᠍ ᠤᠷᠭᠤᠨ᠎ᠠ᠂ ᠴᠡᠴᠡᠭ ᠦ᠋ᠨ ᠳᠣᠬᠢᠭᠤᠷ ᠨᠢ ᠮᠠᠰᠢ ᠪᠣᠭᠣᠨᠢ᠂ ᠲᠣᠭᠣᠰᠣᠪᠴᠢ ᠨᠢ ᠶᠠᠯᠢᠮ ᠦᠭᠡᠢ ᠢᠯᠡ᠃ ᠡᠮ᠎ᠡ ᠲᠣᠭᠣᠷᠴᠣᠭ ᠨᠢ ᠪᠠᠷᠤᠭ8mm ᠤᠷᠲᠤ᠂ ᠴᠡᠴᠡᠭ ᠦ᠋ᠨ ᠪᠠᠭᠠᠨ᠎ᠠ ᠨᠢ ᠨᠠᠷᠢᠨ ᠤᠷᠲᠤ᠂ ᠪᠠᠭᠠᠨ᠎ᠠ ᠶ᠋ᠢᠨ ᠠᠮᠠᠰᠠᠷ ᠨᠢ ᠲᠣᠯᠣᠭᠠᠢ ᠬᠡᠯᠪᠡᠷᠢ ᠲᠡᠢ᠃ ᠤᠮᠠᠢ ᠨᠢ ᠢᠪᠴᠤᠤ ᠥᠨᠳᠡᠭᠡᠯᠵᠢᠨ ᠬᠡᠯᠪᠡᠷᠢ ᠲᠡᠢ᠃ ᠰᠢᠭᠦᠰᠦᠯᠢᠭ ᠵᠢᠮᠢᠰ ᠨᠢ ᠪᠥᠮᠪᠦᠭᠡᠨ ᠬᠡᠯᠪᠡᠷᠢ ᠲᠡᠢ᠂ ᠳ᠋ᠢᠶᠠᠮᠧᠲ᠋ᠷ ᠨᠢ4~6cm᠂ ᠪᠣᠯᠪᠠᠰᠤᠷᠠᠪᠠᠯ ᠵᠦᠷᠵᠢᠨ ᠤᠯᠠᠭᠠᠨ ᠥᠩᠭᠡ ᠲᠡᠢ ᠪᠣᠯᠳᠠᠭ᠃ ᠦᠷ᠎ᠡ ᠨᠢ ᠤᠷᠲᠤᠯᠵᠢᠨ ᠲᠣᠭᠣᠷᠢᠭ ᠬᠡᠯᠪᠡᠷᠢ ᠲᠡᠢ᠂2~3cm ᠤᠷᠲᠤ᠂ ᠬᠠᠪᠲᠠᠭᠠᠢ ᠬᠡᠯᠪᠡᠷᠢ ᠲᠡᠢ᠂ ᠭᠦᠢᠬᠡᠨ ᠴᠠᠢᠪᠤᠷ ᠥᠩᠭᠡ ᠲᠡᠢ ᠲᠣᠷᠭᠠᠨ ᠦᠰᠦ ᠲᠡᠢ᠃4~6 ᠳ᠋ᠤᠭᠠᠷ ᠰᠠᠷ᠎ᠠ ᠳ᠋ᠤ᠌ ᠴᠡᠴᠡᠭᠯᠡᠵᠦ᠂8 ᠳ᠋ᠤᠭᠠᠷ ᠰᠠᠷ᠎ᠠ ᠠ᠋ᠴᠠ ᠳᠠᠷᠠᠭ᠎ᠠ ᠵᠢᠯ ᠦ᠋ᠨ1 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠬᠠᠯᠠᠭᠤᠨ ᠪᠦᠰᠡ᠂ ᠳᠡᠳ᠋ ᠬᠠᠯᠠᠭᠤᠨ ᠪᠦᠰᠡ ᠶ᠋ᠢᠨ ᠪᠠᠯᠠᠷ ᠣᠢ ᠳ᠋ᠤ᠌ ᠤᠷᠭᠤᠨ᠎ᠠ᠃ ᠹᠦᠵᠢᠶᠠᠨ᠂ ᠲᠠᠢᠸᠠᠨ᠂ᠭᠤᠸᠠᠩᠳ᠋ᠥ᠋ᠩ᠂ ᠬᠠᠢᠨᠠᠨ᠂ ᠭᠤᠸᠠᠩᠰᠢ᠂ ᠶᠦᠨᠨᠠᠨ ᠵᠡᠷᠭᠡ ᠭᠠᠵᠠᠷ ᠣᠷᠣᠨ ᠳ᠋ᠤ᠌ ᠲᠠᠷᠢᠵᠤ ᠪᠠᠢᠨ᠎ᠠ᠃ ᠶᠦᠨᠨᠠᠨ ᠬᠦᠨᠴᠡᠯ ᠪᠣᠯ ᠳᠠᠯᠠᠢ ᠶ᠋ᠢᠨ ᠲᠦᠪᠰᠢᠨ ᠡᠴᠡ600m ᠠ᠋ᠴᠠ ᠳᠣᠭᠣᠭᠰᠢᠬᠢ ᠨᠡᠯᠢᠶᠡᠳ ᠪᠦᠭᠴᠢᠮ ᠬᠠᠯᠠᠭᠤᠨ ᠠᠭᠤᠯᠠ ᠬᠥᠲᠥᠯ ᠦ᠋ᠨ ᠬᠣᠲᠣᠭᠣᠷ᠂ ᠠᠭᠤᠯᠠᠨ ᠭᠣᠣ ᠶ᠋ᠢᠨ ᠴᠢᠭᠢᠭᠯᠢᠭ ᠬᠡᠰᠡᠭ ᠪᠣᠯᠤᠨ ᠬᠣᠯᠢᠮᠠᠭ ᠣᠢ ᠵᠢᠴᠢ ᠮᠣᠳᠣᠨ ᠳᠤᠮᠳᠠ ᠤᠷᠭᠤᠨ᠎ᠠ᠃ ᠶᠦᠨᠨᠠᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠨᠠᠮᠤᠷ ᠪᠣᠯᠪᠠᠰᠤᠷᠠᠭᠰᠠᠨ ᠵᠢᠮᠢᠰ ᠢ᠋ ᠨᠢ ᠲᠡᠭᠦᠵᠦ᠂ ᠦᠷ᠎ᠡ ᠶ᠋ᠢ ᠨᠢ ᠭᠠᠷᠭᠠᠵᠤ ᠠᠪᠤᠭᠠᠳ ᠨᠠᠭᠠᠯᠳᠤᠵᠤ ᠪᠦᠬᠦᠢ ᠵᠢᠮᠢᠰ ᠦ᠋ᠨ ᠮᠢᠬ᠎ᠠ ᠶ᠋ᠢ ᠨᠢ ᠤᠬᠢᠶᠠᠨ ᠴᠡᠪᠡᠷᠯᠡᠵᠦ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠃ ᠰᠡᠷᠢᠭᠦᠨ ᠴᠢᠨᠠᠷ ᠲᠠᠢ᠃ ᠬᠥᠩᠭᠡᠨ᠂ ᠮᠣᠬᠣᠳᠠᠭ ᠡᠷᠳᠡᠮ ᠲᠡᠢ᠃ ᠬᠣᠣᠷ ᠲᠠᠢ᠃
   [ ᠴᠢᠳᠠᠯ ᠪᠠ ᠭᠣᠣᠯᠳᠠᠭᠤ ᠵᠠᠰᠠᠬᠤ] ᠠᠮᠢᠰᠬᠤᠯ ᠢ᠋ ᠠᠭᠤᠵᠢᠷᠠᠭᠤᠯᠬᠤ᠂ ᠬᠠᠯᠠᠭᠤᠨ ᠢ᠋ ᠠᠷᠢᠯᠭᠠᠬᠤ᠂ ᠬᠠᠳᠬᠤᠯᠭ᠎ᠠ ᠶ᠋ᠢ ᠳᠠᠷᠤᠬᠤ᠂ ᠬᠣᠣᠷ ᠢ᠋ ᠲᠠᠢᠯᠬᠤ ᠴᠢᠳᠠᠯ ᠲᠠᠢ᠃ ᠭᠣᠣᠯᠳᠠᠭᠤ ᠬᠡᠢ ᠴᠢᠰᠤ ᠬᠢᠮᠤᠷᠠᠭᠰᠠᠨ᠂ ᠠᠭᠰᠠᠭ᠎ᠠ᠂ ᠭᠠᠯᠵᠠᠭᠤ ᠶ᠋ᠢᠨ ᠬᠣᠣᠷ᠂ ᠥᠷᠭᠡᠰᠦᠲᠦ ᠪᠣᠭᠣᠮ᠎ᠠ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
   [ ᠠᠩᠬᠠᠷᠤᠯ] ᠵᠢᠷᠮᠦᠰᠦᠨ ᠡᠮᠡᠭᠲᠡᠢ ᠳ᠋ᠦ᠍ ᠴᠡᠭᠡᠷᠯᠡᠨ᠎ᠡ᠃ ᠬᠡᠮᠵᠢᠶ᠎ᠡ ᠶ᠋ᠢ ᠨᠢ ᠬᠡᠲᠦᠷᠡᠭᠦᠯᠬᠦ ᠪᠤᠶᠤ ᠤᠷᠲᠤ ᠬᠤᠭᠤᠴᠠᠭ᠎ᠠ ᠪᠠᠷ ᠬᠡᠷᠡᠭᠯᠡᠵᠦ ᠪᠣᠯᠬᠤ ᠦᠭᠡᠢ᠃

   ᠬᠢᠲᠠᠳ ᠨᠡᠷ᠎ᠡ᠄马钱子(马钱 云南马钱)
   ᠠᠩᠭ᠌ᠯᠢ ᠨᠡᠷ᠎ᠡ᠄Strychnos nux — uomica L. Strychnos pierriana A. W. Hill

   ᠦᠰᠦᠭ ᠠᠮᠢᠯᠠᠭᠤᠯᠤᠭᠴᠢ᠄ ᠲᠣᠣᠬᠣᠸᠠᠷ
   ᠬᠢᠨᠠᠭᠴᠢ᠄ ᠣᠶᠤᠨᠴᠢᠮᠡᠭ ᠲᠤᠶᠠᠭ᠎ᠠ