ᠭᠦᠨᠵᠢᠳГүнжидGünjid
ᠭᠦᠨᠵᠢᠳ
ᠲᠤᠰ ᠡᠮ ᠪᠣᠯ ᠮᠠᠭᠠᠵᠢ ᠶ᠋ᠢᠨ ᠢᠵᠠᠭᠤᠷ ᠤ᠋ᠨ ᠤᠷᠭᠤᠮᠠᠯ ᠪᠣᠯᠬᠤ ᠮᠠᠭᠠᠵᠢ ᠶ᠋ᠢᠨ ᠬᠠᠲᠠᠭᠠᠭᠰᠠᠨ ᠪᠣᠯᠪᠠᠰᠤᠷᠠᠮᠠᠯ ᠦᠷ᠎ᠡ ᠮᠥᠨ᠃ ᠪᠠᠰᠠ ᠳ᠋ᠢᠯ ᠭᠡᠳᠡᠭ᠃
[ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃1m ᠥᠨᠳᠥᠷ᠂ ᠡᠰᠢ ᠨᠢ ᠰᠢᠯᠤᠭᠤᠨ᠂ ᠳᠥᠷᠪᠡᠯᠵᠢᠨ ᠪᠥᠭᠡᠳ ᠪᠦᠬᠦ ᠪᠡᠶ᠎ᠡ ᠳ᠋ᠦ᠍ᠨᠢ ᠦᠰᠦ ᠲᠡᠢ᠃ ᠨᠠᠪᠴᠢ ᠨᠢ ᠴᠢᠭᠲᠠᠯᠠᠬᠤ ᠪᠤᠶᠤ ᠳᠡᠭᠡᠳᠦ ᠬᠡᠰᠡᠭ ᠲᠡᠭᠡᠨ ᠴᠤᠪᠤᠷᠠᠨ᠎ᠠ᠂ ᠥᠨᠳᠡᠭᠡᠯᠵᠢᠨ᠂ ᠤᠷᠲᠤᠯᠵᠢᠨ ᠲᠣᠭᠣᠷᠢᠭ ᠪᠤᠶᠤ ᠬᠠᠪᠲᠠᠭᠠᠢ ᠲᠡᠪᠡᠨᠡ ᠬᠡᠯᠪᠡᠷᠢ ᠲᠡᠢ᠂3 ~ 10cm ᠤᠷᠲᠤ᠂ ᠳᠡᠭᠡᠳᠦ ᠬᠡᠰᠡᠭ ᠦ᠋ᠨ ᠬᠢᠨᠢ ᠨᠠᠪᠴᠢ ᠨᠢ ᠶᠡᠷᠦ ᠳ᠋ᠡᠭᠡᠨ ᠬᠠᠪᠲᠠᠭᠠᠢ ᠬᠡᠯᠪᠡᠷᠢ ᠲᠡᠢ᠂ ᠪᠦᠲᠦᠨ ᠰᠢᠬᠠᠭᠤ ᠬᠥᠪᠡᠭᠡ ᠲᠡᠢ᠂ ᠳᠤᠮᠳᠠ ᠬᠡᠰᠡᠭ ᠦ᠋ᠨ ᠬᠢᠨᠢ ᠡᠮᠲᠡᠷᠬᠡᠢ ᠲᠡᠢ᠂ ᠳᠣᠣᠷᠠᠲᠤ ᠬᠡᠰᠡᠭ ᠦ᠋ᠨ ᠬᠢᠨᠢ ᠠᠯᠠᠭᠠᠯᠢᠭ3 ᠣᠨᠢ ᠲᠠᠢ᠃ ᠨᠠᠪᠴᠢᠨ ᠪᠠᠷᠢᠭᠤᠯ ᠨᠢ1.5 ~ 5cm ᠤᠷᠲᠤ᠃ ᠴᠡᠴᠡᠭ ᠨᠢ ᠭᠠᠭᠴᠠᠭᠠᠷ ᠪᠤᠶᠤ2 ~ 3 ᠬᠦᠢᠰ ᠢ᠋ᠶ᠋ᠡᠷ ᠨᠠᠪᠴᠢᠨ ᠥᠪᠥᠷ ᠲᠤᠨᠢ ᠳᠡᠯᠭᠡᠷᠡᠨ᠎ᠡ᠃ ᠪᠠᠷᠢᠭᠤᠯ ᠲᠠᠢ᠃ ᠲᠣᠭᠳᠣᠢ ᠢᠯᠲᠠᠰᠤ ᠨᠢ5 ᠣᠨᠢ ᠲᠠᠢ᠂ ᠰᠡᠵᠢᠭᠦᠷ ᠢᠯᠲᠠᠰᠤ ᠨᠢ ᠬᠠᠪᠲᠠᠭᠠᠢ ᠲᠡᠪᠡᠨᠡ ᠬᠡᠯᠪᠡᠷᠢ ᠲᠡᠢ᠂6mm ᠣᠷᠴᠢᠮ ᠤᠷᠲᠤ᠃ ᠴᠡᠴᠡᠭ ᠦ᠋ᠨ ᠳᠡᠯᠪᠢ ᠨᠢ ᠬᠣᠭᠣᠯᠠᠢ ᠰᠢᠭ᠋᠂2.5 ~ 3cm ᠤᠷᠲᠤ᠂ ᠵᠥᠭᠡᠯᠡᠨ ᠦᠰᠦ ᠲᠡᠢ᠂ ᠴᠠᠭᠠᠨ ᠥᠩᠭᠡ ᠲᠡᠢ᠂ ᠭᠦᠢᠬᠡᠨ ᠪᠣᠷᠣᠪᠲᠤᠷ ᠤᠯᠠᠭᠠᠨ ᠪᠤᠶᠤ ᠰᠢᠷ᠎ᠠ ᠥᠩᠭᠡ ᠠᠯᠠᠭᠯᠠᠵᠤ ᠪᠠᠢᠳᠠᠭ᠃2 ᠨᠢ ᠲᠣᠷᠨᠢᠭᠤᠨ4 ᠡᠷ᠎ᠡ ᠲᠣᠭᠣᠷᠴᠣᠭ ᠲᠠᠢ᠂ ᠲᠣᠭᠣᠰᠣᠪᠴᠢ ᠨᠢ ᠰᠢᠷ᠎ᠠ ᠥᠩᠭᠡ ᠲᠡᠢ᠂ ᠤᠭ ᠢ᠋ᠶ᠋ᠠᠷ ᠢ᠋ᠶ᠋ᠠᠨ ᠲᠣᠭᠲᠠᠵᠤ᠂ ᠰᠤᠮᠤᠨ ᠬᠡᠯᠪᠡᠷᠢ ᠲᠡᠢ ᠪᠠᠢᠳᠠᠭ᠃ ᠳᠣᠬᠢᠭᠤᠷ ᠨᠢ ᠬᠠᠪᠲᠠᠭᠠᠢ᠂ ᠨᠢᠮᠭᠡᠨ ᠴᠠᠭᠠᠰᠤᠯᠢᠭ᠃1 ᠡᠮ᠎ᠡ ᠲᠣᠭᠣᠷᠴᠣᠭ ᠲᠠᠢ᠂ ᠤᠮᠠᠢ ᠨᠢ ᠪᠥᠭᠡᠷᠡᠩᠬᠡᠢ ᠱᠣᠷᠣᠯᠵᠢᠨ ᠬᠡᠯᠪᠡᠷᠢ ᠲᠡᠢ᠂ ᠡᠬᠢᠨ ᠳ᠋ᠡᠭᠡᠨ ᠬᠠᠭᠤᠷᠮᠠᠭ4 ᠲᠠᠰᠤᠭ ᠲᠠᠢ ᠪᠣᠯᠪᠠᠴᠤ ᠪᠣᠯᠪᠠᠰᠤᠷᠠᠪᠠᠯ2 ᠲᠠᠰᠤᠭ ᠲᠠᠢ ᠪᠣᠯᠳᠠᠭ᠃ ᠨᠢᠭ ᠴᠠᠭᠠᠨ ᠵᠥᠭᠡᠯᠡᠨ ᠦᠰᠦ ᠲᠡᠢ᠂ ᠴᠡᠴᠡᠭ ᠦ᠋ᠨ ᠪᠠᠭᠠᠨ᠎ᠠ ᠨᠢ ᠪᠦᠰᠡ ᠬᠡᠯᠪᠡᠷᠢ ᠲᠡᠢ᠂ ᠪᠠᠭᠠᠨ᠎ᠠ ᠶ᠋ᠢᠨ ᠠᠮᠠᠰᠠᠷ ᠨᠢ2 ᠣᠨᠢ ᠲᠠᠢ᠂ ᠨᠢᠮᠭᠡᠨ ᠴᠠᠭᠠᠰᠤᠯᠢᠭ᠃ ᠬᠣᠩᠭᠣᠷᠴᠣᠭᠲᠤ ᠵᠢᠮᠢᠰ ᠨᠢ4 ᠢᠷᠮᠡᠭ ᠲᠡᠢ᠂6 ᠪᠤᠶᠤ8 ᠢᠷᠮᠡᠭ ᠲᠡᠢ ᠴᠦ᠍ ᠪᠠᠢᠳᠠᠭ᠃ ᠤᠷᠲᠤ ᠲᠣᠭᠣᠷᠢᠭ ᠬᠣᠭᠣᠯᠠᠢ ᠰᠢᠭ᠋᠂2.5cm ᠣᠷᠴᠢᠮ ᠤᠷᠲᠤ᠂ ᠬᠠᠷ᠎ᠠ ᠬᠦᠷᠡᠩ ᠥᠩᠭᠡ ᠲᠡᠢ᠃ ᠣᠬᠣᠷ ᠪᠠᠷᠢᠭᠤᠯ ᠲᠠᠢ᠂ ᠴᠠᠭᠠᠨ ᠥᠩᠭᠡᠲᠦ ᠵᠥᠭᠡᠯᠡᠨ ᠦᠰᠦ ᠢᠬᠴᠤ ᠪᠦᠷᠬᠦᠵᠦ ᠪᠣᠢ᠃ ᠴᠡᠴᠡᠭ ᠦ᠋ᠨ ᠲᠣᠭᠳᠣᠢ ᠨᠢ ᠮᠥᠩᠬᠡ ᠣᠷᠣᠰᠢᠨ᠎ᠠ᠃ ᠣᠯᠠᠨ ᠥᠨᠳᠡᠭᠡᠯᠵᠢᠨ ᠬᠡᠯᠪᠡᠷᠢᠲᠦ ᠦᠷ᠎ᠡ ᠲᠡᠢ᠂ ᠦᠵᠦᠭᠦᠷ ᠨᠢ ᠥᠴᠦᠬᠡᠨ ᠭᠦᠳᠦᠭᠦᠷ ᠱᠣᠪᠬᠣ᠂ ᠬᠠᠷ᠎ᠠ᠂ ᠴᠠᠭᠠᠨ ᠪᠤᠶᠤ ᠰᠢᠷᠠᠪᠲᠤᠷ ᠥᠩᠭᠡ ᠲᠡᠢ᠃6 ~ 8 ᠳ᠋ᠤᠭᠠᠷ ᠰᠠᠷ᠎ᠠ ᠳ᠋ᠤ᠌ ᠴᠡᠴᠡᠭᠯᠡᠵᠦ᠂8 ~ 9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠪᠦᠬᠦ ᠤᠯᠤᠰ ᠤ᠋ᠨ ᠡᠯ᠎ᠡ ᠭᠠᠵᠠᠷ ᠲᠤ᠌ ᠴᠥᠮ ᠠᠷᠠᠴᠢᠯᠠᠨ ᠲᠠᠷᠢᠵᠤ ᠪᠣᠢ᠃
[ ᠲᠡᠭᠦᠵᠦ ᠪᠣᠯᠪᠠᠰᠤᠷᠠᠭᠤᠯᠬᠤ]8 ~ 9 ᠳ᠋ᠦ᠍ᠭᠡᠷ ᠰᠠᠷ᠎ᠠ ᠶ᠋ᠢᠨ ᠬᠣᠭᠣᠷᠣᠨᠳᠣ ᠵᠢᠮᠢᠰ ᠨᠢ ᠰᠢᠷᠠᠪᠲᠤᠷ ᠬᠠᠷ᠎ᠠ ᠥᠩᠭᠡ ᠲᠡᠢ ᠪᠣᠯᠬᠤ ᠳ᠋ᠤᠨᠢ ᠬᠠᠳᠤᠵᠤ ᠠᠪᠤᠭᠠᠳ ᠵᠢᠵᠢᠭ ᠪᠣᠭᠣᠵᠢᠯᠠᠨ᠂ ᠣᠷᠣᠢ ᠶ᠋ᠢ ᠨᠢ ᠳᠡᠭᠡᠭᠰᠢ ᠬᠠᠨᠳᠤᠭᠤᠯᠤᠨ᠂ ᠨᠠᠷᠠᠨ ᠳ᠋ᠤ᠌ ᠬᠠᠲᠠᠭᠠᠭᠰᠠᠨ ᠤ᠋ ᠰᠡᠭᠦᠯᠡᠷ ᠦᠷ᠎ᠡ ᠶ᠋ᠢ ᠨᠢ ᠭᠦᠪᠢᠵᠦ ᠠᠪᠤᠭᠠᠳ ᠠᠷᠢᠯᠭᠠᠨ ᠴᠡᠪᠡᠷᠯᠡᠨ᠎ᠡ᠃
[ ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ᠂ ᠪᠦᠯᠢᠶᠡᠨ ᠴᠢᠨᠠᠷ ᠲᠠᠢ᠂ ᠲᠣᠰᠣᠯᠢᠭ᠂ ᠬᠦᠨᠳᠦ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠡᠢ ᠶ᠋ᠢ ᠳᠠᠷᠤᠬᠤ᠂ ᠠᠷᠠᠰᠤ ᠶ᠋ᠢ ᠵᠥᠭᠡᠯᠡᠷᠡᠭᠦᠯᠬᠦ᠂ ᠬᠦᠴᠦᠵᠢᠭᠦᠯᠬᠦ᠂ ᠪᠡᠲᠡᠭᠢ ᠶ᠋ᠢ ᠡᠪᠳᠡᠬᠦ᠂ ᠢᠯᠴᠢ ᠶ᠋ᠢ ᠰᠡᠯᠪᠢᠬᠦ᠂ ᠲᠠᠢᠳᠬᠤᠷᠠᠭᠤᠯᠬᠤ ᠴᠢᠳᠠᠯ ᠲᠠᠢ᠃ ᠭᠣᠣᠯᠳᠠᠭᠤ ᠬᠡᠢ ᠡᠪᠡᠳᠴᠢᠨ᠂ ᠰᠠᠪᠠᠨ ᠤ᠋ ᠪᠡᠲᠡᠭᠢ᠂ ᠬᠣᠷᠭᠣᠰᠤ ᠬᠠᠲᠠᠬᠤ᠂ ᠳᠤᠰᠤᠯ ᠠᠯᠳᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄芝麻
ᠠᠩᠭ᠌ᠯᠢ ᠨᠡᠷ᠎ᠡ᠄Sesanum indicum L.
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠣᠶᠤᠨᠴᠢᠮᠡᠭ
