ᠮᠠᠩᠭᠤᠤᠷ ᠵᠢᠮᠢᠰМангуур жимсManguur jims ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠠᠩᠭᠤᠤᠷ ᠵᠢᠮᠢᠰМангуур жимсManguur jims

ᠮᠠᠩᠭᠤᠤᠷ ᠵᠢᠮᠢᠰМангуур жимсManguur jims

2025-04-28

252

ᠮᠠᠩᠭᠤᠤᠷ ᠵᠢᠮᠢᠰ

   ᠲᠤᠰ ᠡᠮ ᠪᠣᠯ ᠨᠢᠮᠪᠠ ᠮᠣᠳᠣᠨ ᠤ᠋ ᠢᠵᠠᠭᠤᠷ ᠤ᠋ᠨ ᠤᠷᠭᠤᠮᠠᠯ ᠪᠣᠯᠬᠤ ᠮᠠᠩᠭᠤᠤᠷ ᠵᠢᠮᠢᠰ ᠦ᠋ᠨ ᠪᠣᠯᠪᠠᠰᠤᠷᠠᠮᠠᠯ ᠦᠷ᠎ᠡ ᠶ᠋ᠢᠨ ᠴᠥᠮ᠎ᠡ ᠮᠥᠨ᠃ ᠪᠠᠰᠠ ᠠᠪᠠᠷᠠᠢ᠂ ᠱᠠᠪᠠᠷᠠᠢ ᠭᠡᠳᠡᠭ᠃
   [ ᠤᠤᠯ ᠤᠷᠭᠤᠮᠠᠯ] ᠮᠥᠩᠬᠡ ᠬᠥᠬᠡᠷᠡᠭᠴᠢ ᠲᠤᠷᠤᠭ ᠮᠣᠳᠣ᠃ ᠦᠰᠦ ᠦᠭᠡᠢ ᠮᠥᠯᠢᠬᠡᠷ᠂10~27m ᠥᠨᠳᠥᠷ᠃ ᠮᠥᠴᠢᠷ ᠨᠢ ᠰᠠᠷᠪᠠᠭᠠᠷ᠂ ᠮᠠᠯᠠᠭᠠᠢᠷᠠᠯ ᠨᠢ ᠢᠬᠴᠤ᠃ ᠬᠣᠯᠲᠣᠰᠣ ᠨᠢ ᠵᠤᠵᠠᠭᠠᠨ᠂ ᠴᠠᠢᠪᠤᠷ ᠬᠦᠷᠡᠩ ᠥᠩᠭᠡ ᠲᠡᠢ᠂ ᠮᠠᠰᠢ ᠣᠯᠠᠨ ᠵᠢᠵᠢᠭ ᠠᠩ ᠰᠦᠪᠡ ᠲᠡᠢ᠂ ᠢᠯᠲᠠᠰᠤᠷᠠᠨ ᠱᠠᠭᠠᠷᠠᠨ᠎ᠠ᠃ ᠳᠠᠩ ᠨᠠᠪᠴᠢ ᠲᠠᠢ᠂ ᠨᠠᠪᠴᠢ ᠨᠢ ᠰᠠᠷᠢᠰᠤᠯᠢᠭ᠂ ᠮᠥᠴᠢᠷ ᠦ᠋ᠨ ᠣᠷᠣᠢ ᠳ᠋ᠤ᠌ ᠪᠠᠭᠯᠠᠷᠠᠨ ᠤᠷᠭᠤᠨ᠎ᠠ᠂ ᠨᠠᠪᠴᠢᠨ ᠢᠯᠲᠠᠰᠤ ᠨᠢ ᠤᠷᠲᠤᠯᠵᠢᠨ ᠲᠣᠭᠣᠷᠢᠭ ᠠ᠋ᠴᠠ ᠤᠷᠲᠤᠯᠵᠢᠨ ᠲᠣᠭᠣᠷᠢᠭ ᠰᠢᠭ᠋ ᠬᠠᠪᠲᠠᠭᠠᠢ ᠲᠡᠪᠡᠨᠡ ᠬᠡᠯᠪᠡᠷᠢ ᠲᠡᠢ᠂10~20cm ᠤᠷᠲᠤ᠂ ᠥᠷᠭᠡᠨ ᠨᠠᠷᠢᠨ ᠨᠢ ᠲᠡᠭᠰᠢ ᠦᠭᠡᠢ᠂ ᠭᠢᠯᠦᠭᠡᠷ᠂ ᠱᠣᠪᠬᠣ ᠪᠤᠶᠤ ᠱᠣᠪᠲᠤᠭᠣᠷ ᠦᠵᠦᠭᠦᠷ ᠲᠡᠢ᠂ ᠳᠣᠯᠭᠢᠶᠠᠯᠢᠭ ᠬᠥᠪᠡᠭᠡ ᠲᠡᠢ᠂ ᠨᠠᠪᠴᠢᠨ ᠤᠭ ᠨᠢ ᠱᠠᠭᠠᠨᠲᠠᠭ ᠬᠡᠯᠪᠡᠷᠢ ᠲᠡᠢ᠂ ᠨᠠᠪᠴᠢᠨ ᠪᠠᠷᠢᠭᠤᠯ ᠨᠢ4~6cm ᠤᠷᠲᠤ᠂ ᠤᠭ ᠤ᠋ᠨ ᠬᠡᠰᠡᠭ ᠨᠢ ᠲᠣᠮᠣᠷᠠᠨ᠎ᠠ᠃ ᠬᠣᠯᠢᠮᠠᠭ ᠪᠡᠯᠭᠡᠲᠦ ᠴᠡᠴᠡᠭ ᠲᠡᠢ᠂ ᠱᠣᠷᠣᠯᠵᠢᠨ ᠬᠡᠯᠪᠡᠷᠢᠲᠦ ᠪᠠᠭ ᠴᠡᠴᠡᠭ ᠨᠢ ᠶᠡᠷᠦ ᠳ᠋ᠡᠭᠡᠨ ᠨᠠᠪᠴᠢ ᠲᠠᠢ ᠪᠠᠨ ᠲᠡᠩᠴᠡᠭᠦᠦ ᠤᠷᠲᠤ ᠪᠤᠶᠤ ᠨᠠᠪᠴᠢ ᠠ᠋ᠴᠠ ᠪᠠᠨ ᠤᠷᠲᠤ᠂ ᠵᠥᠭᠡᠯᠡᠨ ᠦᠰᠦ ᠲᠡᠢ᠂ ᠴᠡᠴᠡᠭ ᠨᠢ ᠪᠠᠷᠢᠭᠤᠯ ᠦᠭᠡᠢ ᠪᠤᠶᠤ ᠣᠬᠣᠷ ᠪᠠᠷᠢᠭᠤᠯ ᠲᠠᠢ᠂ ᠠᠩᠬᠢᠯᠤᠮ᠎ᠠ ᠦᠨᠦᠷ ᠲᠡᠢ᠂3~4mm ᠤᠷᠲᠤ᠃ ᠲᠣᠭᠳᠣᠢ ᠢᠯᠲᠠᠰᠤ ᠨᠢ ᠥᠨᠳᠡᠭᠡᠯᠵᠢᠨ ᠪᠤᠶᠤ ᠵᠤᠤᠪᠠᠩ ᠲᠣᠭᠣᠷᠢᠭ ᠬᠡᠯᠪᠡᠷᠢ ᠲᠡᠢ᠂5 ᠣᠨᠢ ᠲᠠᠢ᠂ ᠵᠥᠭᠡᠯᠡᠨ ᠦᠰᠦ ᠲᠡᠢ᠃ ᠴᠡᠴᠡᠭ ᠦ᠋ᠨ ᠬᠡᠯᠲᠡᠰ ᠨᠢ5᠂ ᠰᠢᠷᠭᠠᠯ ᠥᠩᠭᠡ ᠲᠡᠢ᠂ ᠤᠷᠲᠤ ᠨᠢ ᠪᠠᠷᠤᠭ ᠴᠡᠴᠡᠭ ᠦ᠋ᠨ ᠲᠣᠭᠳᠣᠢ ᠶ᠋ᠢᠨ2 ᠳᠠᠬᠢᠨ᠃ ᠴᠡᠴᠡᠭ ᠦ᠋ᠨ ᠲᠠᠪᠠᠭ ᠨᠢ ᠮᠢᠬᠠᠯᠢᠭ᠂5 ᠣᠨᠢ ᠲᠠᠢ᠃5 ᠡᠷ᠎ᠡ ᠲᠣᠭᠣᠷᠴᠣᠭ ᠲᠠᠢ ᠪᠥᠭᠡᠳ4 ᠨᠢ ᠳᠣᠷᠣᠢᠲᠠᠭᠰᠠᠨ ᠪᠠᠢᠳᠠᠭ᠂ ᠲᠣᠭᠣᠰᠣᠪᠴᠢ ᠨᠢ ᠪᠣᠷᠣᠪᠲᠤᠷ ᠤᠯᠠᠭᠠᠨ᠂ ᠡᠮ᠎ᠡ ᠲᠣᠭᠣᠷᠴᠣᠭ ᠨᠢ ᠴᠡᠴᠡᠭ ᠦ᠋ᠨ ᠲᠠᠪᠠᠭ ᠤ᠋ᠨ ᠭᠣᠣᠯ ᠳ᠋ᠤᠨᠢ ᠪᠠᠢᠷᠢᠯᠠᠨ᠎ᠠ᠂ ᠴᠡᠴᠡᠭ ᠦ᠋ᠨ ᠪᠠᠭᠠᠨ᠎ᠠ ᠨᠢ ᠤᠲᠠᠰᠤᠯᠢᠭ᠂ ᠪᠠᠭᠠᠨ᠎ᠠ ᠶ᠋ᠢᠨ ᠠᠮᠠᠰᠠᠷ ᠨᠢ ᠲᠣᠳᠣ ᠪᠤᠰᠤ᠃ ᠶᠠᠰᠤᠲᠤ ᠵᠢᠮᠢᠰ ᠨᠢ ᠵᠤᠤᠪᠠᠩ ᠲᠣᠭᠣᠷᠢᠭ ᠪᠤᠶᠤ ᠪᠥᠭᠡᠷᠡᠨ ᠬᠡᠯᠪᠡᠷᠢ ᠲᠡᠢ᠂ ᠵᠢᠭᠠᠬᠠᠨ ᠬᠠᠪᠲᠠᠭᠠᠢ᠂8~15cm ᠤᠷᠲᠤ᠂ ᠪᠣᠯᠪᠠᠰᠤᠷᠠᠪᠠᠯ ᠰᠢᠷ᠎ᠠ ᠥᠩᠭᠡ ᠲᠡᠢ ᠪᠣᠯᠳᠠᠭ᠃ ᠴᠥᠮ᠎ᠡ ᠨᠢ ᠲᠣᠮᠣ᠂ ᠬᠠᠪᠲᠠᠭᠠᠢ ᠪᠥᠭᠡᠳ ᠰᠢᠷᠬᠡᠭ ᠲᠡᠢ᠃ ᠬᠠᠪᠤᠷ ᠴᠡᠴᠡᠭᠯᠡᠵᠦ᠂5 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠬᠠᠯᠠᠭᠤᠨ ᠪᠦᠰᠡ᠂ ᠳᠡᠳ᠋ ᠬᠠᠯᠠᠭᠤᠨ ᠪᠦᠰᠡ ᠶ᠋ᠢᠨ ᠣᠷᠣᠨ ᠤ᠋ ᠵᠢᠮᠢᠰ ᠮᠥᠨ᠃ ᠬᠦᠷᠢᠶ᠎ᠡ ᠬᠠᠰᠢᠶ᠎ᠠ ᠪᠣᠯᠤᠨ ᠵᠠᠮ ᠤ᠋ᠨ ᠬᠠᠵᠠᠭᠤ ᠪᠠᠷ ᠲᠠᠷᠢᠵᠤ ᠪᠣᠢ᠃ ᠹᠦᠵᠢᠶᠠᠨ᠂ ᠲᠠᠢᠸᠠᠨ᠂ ᠭᠤᠸᠠᠩᠳᠥ᠋ᠩ᠂ ᠭᠤᠸᠠᠩᠰᠢ᠂ ᠶᠦᠨᠨᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠪᠣᠯᠪᠠᠰᠤᠷᠠᠭᠰᠠᠨ ᠵᠢᠮᠢᠰ ᠢ᠋ ᠨᠢ ᠲᠡᠭᠦᠵᠦ᠂ ᠴᠥᠮ᠎ᠡ ᠶ᠋ᠢ ᠨᠢ ᠠᠪᠴᠤ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠢᠰᠬᠦᠯᠡᠩ ᠠᠮᠲᠠ ᠲᠠᠢ᠃ ᠪᠦᠯᠢᠶᠡᠨ ᠴᠢᠨᠠᠷ ᠲᠠᠢ᠃ ᠬᠦᠨᠳᠦ᠂ ᠲᠣᠰᠣᠯᠢᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠪᠥᠭᠡᠷᠡᠨ ᠲᠠᠮᠢᠷ ᠢ᠋ ᠰᠠᠢᠵᠢᠷᠠᠭᠤᠯᠬᠤ᠂ ᠪᠥᠭᠡᠷᠡᠨ ᠦ᠌ ᠬᠦᠢᠲᠡᠨ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠪᠥᠭᠡᠷᠡᠨ ᠲᠠᠮᠢᠷ ᠳᠣᠷᠣᠢᠲᠠᠭᠰᠠᠨ᠂ ᠪᠥᠭᠡᠷᠡᠨ ᠦ᠌ ᠬᠦᠢᠲᠡᠨ ᠡᠪᠡᠳᠴᠢᠨ᠂ ᠬᠥᠯ ᠨᠢᠷᠤᠭᠤ ᠡᠪᠡᠳᠬᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄芒果核(芒果)
   ᠠᠩᠭ᠌ᠯᠢ ᠨᠡᠷ᠎ᠡ᠄Mangifera indica L.

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄  ᠤᠷᠠᠨᠴᠢᠮᠡᠭ