ᠯᠢᠩᠬᠤ᠎ᠠ ᠶ᠋ᠢᠨ ᠦᠷ᠎ᠡЛянхуан үр Lyankhuan ür
ᠯᠢᠩᠬᠤ᠎ᠠ ᠶ᠋ᠢᠨ ᠦᠷ᠎ᠡ
ᠲᠤᠰ ᠡᠮ ᠪᠣᠯ ᠯᠢᠩᠬᠤ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠯᠢᠩᠬᠤ᠎ᠠ ᠶ᠋ᠢᠨ ᠬᠠᠲᠠᠭᠠᠭᠰᠠᠨ ᠪᠣᠯᠪᠠᠰᠤᠷᠠᠮᠠᠯ ᠦᠷ᠎ᠡ ᠮᠥᠨ᠃
[ ᠤᠤᠯ ᠤᠷᠭᠤᠮᠠᠯ] ᠣᠯᠠᠨ ᠨᠠᠰᠤᠲᠤ ᠤᠰᠤᠨ ᠳ᠋ᠤ᠌ ᠤᠷᠭᠤᠬᠤ ᠡᠪᠡᠰᠦᠯᠢᠭ ᠤᠷᠭᠤᠮᠠᠯ᠃ ᠦᠨᠳᠦᠰᠦᠯᠢᠭ ᠡᠰᠢ ᠨᠢ ᠮᠢᠬᠠᠯᠢᠭ ᠲᠣᠮᠣ᠂ ᠬᠥᠨᠳᠡᠯᠡᠨ ᠤᠷᠭᠤᠨ᠎ᠠ᠃ ᠰᠢᠷᠠᠪᠲᠤᠷ ᠴᠠᠭᠠᠨ ᠬᠠᠯᠢᠰᠤ ᠲᠠᠢ᠂ ᠦᠶ᠎ᠡ ᠶ᠋ᠢᠨ ᠬᠡᠰᠡᠭ ᠨᠢ ᠨᠠᠷᠢᠰᠤᠭᠰᠠᠨ ᠪᠥᠭᠡᠳ ᠳᠡᠭᠡᠷ᠎ᠡ ᠨᠢ ᠬᠠᠢᠷᠰᠤᠨ ᠨᠠᠪᠴᠢ ᠪᠣᠯᠤᠨ ᠲᠣᠭᠲᠠᠪᠤᠷᠢ ᠦᠭᠡᠢ ᠦᠨᠳᠦᠰᠦ ᠲᠡᠢ᠂ ᠦᠶ᠎ᠡ ᠶ᠋ᠢᠨ ᠵᠠᠢ ᠨᠢ ᠲᠣᠮᠣᠷᠠᠭᠰᠠᠨ ᠪᠠᠢᠳᠠᠭ᠃ ᠳᠣᠲᠣᠷ᠎ᠠ ᠨᠢ ᠴᠠᠭᠠᠨ᠂ ᠭᠣᠣᠯ ᠳ᠋ᠤᠨᠢ ᠣᠯᠠᠨ ᠬᠥᠨᠳᠡᠢ ᠬᠣᠭᠣᠯᠠᠢ ᠲᠠᠢ᠃ ᠡᠰᠢ ᠨᠢ ᠤᠷᠲᠤ ᠪᠠᠷᠢᠭᠤᠯ ᠲᠠᠢ᠂ ᠤᠰᠤᠨ ᠠ᠋ᠴᠠ ᠳᠡᠭᠡᠭᠰᠢ ᠭᠠᠷᠳᠠᠭ᠃ ᠨᠠᠪᠴᠢᠨ ᠠᠷᠤ ᠶ᠋ᠢᠨ ᠭᠣᠣᠯ ᠳ᠋ᠤᠨᠢ ᠤᠷᠭᠤᠨ᠎ᠠ᠃ ᠬᠥᠨᠳᠡᠢ ᠭᠣᠣᠯ ᠲᠠᠢ᠂ ᠭᠠᠳᠠᠷ ᠨᠢ ᠥᠷᠭᠡᠰᠦ ᠦᠰᠦ ᠲᠡᠢ᠃ ᠨᠠᠪᠴᠢ ᠨᠢ ᠲᠣᠭᠣᠷᠢᠭ ᠪᠠᠮᠪᠠᠢ ᠬᠡᠯᠪᠡᠷᠢ ᠲᠡᠢ᠂ ᠳ᠋ᠢᠶᠠᠮᠧᠲ᠋ᠷ ᠨᠢ25~90cm᠂ ᠪᠦᠲᠦᠨ ᠬᠥᠪᠡᠭᠡ ᠲᠡᠢ᠂ ᠪᠠᠭᠠᠬᠠᠨ ᠳᠣᠯᠭᠢᠶᠠᠯᠢᠭ ᠪᠠᠢᠳᠠᠭ᠃ ᠨᠠᠪᠴᠢᠨ ᠥᠪᠥᠷ ᠨᠢ ᠪᠦᠳᠡᠭᠢ ᠨᠣᠭᠣᠭᠠᠨ᠂ ᠭᠥᠯᠢᠭᠡᠷ᠂ ᠴᠠᠭᠠᠨ ᠣ ᠲᠠᠢ᠂ ᠠᠷᠤ ᠨᠢ ᠭᠦᠢᠬᠡᠨ ᠨᠣᠭᠣᠭᠠᠨ᠃ ᠴᠡᠴᠡᠭ ᠨᠢ ᠦᠶ᠎ᠡ ᠳᠡᠭᠡᠷ᠎ᠡ ᠪᠡᠨ ᠭᠠᠭᠴᠠᠭᠠᠷ ᠳᠡᠯᠭᠡᠷᠡᠨ᠎ᠡ᠂ ᠴᠡᠴᠡᠭ ᠦ᠋ᠨ ᠪᠠᠷᠢᠭᠤᠯ ᠨᠢ ᠨᠠᠪᠴᠢᠨ ᠪᠠᠷᠢᠭᠤᠯ ᠠ᠋ᠴᠠ ᠪᠠᠨ ᠤᠷᠲᠤ᠂ ᠴᠡᠴᠡᠭ ᠨᠢ ᠲᠣᠮᠣ᠂ ᠡᠰᠢᠨ ᠦ᠌ ᠣᠷᠣᠢ ᠳ᠋ᠤ᠌ ᠳᠡᠯᠭᠡᠷᠡᠨ᠎ᠡ᠂ ᠳ᠋ᠢᠶᠠᠮᠧᠲ᠋ᠷ ᠨᠢ12~23cm᠃ ᠲᠣᠭᠳᠣᠢ ᠢᠯᠲᠠᠰᠤ ᠨᠢ4~5᠂ ᠨᠣᠭᠣᠭᠠᠨ᠂ ᠵᠢᠵᠢᠭ᠂ ᠡᠷᠲᠡ ᠵᠤᠯᠭᠠᠷᠠᠨ᠎ᠠ᠃ ᠴᠡᠴᠡᠭ ᠦ᠋ᠨ ᠳᠡᠯᠪᠢ ᠨᠢ ᠣᠯᠠᠨ᠂ ᠤᠷᠲᠤᠯᠵᠢᠨ ᠲᠣᠭᠣᠷᠢᠭ ᠰᠢᠭ᠋᠂ ᠵᠤᠤᠪᠠᠩ ᠠ᠋ᠴᠠ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠮᠤᠬᠤᠷ ᠣᠷᠣᠢ ᠲᠠᠢ᠂ ᠤᠯᠠᠭᠠᠨ᠂ ᠶᠠᠭᠠᠨ ᠪᠤᠶᠤ ᠴᠠᠭᠠᠨ ᠥᠩᠭᠡ ᠲᠡᠢ᠃ ᠣᠯᠠᠨ ᠡᠷ᠎ᠡ ᠲᠣᠭᠣᠷᠴᠣᠭ ᠲᠠᠢ᠂ ᠡᠷᠲᠡ ᠵᠤᠯᠭᠠᠷᠠᠨ᠎ᠠ᠃ ᠲᠣᠭᠣᠰᠣᠪᠴᠢ ᠨᠢ ᠤᠲᠠᠰᠤᠯᠢᠭ᠂ ᠰᠢᠷ᠎ᠠ ᠥᠩᠭᠡ ᠲᠡᠢ᠂ ᠲᠣᠭᠣᠰᠣᠪᠴᠢ ᠶ᠋ᠢᠨ ᠲᠠᠰᠤᠯᠤᠪᠴᠢ ᠶ᠋ᠢᠨ ᠦᠵᠦᠭᠦᠷ ᠨᠢ ᠰᠢᠳᠡᠮ ᠰᠢᠭ᠋ ᠳᠠᠭᠠᠯᠳᠤᠪᠤᠷᠢ ᠡᠳ᠋ ᠪᠣᠯᠳᠠᠭ᠂ ᠳᠣᠬᠢᠭᠤᠷ ᠨᠢ ᠨᠠᠷᠢᠨ ᠤᠷᠲᠤ᠂ ᠴᠡᠴᠡᠭ ᠦ᠋ᠨ ᠲᠠᠪᠠᠭ ᠤ᠋ᠨ ᠳᠣᠣᠷ᠎ᠠ ᠤᠷᠭᠤᠨ᠎ᠠ᠃ ᠣᠯᠠᠨ ᠰᠠᠯᠤᠩᠭᠢ ᠤᠮᠠᠢ ᠶ᠋ᠢᠨ ᠬᠠᠯᠢᠰᠤ ᠨᠢ ᠴᠡᠴᠡᠭ ᠦ᠋ᠨ ᠲᠠᠪᠠᠭ ᠤ᠋ᠨ ᠨᠦᠬᠡ ᠳᠣᠲᠣᠷ᠎ᠠ ᠣᠷᠣᠰᠢᠨ᠎ᠠ᠃ ᠴᠡᠴᠡᠭ ᠦ᠋ᠨ ᠲᠠᠪᠠᠭ ᠨᠢ ᠵᠢᠮᠢᠰᠯᠡᠬᠦ ᠦᠶ᠎ᠡ ᠲᠣᠮᠣᠷᠠᠨ᠎ᠠ᠂ ᠲᠣᠩᠭᠣᠷᠤᠤ ᠱᠣᠷᠣᠯᠵᠢᠨ ᠬᠡᠯᠪᠡᠷᠢ ᠲᠡᠢ᠃ ᠬᠠᠲᠠᠭᠤ ᠵᠢᠮᠢᠰ ᠨᠢ ᠵᠤᠤᠪᠠᠩ ᠪᠤᠶᠤ ᠥᠨᠳᠡᠭᠡᠯᠵᠢᠨ ᠬᠡᠯᠪᠡᠷᠢ ᠲᠡᠢ᠂1.5~2.5cm ᠤᠷᠲᠤ᠂ ᠵᠢᠮᠢᠰ ᠦ᠋ᠨ ᠬᠠᠯᠢᠰᠤ ᠨᠢ ᠪᠡᠬᠢ ᠰᠠᠷᠢᠰᠤᠯᠢᠭ᠃ ᠳᠣᠲᠣᠷ᠎ᠠ ᠨᠢ1 ᠮᠥᠬᠥᠯᠢᠭ ᠦᠷ᠎ᠡ ᠲᠡᠢ᠃ ᠦᠷ᠎ᠡ ᠨᠢ ᠥᠷᠭᠡᠨ ᠥᠨᠳᠡᠭᠡᠯᠵᠢᠨ ᠬᠡᠯᠪᠡᠷᠢ ᠪᠤᠶᠤ ᠤᠷᠲᠤᠯᠵᠢᠨ ᠵᠤᠤᠪᠠᠩ ᠬᠡᠯᠪᠡᠷᠢ ᠲᠡᠢ᠂ ᠬᠦᠷᠡᠩ ᠥᠩᠭᠡ ᠲᠡᠢ᠂ ᠮᠠᠰᠢ ᠡᠯᠪᠡᠭ ᠬᠥᠪᠦᠷᠡᠯ ᠦ᠋ᠨ ᠰᠦ ᠲᠡᠢ᠃7~8 ᠳ᠋ᠤᠭᠠᠷ ᠰᠠᠷ᠎ᠠ ᠳ᠋ᠤ᠌ ᠴᠡᠴᠡᠭᠯᠡᠵᠦ᠂9~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠤᠰᠤᠨ ᠲᠠᠷᠢᠶ᠎ᠠ ᠶ᠋ᠢᠨ ᠳᠤᠮᠳᠠ ᠪᠤᠶᠤ ᠨᠠᠭᠤᠷ ᠲᠤ᠌ ᠤᠷᠭᠤᠨ᠎ᠠ᠃ ᠯᠢᠶᠣᠤᠨᠢᠩ᠂ ᠾᠧᠪᠧᠢ᠂ ᠾᠧᠨᠠᠨ᠂ ᠱᠠᠨᠰᠢ᠂ ᠭᠠᠨᠰᠦ᠂ ᠱᠠᠨ ᠰᠢ᠂ ᠱᠠᠨᠳᠦ᠋ᠩ ᠪᠣᠯᠤᠨ ᠬᠦᠬᠡᠮᠥ᠋ᠷᠡᠨ ᠡᠴᠡ ᠡᠮᠦᠨᠡᠰᠢ ᠡᠯ᠎ᠡ ᠮᠣᠵᠢ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠨᠠᠮᠤᠷ᠂ ᠵᠢᠮᠢᠰ ᠨᠢ ᠪᠣᠯᠪᠠᠰᠤᠷᠠᠬᠤ ᠳ᠋ᠤ᠌ ᠲᠡᠭᠦᠵᠦ᠂ ᠦᠷ᠎ᠡ ᠶ᠋ᠢ ᠨᠢ ᠮᠤᠯᠲᠤᠯᠵᠤ ᠠᠪᠤᠭᠠᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ ᠠᠮᠲᠠ ᠲᠠᠢ; ᠲᠡᠭᠰᠢ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠪᠥᠭᠡᠷᠡᠨ ᠲᠠᠮᠢᠷ ᠢ᠋ ᠰᠠᠢᠵᠢᠷᠠᠭᠤᠯᠬᠤ᠂ ᠳᠤᠰᠤᠯ ᠴᠤᠪᠤᠷᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠪᠥᠭᠡᠷᠡᠨ ᠲᠠᠮᠢᠷ ᠳᠣᠷᠣᠢᠲᠠᠵᠤ ᠳᠤᠰᠤᠯ ᠠᠯᠳᠠᠬᠤ᠂ ᠴᠠᠭᠠᠨ ᠴᠢᠭᠢᠭ ᠠᠷᠪᠢᠳᠬᠤ᠂ ᠬᠥᠯ ᠨᠢᠷᠤᠭᠤ ᠡᠪᠡᠳᠬᠦ ᠵᠡᠷᠭᠡ ᠶ᠋ᠢᠨ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄连子
ᠠᠩᠭ᠌ᠯᠢ ᠨᠡᠷ᠎ᠡ᠄(Nelunmbo
nucifera Gaetn)
ᠦᠰᠦᠭ ᠠᠮᠢᠯᠠᠭᠤᠯᠤᠭᠴᠢ᠄ ᠠᠯᠲᠠᠨᠴᠡᠴᠡᠭ
ᠬᠢᠨᠠᠭᠴᠢ᠄ ᠲᠤᠶᠠᠭ᠎ᠠ
