ᠰᠠᠭᠠᠷᠮᠠᠭ ᠵᠠᠮᠪᠠСааармаг жамба Saaarmag jamba
ᠰᠠᠭᠠᠷᠮᠠᠭ ᠵᠠᠮᠪᠠ
ᠲᠤᠰ ᠡᠮ ᠪᠣᠯ ᠵᠠᠮᠪᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠰᠠᠭᠠᠷᠮᠠᠭ ᠵᠠᠮᠪᠠ ᠶ᠋ᠢᠨ ᠬᠠᠲᠠᠭᠠᠭᠰᠠᠨ ᠪᠤᠯᠪᠠᠰᠤᠷᠠᠮᠠᠯ ᠵᠢᠮᠢᠰ ᠮᠥᠨ᠃ ᠪᠠᠰᠠ ᠮᠠᠨᠢᠩᠵᠠᠮᠪᠠ᠂ ᠨᠢᠭᠠ᠂ ᠲᠤᠭᠤᠷᠠᠢ ᠨᠣᠭᠣᠭ᠎ᠠ ᠭᠡᠳᠡᠭ᠃
[ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃40 ~ 10cm ᠥᠨᠳᠥᠷ᠂ ᠡᠰᠢ ᠨᠢ ᠰᠢᠯᠤᠭᠤᠨ ᠪᠤᠶᠤ ᠲᠠᠰᠢᠭᠤ ᠤᠷᠭᠤᠨ᠎ᠠ᠂ ᠳᠡᠭᠡᠷ᠎ᠡ ᠬᠡᠰᠡᠭ ᠲᠤᠨᠢ ᠣᠳᠣᠯᠢᠭ ᠦᠰᠦ ᠲᠡᠢ᠃ ᠨᠠᠪᠴᠢ ᠨᠢ ᠲᠣᠭᠣᠷᠢᠭ ᠰᠢᠬᠠᠮ ᠪᠤᠶᠤ ᠪᠥᠭᠡᠷᠡᠨ ᠬᠡᠯᠪᠡᠷᠢ ᠲᠡᠢ᠂3 ~ 8cm ᠤᠷᠲᠤ᠂3 ~ 11cm ᠥᠷᠭᠡᠨ᠂ ᠠᠯᠠᠭᠠᠯᠢᠭ5 ᠭᠦᠢᠬᠡᠨ ᠣᠨᠢ ᠲᠠᠢ᠂ ᠰᠡᠵᠢᠭᠦᠷ ᠢᠯᠲᠠᠰᠤ ᠨᠢ ᠭᠤᠷᠪᠠᠯᠵᠢᠨ᠂ ᠮᠤᠬᠤᠷ ᠦᠵᠦᠭᠦᠷ ᠲᠡᠢ᠂ ᠵᠢᠷᠦᠬᠡᠨ ᠬᠡᠯᠪᠡᠷᠢᠲᠦ ᠤᠭ ᠲᠠᠢ᠂ ᠲᠣᠭᠣᠷᠢᠭ ᠮᠣᠬᠣᠭᠣ ᠳᠠᠪᠬᠤᠷ ᠬᠢᠷᠥᠭᠡᠨ ᠰᠢᠳᠦᠲᠦ ᠪᠤᠶᠤ ᠬᠢᠷᠥᠭᠡᠨ ᠰᠢᠳᠦᠲᠦ ᠬᠥᠪᠡᠭᠡ ᠲᠡᠢ᠃ ᠳᠣᠣᠷ᠎ᠠ ᠬᠡᠰᠡᠭ ᠦ᠋ᠨ ᠨᠠᠪᠴᠢ ᠶ᠋ᠢᠨ ᠰᠡᠵᠢᠭᠦᠷ ᠢᠯᠲᠠᠰᠤ ᠨᠢ ᠢᠯᠡ ᠪᠤᠰᠤ᠂ ᠨᠠᠪᠴᠢᠨ ᠥᠪᠥᠷ ᠲᠤᠨᠢ ᠪᠠᠷᠤᠭ ᠦᠰᠦ ᠦᠭᠡᠢ᠂ ᠠᠷᠤ ᠳ᠋ᠤᠨᠢ ᠲᠠᠷᠠᠮᠠᠭ ᠣᠳᠣᠯᠢᠭ ᠦᠰᠦ᠂ ᠨᠠᠪᠴᠢᠨ ᠪᠠᠷᠢᠭᠤᠯ ᠨᠢ5 ~ 7cm ᠤᠷᠲᠤ᠂ ᠣᠳᠣᠯᠢᠭ ᠦᠰᠦ ᠲᠡᠢ᠃ ᠣᠯᠠᠨ ᠴᠡᠴᠡᠭ ᠲᠡᠢ᠂ ᠪᠠᠷᠤᠭ ᠪᠠᠷᠢᠭᠤᠯ ᠦᠭᠡᠢ᠂ ᠨᠠᠪᠴᠢᠨ ᠰᠤᠭᠤ ᠳ᠋ᠤ᠌ ᠪᠠᠭᠴᠠᠷᠠᠨ ᠳᠡᠯᠭᠡᠷᠡᠨ᠎ᠡ᠃ ᠴᠡᠴᠡᠭ ᠦ᠋ᠨ ᠲᠣᠭᠳᠣᠢ ᠨᠢ5 ᠰᠡᠵᠢᠭᠦᠷ ᠲᠡᠢ᠂ ᠰᠡᠵᠢᠭᠦᠷ ᠢᠯᠲᠠᠰᠤ ᠨᠢ ᠥᠨᠳᠡᠭᠡᠯᠵᠢᠨ ᠭᠤᠷᠪᠠᠯᠵᠢᠨ ᠬᠡᠯᠪᠡᠷᠢ ᠲᠡᠢ᠂ ᠠᠷᠤ ᠳ᠋ᠤᠨᠢ ᠨᠢᠭ᠋ ᠣᠳᠣᠯᠢᠭ ᠦᠰᠦ ᠲᠡᠢ᠂ ᠳᠡᠳ᠋ ᠲᠣᠭᠳᠣᠢ ᠢᠯᠲᠠᠰᠤ ᠨᠢ3᠂ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠬᠥᠪᠡᠭᠡ ᠪᠡᠷ ᠨᠢ ᠦᠰᠦ ᠲᠡᠢ᠂ ᠴᠡᠴᠡᠭ ᠦ᠋ᠨ ᠳ᠋ᠢᠶᠠᠮᠧᠲ᠋ᠷ ᠨᠢ ᠪᠠᠷᠤᠭ1cm᠂ ᠴᠡᠴᠡᠭ ᠦ᠋ᠨ ᠬᠡᠯᠲᠡᠰ ᠨᠢ5᠂ ᠭᠦᠢᠬᠡᠨ ᠪᠣᠷᠣ ᠪᠤᠶᠤ ᠭᠦᠢᠬᠡᠨ ᠤᠯᠠᠭᠠᠨ ᠥᠩᠭᠡ ᠲᠡᠢ᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠣᠷᠣᠢ ᠨᠢ ᠵᠢᠭᠠᠬᠠᠨ ᠬᠣᠲᠣᠭᠣᠷ᠃ ᠡᠷ᠎ᠡ ᠲᠣᠭᠣᠷᠴᠣᠭ ᠤ᠋ᠨ ᠬᠣᠭᠣᠯᠠᠢ ᠶ᠋ᠢᠨ ᠳᠡᠭᠡᠷ᠎ᠡ ᠬᠡᠰᠡᠭ ᠲᠦ᠍ ᠰᠥᠷᠭᠡᠦ ᠤᠷᠭᠤᠭᠰᠠᠨ ᠦᠰᠦ ᠲᠡᠢ᠃ ᠵᠢᠮᠢᠰ ᠨᠢ ᠵᠢᠭᠠᠬᠠᠨ ᠲᠠᠪᠠᠭᠯᠢᠭ ᠪᠣᠯᠳᠠᠭ᠂ ᠵᠢᠮᠢᠰ ᠦ᠋ᠨ ᠬᠡᠯᠲᠡᠰ ᠦ᠋ᠨ ᠠᠷᠤ ᠳ᠋ᠤᠨᠢ ᠵᠢᠭᠠᠬᠠᠨ ᠬᠥᠨᠳᠡᠯᠡᠨ ᠠᠲᠤᠷᠢᠶ᠎ᠠ ᠠᠷᠲᠠᠢ᠃ ᠪᠥᠭᠡᠷᠡᠨ ᠬᠡᠯᠪᠡᠷᠢᠲᠦ ᠦᠷ᠎ᠡ ᠲᠡᠢ᠂ ᠬᠦᠷᠡᠩ ᠥᠩᠭᠡ ᠲᠡᠢ᠃7 ~ 9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂8 ~ 10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠲᠠᠷᠢᠶᠠᠨ ᠳᠤᠮᠳᠠ᠂ ᠵᠠᠮ ᠤ᠋ᠨ ᠵᠠᠬ᠎ᠠ᠂ ᠲᠣᠰᠬᠣᠨ ᠤ᠋ ᠬᠠᠵᠠᠭᠤ᠂ ᠠᠭᠤᠯᠠᠨ ᠬᠥᠲᠥᠯ ᠢ᠋ᠶ᠋ᠡᠷ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ ᠳ᠋ᠤ᠌ ᠲᠠᠷᠬᠠᠴᠠ ᠲᠠᠢ᠃
[ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ ᠠᠮᠲᠠ ᠲᠠᠢ᠂ ᠰᠡᠷᠢᠭᠦᠨ ᠴᠢᠨᠠᠷ ᠲᠠᠢ᠂ ᠬᠤᠷᠴᠠ᠂ ᠬᠦᠨᠳᠦ᠂ ᠬᠠᠭᠤᠷᠠᠢ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠤᠳᠠᠯ ᠤ᠋ᠨ ᠰᠦᠪᠡ ᠶ᠋ᠢ ᠨᠡᠭᠡᠭᠡᠬᠦ᠂ ᠰᠢᠭᠡᠯᠭᠡᠬᠦ᠂ ᠬᠠᠪᠤᠩ ᠢ᠋ ᠠᠷᠢᠯᠭᠠᠬᠤ᠂ ᠥᠭᠡᠷᠢ ᠶ᠋ᠢ ᠬᠠᠲᠠᠭᠠᠬᠤ᠂ ᠰᠠᠭᠤᠯᠭᠠᠬᠤ ᠶ᠋ᠢ ᠵᠣᠭᠰᠣᠭᠠᠬᠤ᠂ ᠤᠮᠳᠠᠭᠠᠰᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠬᠠᠪᠤᠩ᠂ ᠪᠥᠭᠡᠷᠡᠨ ᠬᠠᠯᠠᠭᠤᠨ᠂ ᠳᠠᠪᠤᠰᠠᠩ ᠤ᠋ᠨ ᠬᠠᠯᠠᠭᠤᠨ᠂ ᠰᠢᠵᠢᠩ᠂ ᠰᠢᠭᠡᠰᠦ ᠬᠠᠭᠠᠭᠳᠠᠭᠰᠠᠨ᠂ ᠳᠠᠪᠤᠰᠠᠩ ᠤ᠋ᠨ ᠴᠢᠯᠠᠭᠤᠰᠢᠷᠠᠯ᠂ ᠤᠮᠳᠠᠭᠠᠰᠬᠤ᠂ ᠶᠠᠷ᠎ᠠ ᠰᠢᠷᠬ᠎ᠠ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 冬葵果 (野葵)
ᠠᠩᠭ᠌ᠯᠢ ᠨᠡᠷ᠎ᠡ᠄ Mahra rertieillata L.
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠣᠶᠤᠨᠴᠢᠮᠡᠭ ᠲᠤᠶᠠᠭ᠎ᠠ
