1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠠᠯᠭᠠᠳᠣᠷᠵᠢТалгадоржTalgadorj

ᠲᠠᠯᠭᠠᠳᠣᠷᠵᠢТалгадоржTalgadorj

2025-05-13

264

ᠲᠠᠯᠭᠠᠳᠣᠷᠵᠢ

    ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ  ᠬᠠᠰᠠᠶ᠎ᠠ ᠪᠤᠷᠴᠠᠭ᠂ ᠵᠢᠵᠢᠭ ᠬᠠᠰᠠᠶ᠎ᠠ ᠪᠤᠷᠴᠠᠭ ᠤ᠋ᠨ ᠬᠠᠲᠠᠭᠠᠭᠰᠠᠨ ᠪᠣᠯᠪᠠᠰᠤᠷᠠᠮᠠᠯ ᠦᠷ᠎ᠡ ᠮᠥᠨ᠃ ᠪᠠᠰᠠ ᠸᠴᠢᠷ ᠪᠤᠷᠴᠠᠭ ᠭᠡᠳᠡᠭ᠃
   [ ᠤᠤᠯ ᠤᠷᠭᠤᠮᠠᠯ]1 ᠬᠠᠰᠠᠶ᠎ᠠ ᠪᠤᠷᠴᠠᠭ ᠨᠢᠭᠡ ᠨᠠᠰᠤᠲᠤ ᠬᠠᠭᠠᠰ ᠪᠤᠲᠠ ᠮᠠᠶᠢᠭ ᠤ᠋ᠨ ᠡᠪᠡᠰᠦᠯᠢᠭ ᠤᠷᠭᠤᠮᠠᠯ᠂50~150cm ᠥᠨᠳᠥᠷ᠂ ᠪᠦᠬᠦ ᠪᠡᠶ᠎ᠡ ᠳᠤᠨᠢ ᠣᠬᠣᠷ ᠵᠥᠭᠡᠯᠡᠨ ᠦᠰᠦ ᠲᠡᠢ᠃ ᠨᠠᠪᠴᠢ ᠨᠢ ᠴᠤᠪᠤᠷᠠᠨ ᠤᠷᠭᠤᠨ᠎ᠠ᠂ ᠲᠡᠭᠰᠢ ᠥᠳᠥᠯᠢᠭ ᠨᠡᠢᠯᠡᠮᠡᠯ ᠨᠠᠪᠴᠢ ᠲᠠᠢ᠂ ᠲᠣᠰᠬᠣᠭᠤᠷ ᠨᠠᠪᠴᠢ ᠨᠢ ᠪᠤᠯᠴᠢᠷᠬᠠᠢ ᠬᠡᠯᠪᠡᠷᠢ ᠲᠡᠢ᠂ ᠵᠢᠵᠢᠭ ᠨᠠᠪᠴᠢ ᠨᠢ3 ᠬᠣᠣᠰ᠂ ᠲᠣᠩᠭᠣᠷᠤᠤ ᠥᠨᠳᠡᠭᠡᠯᠵᠢᠨ ᠪᠤᠶᠤ ᠲᠣᠩᠭᠣᠷᠤᠤ ᠥᠨᠳᠡᠭᠡᠯᠵᠢᠨ ᠰᠢᠭ ᠤᠷᠲᠤᠯᠵᠢᠨ ᠬᠡᠯᠪᠡᠷᠢ ᠲᠡᠢ᠂ ᠨᠠᠪᠴᠢᠨ ᠢᠯᠲᠠᠰᠤ ᠨᠢ2~6cm ᠤᠷᠲᠤ᠂1.5~3.2cm ᠥᠷᠭᠡᠨ᠂ ᠲᠣᠭᠣᠷᠢᠭ ᠦᠵᠦᠭᠦᠷ ᠲᠡᠢ᠃ ᠴᠡᠴᠡᠭ ᠨᠢ ᠬᠣᠣᠰ ᠢ᠋ᠶ᠋ᠠᠷ ᠨᠠᠪᠴᠢᠨ ᠥᠪᠥᠷ ᠲᠦ ᠳᠡᠯᠭᠡᠷᠡᠬᠦ ᠪᠥᠭᠡᠳ ᠣᠷᠣᠢ ᠶ᠋ᠢᠨ ᠬᠡᠰᠡᠭ ᠲᠡᠭᠡᠨ ᠪᠠᠭᠯᠠᠷᠠᠵᠤ ᠳᠡᠯᠭᠡᠷᠡᠨ᠎ᠡ᠃ ᠪᠠᠭᠯᠠᠭᠴᠢ ᠢᠯᠲᠠᠰᠤ ᠨᠢ ᠪᠦᠰᠡᠯᠢᠭ ᠬᠡᠯᠪᠡᠷᠢ ᠲᠡᠢ᠂4~8mm ᠤᠷᠲᠤ᠃ ᠵᠢᠵᠢᠭ ᠴᠡᠴᠡᠭ ᠦ᠋ᠨ ᠪᠠᠷᠢᠭᠤᠯ ᠨᠢ0.8~2cm ᠤᠷᠲᠤ᠂ ᠲᠣᠭᠳᠣᠢ ᠢᠯᠲᠠᠰᠤ ᠨᠢ5᠂ ᠥᠨᠳᠡᠭᠡᠯᠵᠢᠨ ᠲᠣᠭᠣᠷᠢᠭ ᠬᠡᠯᠪᠡᠷᠢ ᠲᠡᠢ᠂ ᠰᠠᠯᠤᠩᠬᠢ᠂ ᠴᠡᠴᠡᠭ ᠦ᠋ᠨ ᠳᠡᠯᠪᠢ ᠨᠢ ᠰᠢᠷ᠎ᠠ ᠥᠩᠭᠡ ᠲᠡᠢ᠂  ᠴᠡᠴᠡᠭ ᠦ᠋ᠨ ᠬᠡᠯᠲᠡᠰ ᠨᠢ5᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂12~15mm ᠤᠷᠲᠤ᠂ ᠰᠢᠯᠪᠢ ᠲᠡᠢ᠃10 ᠡᠷ᠎ᠡ ᠲᠣᠭᠣᠷᠴᠣᠭ ᠲᠠᠢ᠂ ᠳᠡᠭᠡᠷ᠎ᠡ ᠲᠠᠯ᠎ᠠ ᠶ᠋ᠢᠨ3 ᠨᠢ ᠳᠣᠷᠣᠢᠲᠠᠵᠤ ᠳᠣᠣᠷ᠎ᠠ ᠲᠠᠯ᠎ᠠ ᠶ᠋ᠢᠨ7 ᠨᠢ ᠭᠦᠢᠴᠡᠳ ᠬᠥᠭᠵᠢᠯ ᠲᠡᠢ᠂ ᠳᠣᠬᠢᠭᠤᠷ ᠨᠢ ᠨᠡᠯᠢᠶᠡᠳ ᠤᠷᠲᠤ᠂ ᠨᠡᠯᠢᠶᠡᠳ ᠲᠣᠮᠣ3 ᠲᠣᠭᠣᠰᠣᠪᠴᠢ ᠶ᠋ᠢᠨ ᠣᠷᠣᠢ ᠨᠢ ᠨᠠᠷᠢᠰᠴᠤ ᠯᠣᠩᠬᠣᠨ ᠬᠦᠵᠦᠭᠦᠦ ᠠᠳᠠᠯᠢ ᠪᠣᠯᠳᠠᠭ᠃ ᠤᠮᠠᠢ ᠨᠢ ᠨᠠᠷᠢᠨ ᠤᠷᠲᠤ᠂ ᠮᠤᠷᠤᠢ᠂ ᠦᠰᠦ ᠲᠡᠢ᠂ ᠴᠡᠴᠡᠭ ᠦ᠋ᠨ ᠪᠠᠭᠠᠨ᠎ᠠ ᠨᠢ ᠪᠣᠭᠣᠨᠢ᠂ ᠪᠠᠭᠠᠨ᠎ᠠ ᠶ᠋ᠢᠨ ᠠᠮᠠᠰᠠᠷ ᠨᠢ ᠲᠣᠯᠣᠭᠠᠢ ᠰᠢᠭ᠋ ᠬᠡᠯᠪᠡᠷᠢ ᠲᠡᠢ᠃ ᠪᠤᠷᠴᠠᠭ ᠵᠢᠮᠢᠰ ᠨᠢ2~4cm ᠤᠷᠲᠤ᠃ ᠨᠠᠷᠢᠨ ᠤᠷᠲᠤ᠂ ᠵᠢᠰᠢᠭᠦᠯᠵᠢᠨ ᠬᠡᠯᠪᠡᠷᠢ ᠲᠡᠢ᠂ ᠵᠢᠭᠠᠬᠠᠨ ᠬᠠᠪᠲᠠᠭᠠᠢ ᠮᠥᠷᠲᠡᠭᠡᠨ ᠮᠤᠷᠤᠢ᠂8~15~24cm ᠤᠷᠲᠤ᠂2~6mm ᠥᠷᠭᠡᠨ᠂ ᠵᠢᠮᠢᠰ ᠦ᠋ᠨ ᠪᠠᠷᠢᠭᠤᠯ ᠤ᠋ᠨ ᠦᠷ᠎ᠡ ᠨᠢ ᠢᠷᠮᠡᠭᠲᠦ ᠪᠠᠭᠠᠨ᠎ᠠ ᠬᠡᠯᠪᠡᠷᠢ ᠲᠡᠢ᠂ ᠬᠦᠷᠡᠩ ᠨᠣᠭᠣᠭᠠᠨ ᠥᠩᠭᠡ ᠲᠡᠢ᠂ ᠭᠢᠯᠦᠭᠡᠷ᠂ ᠬᠣᠶᠠᠷ ᠬᠠᠵᠠᠭᠤ ᠳᠤᠨᠢ ᠲᠤᠰ ᠪᠦᠷᠢ1 ᠵᠤᠷᠪᠤᠰ ᠲᠠᠰᠢᠭᠤ ᠲᠡᠭᠰᠢ ᠭᠡᠮ ᠲᠡᠢ ᠭᠦᠢᠬᠡᠨ ᠥᠩᠭᠡᠲᠦ ᠬᠣᠲᠣᠢᠬᠰᠠᠨ ᠠᠷᠲᠠᠢ᠃6~8 ᠳ᠋ᠤᠭᠠᠷ ᠰᠠᠷ᠎ᠠ ᠳ᠋ᠤ᠌ ᠴᠡᠴᠡᠭᠯᠡᠵᠦ᠂8~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   2 ᠵᠢᠵᠢᠭ ᠬᠠᠰᠠᠶ᠎ᠠ ᠪᠤᠷᠴᠠᠭ   ᠬᠠᠰᠠᠶ᠎ᠠ ᠪᠤᠷᠴᠠᠭ ᠲᠠᠢ ᠲᠥᠰᠦᠭᠡᠲᠡᠢ᠂ ᠭᠣᠣᠯ ᠢᠯᠭᠠᠯ ᠭᠡᠪᠡᠯ ᠤᠷᠭᠤᠮᠠᠯ ᠨᠢ ᠨᠡᠯᠢᠶᠡᠳ ᠵᠢᠵᠢᠭ᠂ ᠶᠡᠷᠦ ᠳ᠋ᠡᠭᠡᠨ130cm ᠠ᠋ᠴᠠ ᠥᠨᠳᠥᠷ ᠤᠷᠭᠤᠬᠤ ᠦᠭᠡᠢ᠂ ᠨᠡᠯᠢᠶᠡᠳ ᠶᠡᠬᠡ ᠦᠮᠡᠬᠡᠢ ᠦᠨᠦᠷ ᠲᠡᠢ᠃ ᠨᠠᠪᠴᠢᠨ ᠲᠡᠩᠭᠡᠯᠢᠭ ᠳᠡᠭᠡᠷᠡᠬᠢ  ᠨᠢᠭᠡᠳᠦᠭᠡᠷ᠂ ᠬᠣᠶᠠᠳᠤᠭᠠᠷ ᠬᠣᠣᠰ ᠵᠢᠵᠢᠭ ᠨᠠᠪᠴᠢᠨ ᠤ᠋ ᠬᠣᠭᠣᠷᠣᠨᠳᠣ ᠨᠢ ᠪᠦᠷ1 ᠵᠡᠭᠦᠯᠢᠭ ᠪᠤᠯᠴᠢᠷᠬᠠᠢ ᠲᠠᠢ᠂ ᠵᠢᠵᠢᠭ ᠴᠡᠴᠡᠭ ᠦ᠋ᠨ ᠪᠠᠷᠢᠭᠤᠯ ᠨᠢ ᠨᠡᠯᠢᠶᠡᠳ ᠣᠬᠣᠷ᠂0.5~1cm ᠤᠷᠲᠤ᠂ ᠬᠥᠭᠵᠢᠯ ᠲᠡᠢ ᠨᠡᠯᠢᠶᠡᠳ ᠲᠣᠮᠣ ᠡᠷ᠎ᠡ ᠲᠣᠭᠣᠷᠴᠣᠭ ᠤ᠋ᠨ ᠲᠣᠭᠣᠰᠣᠪᠴᠢ ᠶ᠋ᠢᠨ ᠣᠷᠣᠢ ᠶ᠋ᠢᠨ ᠬᠡᠰᠡᠭ ᠨᠢ ᠲᠣᠭᠣᠷᠢᠭ ᠬᠡᠯᠪᠡᠷᠢ ᠲᠡᠢ᠂ ᠪᠦᠬᠦ ᠪᠡᠶ᠎ᠡ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠃ ᠪᠤᠷᠴᠠᠭ ᠵᠢᠮᠢᠰ ᠨᠢ ᠨᠡᠯᠢᠶᠡᠳ ᠣᠬᠣᠷ᠃6~14cm ᠤᠷᠲᠤ᠂2~5mm ᠥᠷᠭᠡᠨ᠃ ᠵᠢᠮᠢᠰ ᠦ᠋ᠨ ᠪᠠᠷᠢᠭᠤᠯ ᠨᠢ ᠨᠡᠯᠢᠶᠡᠳ ᠣᠬᠣᠷ᠂1~1.5cm ᠤᠷᠲᠤ᠂ ᠦᠷ᠎ᠡ ᠨᠢ ᠢᠷᠮᠡᠭᠲᠦ ᠪᠠᠭᠠᠨ᠎ᠠ ᠬᠡᠯᠪᠡᠷᠢ ᠲᠡᠢ᠂ ᠬᠣᠶᠠᠷ ᠬᠠᠵᠠᠭᠤ ᠳᠤᠨᠢ ᠲᠤᠰ ᠪᠦᠷᠢ1.5~2mm ᠥᠷᠭᠡᠨ ᠭᠦᠢᠬᠡᠨ ᠥᠩᠭᠡᠲᠦ ᠪᠦᠰᠡᠯᠡᠭᠦᠷ ᠲᠡᠢ᠂8~10 ᠳ᠋ᠤᠭᠠᠷ ᠰᠠᠷ᠎ᠠ ᠳ᠋ᠤ᠌ ᠴᠡᠴᠡᠭᠯᠡᠵᠦ᠂9~11 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠲᠣᠰᠬᠣᠨ ᠤ᠋ ᠬᠥᠪᠡᠭᠡ᠂ ᠵᠠᠮ ᠤ᠋ᠨ ᠬᠠᠵᠠᠭᠤ᠂ ᠠᠭᠤᠯᠠᠨ ᠬᠠᠵᠠᠭᠤ ᠶ᠋ᠢᠨ ᠰᠢᠮᠡᠯᠢᠭ ᠬᠥᠷᠥᠰᠥᠨ ᠳ᠋ᠦ᠍ ᠤᠷᠭᠤᠨ᠎ᠠ᠃ ᠬᠠᠰᠠᠶ᠎ᠠ ᠪᠤᠷᠴᠠᠭ ᠪᠣᠯ ᠵᠢᠶᠠᠩᠰᠦ᠂ ᠠᠨᡁᠥ᠋ᠢ᠂ ᠰᠧᠴᠤᠸᠠᠨ ᠵᠡᠷᠭᠡ ᠭᠠᠵᠠᠷ ᠣᠷᠣᠨ ᠳ᠋ᠤ᠌  ᠲᠠᠷᠬᠠᠴᠠ ᠲᠠᠢ᠃ ᠵᠢᠵᠢᠭ ᠬᠠᠰᠠᠶ᠎ᠠ ᠪᠤᠷᠴᠠᠭ ᠪᠣᠯ ᠲᠠᠢᠸᠠᠨ᠂ ᠭᠤᠸᠠᠩᠰᠢ᠂ ᠶᠦᠨᠨᠠᠨ ᠵᠡᠷᠭᠡ ᠬᠠᠯᠠᠭᠤᠨ ᠪᠦᠰᠡ᠂ ᠳᠡᠳ᠋ ᠬᠠᠯᠠᠭᠤᠨ ᠪᠦᠰᠡ ᠶ᠋ᠢᠨ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ]9~11 ᠳ᠋ᠦ᠍ᠭᠡᠷ ᠰᠠᠷ᠎ᠠ ᠳ᠋ᠤ᠌ ᠵᠢᠮᠢᠰ ᠨᠢ ᠪᠣᠯᠪᠠᠰᠤᠷᠠᠬᠤ ᠦᠶ᠎ᠡ ᠳ᠋ᠦ᠍ ᠬᠠᠳᠤᠵᠤ᠂ ᠨᠠᠷᠠᠨ ᠳ᠋ᠤ᠌ ᠬᠠᠲᠠᠭᠠᠭᠠᠳ ᠦᠷ᠎ᠡ ᠶ᠋ᠢ ᠨᠢ ᠭᠦᠪᠢᠵᠦ ᠠᠪᠤᠭᠠᠳ ᠠᠷᠢᠯᠭᠠᠨ ᠴᠡᠪᠡᠷᠯᠡᠨ᠎ᠡ᠃
   [ ᠠᠮᠲᠠ᠂ ᠴᠢᠨᠠᠷ᠂ ᠡᠷᠳᠡᠮ] ᠥᠴᠦᠬᠡᠨ ᠭᠠᠰᠢᠭᠤᠨ᠂ ᠡᠬᠡᠭᠦᠨ ᠠᠮᠲᠠ ᠲᠠᠢ᠃ ᠰᠡᠷᠢᠭᠦᠨ ᠴᠢᠨᠠᠷ ᠲᠠᠢ᠃ ᠮᠣᠬᠣᠳᠠᠭ᠂ ᠰᠢᠷᠦᠭᠦᠨ᠂ ᠬᠠᠭᠤᠷᠠᠢ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠰᠢᠷ᠎ᠠ ᠤᠰᠤ ᠶ᠋ᠢ ᠬᠠᠲᠠᠭᠠᠬᠤ᠂ ᠬᠦᠴᠦᠵᠢᠭᠦᠯᠬᠦ᠂ ᠰᠢᠮᠡᠵᠢᠭᠦᠯᠬᠦ ᠴᠢᠳᠠᠯ ᠲᠠᠢ᠃ ᠭᠣᠣᠯᠳᠠᠭᠤ ᠲᠤᠯᠠᠢ᠂ ᠬᠡᠷᠦᠬᠦ᠂ ᠦᠶ᠎ᠡ ᠭᠡᠰᠢᠭᠦᠨ ᠦ᠌ ᠰᠢᠷ᠎ᠠ ᠤᠰᠤᠨ ᠡᠪᠡᠳᠴᠢᠨ᠂ ᠠᠷᠠᠰᠤᠨ ᠡᠪᠡᠳᠴᠢᠨ᠂ ᠰᠢᠮ᠎ᠡ ᠲᠡᠵᠢᠭᠡᠯ ᠳᠤᠲᠠᠭᠳᠠᠭᠰᠠᠨ᠂ ᠲᠠᠮᠢᠷ ᠳᠣᠷᠣᠢ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

    ᠬᠢᠲᠠᠳ ᠨᠡᠷ᠎ᠡ᠄决明子(钝叶决明)(决明)
    ᠠᠩᠭ᠌ᠯᠢ ᠨᠡᠷ᠎ᠡ᠄Cassia   optusifolia   L.(Cassia  tora  L.)

    ᠦᠰᠦᠭ ᠠᠮᠢᠯᠠᠭᠤᠯᠤᠭᠴᠢ᠄ ᠣᠶᠤᠨᠴᠢᠮᠡᠭ
    ᠬᠢᠨᠠᠭᠴᠢ᠄ ᠲᠤᠶᠠᠭ᠎ᠠ