ᠰᠢᠷ᠎ᠠ ᠰᠣᠯᠣᠩᠭᠣᠰ ᠵᠢᠮᠢᠰШар Солонгос жимсShar Solongos jims
ᠰᠢᠷ᠎ᠠ ᠰᠣᠯᠣᠩᠭᠣᠰ ᠵᠢᠮᠢᠰ
ᠲᠤᠰ ᠡᠮ ᠪᠣᠯ ᠭᠠᠪᠢᠷ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠰᠢᠷ᠎ᠠ ᠰᠣᠯᠣᠩᠭᠣᠰ ᠴᠡᠴᠡᠭ ᠦ᠋ᠨ ᠵᠢᠮᠢᠰ ᠮᠥᠨ᠃
[ ᠤᠤᠯ ᠤᠷᠭᠤᠮᠠᠯ] ᠨᠠᠪᠴᠢ ᠵᠤᠯᠭᠠᠷᠠᠬᠤ ᠪᠤᠲᠠ ᠮᠣᠳᠣ᠃2~3m ᠥᠨᠳᠥᠷ᠂ ᠡᠰᠢ ᠨᠢ ᠪᠤᠲᠠᠯᠠᠵᠤ ᠰᠠᠷᠪᠠᠭᠠᠷ ᠪᠤᠶᠤ ᠤᠨᠵᠢᠢᠵᠤ ᠤᠷᠭᠤᠨ᠎ᠠ᠂ ᠵᠢᠵᠢᠭ ᠮᠥᠴᠢᠷ ᠨᠢ ᠵᠢᠭᠠᠬᠠᠨ ᠳᠥᠷᠪᠡᠨ ᠢᠷᠮᠡᠭ ᠲᠡᠢ᠂ ᠬᠥᠨᠳᠡᠢ᠂ ᠵᠥᠪᠬᠡᠨ ᠦᠶ᠎ᠡ ᠶ᠋ᠢᠨ ᠬᠡᠰᠡᠭ ᠲᠤᠨᠢ ᠨᠤᠭᠤᠰᠤ ᠲᠠᠢ᠂ ᠢᠯᠡᠬᠡᠨ ᠬᠠᠯᠢᠰᠤᠨ ᠰᠦᠪᠡ ᠲᠡᠢ᠃ ᠨᠠᠪᠴᠢ ᠨᠢ ᠴᠢᠭᠲᠠᠯᠠᠨ ᠤᠷᠭᠤᠨ᠎ᠠ᠂ ᠨᠠᠪᠴᠢᠨ ᠢᠯᠲᠠᠰᠤ ᠨᠢ ᠥᠨᠳᠡᠭᠡᠯᠵᠢᠨ᠂ ᠥᠷᠭᠡᠨ ᠥᠨᠳᠡᠭᠡᠯᠵᠢᠨ ᠪᠤᠶᠤ ᠵᠤᠤᠪᠠᠩᠯᠢᠭ ᠥᠨᠳᠡᠭᠡᠯᠵᠢᠨ ᠬᠡᠯᠪᠡᠷᠢ ᠲᠡᠢ᠂2cm ᠤᠷᠲᠤ᠂1.3cm ᠥᠷᠭᠡᠨ᠂ ᠦᠰᠦ ᠦᠭᠡᠢ᠂ ᠬᠤᠷᠴᠠ ᠱᠣᠪᠬᠣ ᠪᠤᠶᠤ ᠮᠤᠬᠤᠷ ᠦᠵᠦᠭᠦᠷ ᠲᠡᠢ᠂ ᠲᠣᠭᠣᠷᠢᠭ ᠪᠤᠶᠤ ᠱᠠᠭᠠᠨᠲᠠᠭ ᠤᠭ ᠲᠠᠢ᠂ ᠲᠡᠭᠰᠢ ᠪᠤᠰᠤ ᠬᠢᠷᠥᠭᠡᠨ ᠰᠢᠳᠦᠲᠦ ᠬᠥᠪᠡᠭᠡ ᠲᠡᠢ᠃ ᠴᠡᠴᠡᠭ ᠨᠢ ᠨᠠᠪᠴᠢᠨ ᠤ᠋ ᠥᠪᠥᠷ ᠲᠦ᠍1~3 ᠬᠦᠢᠰ ᠢ᠋ᠶ᠋ᠡᠷ ᠨᠠᠪᠴᠢ ᠭᠠᠷᠬᠤ ᠠ᠋ᠴᠠ ᠡᠮᠦᠨ᠎ᠡ ᠳᠡᠯᠭᠡᠷᠡᠨ᠎ᠡ᠃ ᠴᠡᠴᠡᠭ ᠦ᠋ᠨ ᠲᠣᠭᠳᠣᠢ ᠶ᠋ᠢᠨ ᠤᠭ ᠨᠢ ᠨᠡᠢᠯᠡᠭᠡᠳ ᠴᠣᠷᠭᠣ ᠰᠢᠭ᠋ ᠪᠣᠯᠳᠠᠭ᠃ ᠳᠡᠭᠡᠷ᠎ᠡ ᠬᠡᠰᠡᠭ ᠲᠤᠨᠢ4 ᠭᠦᠨ ᠣᠨᠢ ᠲᠠᠢ ᠴᠡᠴᠡᠭ ᠦ᠋ᠨ ᠳᠡᠯᠪᠢ ᠨᠢ ᠠᠯᠲᠠᠨ ᠰᠢᠷ᠎ᠠ᠂ ᠳ᠋ᠢᠶᠠᠮᠧᠲ᠋ᠷ ᠨᠢ3cm ᠣᠷᠴᠢᠮ᠂4 ᠰᠡᠵᠢᠭᠦᠷ ᠢᠯᠲᠠᠰᠤ ᠲᠠᠢ᠂ ᠥᠨᠳᠡᠭᠡᠯᠵᠢᠨ ᠲᠣᠭᠣᠷᠢᠭ ᠬᠡᠯᠪᠡᠷᠢ ᠲᠡᠢ᠂ ᠴᠡᠴᠡᠭ ᠦ᠋ᠨ ᠳᠡᠯᠪᠢ ᠶ᠋ᠢᠨ ᠴᠣᠷᠭᠣ ᠶ᠋ᠢᠨ ᠳᠣᠲᠣᠷ᠎ᠠ ᠨᠢ12 ᠵᠤᠷᠪᠤᠰ ᠵᠦᠷᠵᠢᠨ ᠤᠯᠠᠭᠠᠨ ᠵᠣᠷᠪᠣᠰᠯᠢᠭ ᠠᠷᠲᠠᠢ᠃2 ᠡᠷ᠎ᠡ ᠲᠣᠭᠣᠷᠴᠣᠭ ᠲᠠᠢ᠂ ᠴᠡᠴᠡᠭ ᠦ᠋ᠨ ᠳᠡᠯᠪᠢ ᠶ᠋ᠢᠨ ᠤᠭ ᠤ᠋ᠨ ᠬᠡᠰᠡᠭ ᠲᠦ᠍ ᠪᠠᠢᠷᠢᠯᠠᠨ᠎ᠠ᠃ ᠴᠡᠴᠡᠭ ᠦ᠋ᠨ ᠪᠠᠭᠠᠨ᠎ᠠ ᠨᠢ ᠨᠠᠷᠢᠨ ᠤᠷᠲᠤ᠂2 ᠠᠮᠠᠰᠠᠷ ᠲᠠᠢ᠃ ᠬᠣᠩᠭᠣᠷᠴᠣᠭᠲᠤ ᠵᠢᠮᠢᠰ ᠨᠢ ᠨᠠᠷᠢᠨ ᠥᠨᠳᠡᠭᠡᠯᠵᠢᠨ ᠬᠡᠯᠪᠡᠷᠢ ᠲᠡᠢ᠂ ᠵᠢᠭᠠᠬᠠᠨ ᠬᠠᠪᠲᠠᠭᠠᠢ᠂ ᠮᠣᠳᠣᠯᠢᠭ᠂ ᠭᠠᠳᠠᠭᠤᠷ ᠨᠢ ᠲᠠᠷᠠᠬᠠᠢ ᠠᠰᠢᠭ ᠰᠢᠭ᠋ ᠲᠣᠯᠪᠣ ᠲᠠᠢ᠂2 ᠲᠠᠰᠤᠭ ᠲᠠᠢ᠂2cm ᠣᠷᠴᠢᠮ ᠤᠷᠲᠤ᠂ ᠪᠣᠯᠪᠠᠰᠤᠷᠠᠪᠠᠯ ᠬᠣᠶᠠᠷ ᠰᠠᠯᠵᠤ ᠰᠢᠪᠠᠭᠤᠨ ᠬᠣᠱᠣᠣ ᠰᠢᠭ᠋ ᠪᠣᠯᠳᠠᠭ᠃ ᠣᠯᠠᠨ ᠦᠷ᠎ᠡ ᠲᠡᠢ᠂ ᠬᠠᠪᠲᠠᠭᠠᠢ᠂ ᠤᠯᠠᠪᠢᠷ ᠥᠩᠭᠡ ᠲᠡᠢ᠂ ᠨᠢᠮᠭᠡᠨ ᠳᠠᠯᠠᠪᠴᠢ ᠲᠠᠢ᠃3~5 ᠳ᠋ᠤᠭᠠᠷ ᠰᠠᠷ᠎ᠠ ᠳ᠋ᠤ᠌ ᠴᠡᠴᠡᠭᠯᠡᠵᠦ᠂7~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠡᠭᠡᠪᠦᠷ ᠬᠠᠵᠠᠭᠤ ᠶ᠋ᠢᠨ ᠥᠩ ᠰᠢᠮᠡᠯᠢᠭ ᠬᠥᠷᠥᠰᠥᠨ ᠳ᠋ᠦ᠍ ᠤᠷᠭᠤᠨ᠎ᠠ᠃ ᠪᠦᠬᠦ ᠤᠯᠤᠰ ᠤ᠋ᠨ ᠣᠯᠠᠩᠬᠢ ᠭᠠᠵᠠᠷ ᠣᠷᠣᠨ ᠳ᠋ᠤ᠌ ᠪᠦᠷ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠢᠮᠢᠰ ᠨᠢ ᠰᠠᠶᠢ ᠪᠣᠯᠪᠠᠰᠤᠷᠠᠵᠤ ᠪᠠᠢᠬᠤ ᠪᠤᠶᠤ ᠭᠦᠢᠴᠡᠳ ᠪᠣᠯᠪᠠᠰᠤᠷᠠᠭᠰᠠᠨ ᠦᠶ᠎ᠡ ᠳ᠋ᠦ᠍ ᠲᠡᠭᠦᠵᠦ᠂ ᠠᠷᠢᠯᠭᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ; ᠰᠡᠷᠢᠭᠦᠨ ᠴᠢᠨᠠᠷ ᠲᠠᠢ; ᠮᠣᠬᠣᠳᠠᠭ᠂ ᠬᠠᠭᠤᠷᠠᠢ᠂ ᠰᠢᠷᠦᠭᠦᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠠᠷᠢᠯᠭᠠᠬᠤ᠂ ᠰᠠᠭᠤᠯᠭᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠰᠠᠪᠠᠨ ᠤ᠋ ᠬᠠᠯᠠᠭᠤᠨ᠂ ᠭᠡᠳᠡᠰᠦᠨ ᠦ᠌ ᠬᠠᠳᠬᠤᠯᠭ᠎ᠠ᠂ ᠴᠢᠰᠤ ᠰᠢᠷ᠎ᠠ ᠪᠠᠷ ᠰᠠᠭᠤᠯᠭᠠᠬᠤ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄连翅
ᠠᠩᠭ᠌ᠯᠢ ᠨᠡᠷ᠎ᠡ᠄(Forsythia suspensa (Thunb.) Rahl)
ᠦᠰᠦᠭ ᠠᠮᠢᠯᠠᠭᠤᠯᠤᠭᠴᠢ᠄ ᠠᠯᠲᠠᠨᠴᠡᠴᠡᠭ
ᠬᠢᠨᠠᠭᠴᠢ᠄ ᠲᠤᠶᠠᠭ᠎ᠠ
