ᠬᠤᠰᠢᠭᠤᠨ ᠤ᠋ ᠪᠠᠭ᠎ᠠ ᠰᠤᠷᠭᠠᠭᠤᠯᠢ ᠶ᠋ᠢᠨ ᠲᠠᠪᠤᠳᠤᠭᠠᠷ ᠣᠨ ᠳ᠋ᠤ᠌ ᠰᠤᠷᠤᠯᠴᠠᠳᠠᠭ ᠪᠠᠲᠤ ᠬᠦᠦ ᠵᠢᠷᠤᠭ ᠵᠢᠷᠤᠬᠤ ᠳᠤᠷᠠᠲᠠᠢ᠃ ᠭᠠᠷᠠᠭ ᠪᠣᠯᠭᠠᠨ ᠳᠤᠷ᠎ᠠ ᠪᠠᠬ᠎ᠠ ᠶ᠋ᠢᠨ ᠠᠩᠭᠢ ᠳ᠋ᠤ᠌ ᠬᠦᠷᠴᠦ ᠵᠢᠷᠤᠭ ᠰᠤᠷᠳᠠᠭ ᠨᠢ ᠲᠡᠭᠦᠨ ᠦ᠌ ᠠᠮᠢᠳᠤᠷᠠᠯ ᠤ᠋ᠨ ᠵᠤᠷᠰᠢᠯ ᠪᠣᠯᠵᠠᠢ᠃ ᠬᠡᠳᠦᠢᠪᠡᠷ ᠭᠡᠷ ᠦ᠋ᠨ ᠠᠮᠢᠳᠤᠷᠠᠯ ᠨᠢ ᠬᠦᠴᠢᠷ ᠪᠢᠰᠢ ᠴᠦ᠍ ᠥᠪᠡᠷ ᠢ᠋ᠶ᠋ᠡᠨ ᠵᠣᠭᠣᠰ ᠣᠯᠵᠤ ᠠᠪᠤ ᠡᠵᠢ ᠶ᠋ᠢᠨ ᠢ᠋ᠶ᠋ᠡᠨ ᠳᠠᠷᠤᠭᠠᠰᠤ ᠶ᠋ᠢ ᠬᠥᠩᠭᠡᠯᠡᠨ ᠪᠡᠶ᠎ᠡ ᠪᠡᠨ ᠲᠡᠵᠢᠭᠡᠬᠦ ᠨᠢ ᠲᠡᠭᠦᠨ ᠦ᠌ ᠪᠢᠴᠢᠬᠠᠨ ᠣᠶᠤᠨ ᠳ᠋ᠤ᠌ ᠨᠢ ᠮᠥᠷᠥᠭᠡᠳᠦᠯ ᠪᠣᠯᠤᠨ ᠦᠯᠡᠳᠡᠵᠡᠢ᠃ ᠨᠢᠭᠡ ᠤᠳᠠᠭ᠎ᠠ ᠪᠠᠲᠤ ᠬᠦᠦ ᠵᠢᠷᠤᠭᠰᠠᠨ ᠵᠢᠷᠤᠭ ᠠ᠋ᠴᠠ ᠪᠠᠨ ᠬᠡᠳᠦ ᠶ᠋ᠢ ᠠᠪᠴᠤ ᠰᠤᠷᠭᠠᠭᠤᠯᠢ ᠳ᠋ᠤ᠌ ᠪᠠᠨ ᠬᠦᠷᠴᠦ ᠬᠠᠮᠲᠤ ᠰᠤᠷᠤᠭᠴᠢ ᠨᠠᠷ ᠲᠠᠭᠠᠨ ᠭᠠᠢᠬᠠᠭᠤᠯᠤᠭᠰᠠᠨ ᠳ᠋ᠤ᠌ ᠪᠦᠭᠦᠳᠡᠭᠡᠷ ᠢ᠋ᠶ᠋ᠡᠨ ᠶᠡᠬᠡ ᠪᠠᠬᠠᠷᠬᠠᠵᠤ ᠪᠠᠢᠯ᠎ᠠ᠃ ᠬᠡᠳᠦᠨ ᠡᠳᠦᠷ ᠦ᠋ᠨ ᠳᠠᠷᠠᠭ᠎ᠠ ᠪᠦᠬᠦ ᠵᠢᠷᠤᠭ ᠢ᠋ᠶ᠋ᠠᠨ ᠠᠪᠴᠤ ᠰᠤᠷᠭᠠᠭᠤᠯᠢ ᠳ᠋ᠤ᠌ ᠪᠠᠨ ᠬᠦᠷᠴᠦ ᠬᠤᠳᠠᠯᠳᠤᠬᠤ ᠪᠠᠷ ᠪᠣᠯᠵᠠᠢ᠃ ᠭᠡᠪᠡᠴᠦ ᠶᠠᠮᠠᠷ ᠴᠦ᠍ ᠬᠠᠮᠲᠤ ᠰᠤᠷᠤᠭᠴᠢ ᠨᠢ ᠲᠡᠭᠦᠨ ᠦ᠌ ᠵᠢᠷᠤᠭ ᠲᠤ ᠮᠥᠩᠭᠥ ᠥᠭᠭᠦᠭᠰᠡᠨ ᠦᠭᠡᠢ᠃ ᠲᠡᠷᠡ ᠬᠡᠳᠦᠨ ᠡᠳᠦᠷ ᠤᠷᠮ᠎ᠠ ᠦᠭᠡᠢ ᠶᠠᠪᠤᠵᠤ ᠪᠠᠢᠭᠠᠳ ᠭᠡᠨᠡᠳᠲᠡ ᠨᠢᠭᠡ ᠠᠷᠭ᠎ᠠ ᠪᠣᠳᠣᠵᠤ ᠣᠯᠵᠠᠢ᠃ ᠠᠩᠭᠢ ᠶ᠋ᠢᠨ ᠬᠠᠮᠤᠭ ᠬᠥᠭᠡᠷᠦᠬᠦᠨ᠂ ᠬᠠᠮᠤᠭ ᠠ᠋ᠴᠠ ᠬᠦᠷᠢᠶᠡᠯᠡᠯᠲᠡᠢ ᠬᠡᠦᠬᠡᠨ ᠳᠡᠭᠡᠷ᠎ᠡ ᠬᠦᠷᠴᠦ ᠲᠡᠭᠦᠨ ᠳ᠋ᠦ᠍ ᠬᠣᠶᠠᠷ ᠬᠡᠰᠡᠭ ᠰᠢᠬᠢᠷ ᠪᠡᠯᠡᠭᠯᠡᠵᠦ ᠲᠡᠭᠦᠨ ᠢ᠋ᠶ᠋ᠡᠷ ᠵᠢᠷᠤᠭ ᠢ᠋ᠶ᠋ᠠᠨ ᠬᠤᠳᠠᠯᠳᠤᠭᠤᠯᠬᠤ ᠪᠠᠷ ᠪᠣᠯᠵᠤ ᠮᠥᠨ ᠨᠢᠭᠡ ᠵᠢᠷᠤᠭ ᠬᠤᠳᠠᠯᠳᠤᠪᠠᠯ ᠨᠢᠭᠡ ᠰᠢᠬᠢᠷ ᠠᠪᠴᠤ ᠥᠭᠬᠦ ᠪᠡᠷ ᠲᠣᠭᠲᠠᠵᠠᠢ᠃ ᠰᠠᠨᠠᠭᠰᠠᠨ ᠠ᠋ᠴᠠ ᠭᠠᠳᠠᠭᠤᠷ ᠪᠠᠲᠤ ᠬᠦᠦ ᠶ᠋ᠢᠨ ᠵᠢᠷᠤᠭ ᠥᠨᠳᠥᠷ ᠦᠨ᠎ᠡ ᠬᠦᠷᠴᠦ᠂ ᠵᠢᠷᠤᠭ ᠢ᠋ᠶ᠋ᠠᠨ ᠵᠢᠷᠤᠵᠤ ᠠᠮᠵᠢᠬᠤ ᠪᠠᠨ ᠪᠣᠯᠢᠭᠰᠠᠨ ᠪᠠᠢᠨ᠎ᠠ᠃
ᠦᠰᠦᠭ ᠠᠮᠢᠯᠠᠭᠤᠯᠤᠭᠴᠢ᠄ ᠡᠩᠬᠡᠪᠠᠲᠤ
ᠦᠰᠦᠭ ᠬᠢᠨᠠᠭᠴᠢ᠄ ᠪᠠᠶᠠᠷᠴᠡᠴᠡᠭ