ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 44 Нэгэн ном тавцан үн өдөр үн тэмдэглэлээс – 44 ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 44 Нэгэн ном тавцан үн өдөр үн тэмдэглэлээс – 44

ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 44 Нэгэн ном тавцан үн өдөр үн тэмдэглэлээс – 44

2025-05-18

299

 

       ᠨᠢᠭᠡ ᠵᠠᠯᠠᠭᠤ ᠬᠣᠣᠰ ᠤ᠋ᠨ ᠭᠡᠷ ᠦ᠋ᠨ ᠡᠰᠡᠷᠭᠦ ᠳ᠋ᠦ᠍ ᠰᠢᠨ᠎ᠡ ᠠᠢᠯ ᠨᠡᠭᠦᠵᠦ ᠢᠷᠡᠵᠡᠢ᠃ ᠳᠠᠷᠠᠭ᠎ᠠ ᠡᠳᠦᠷ ᠦ᠋ᠨ ᠥᠷᠯᠥᠭᠡ ᠨᠢ ᠲᠡᠳᠡ ᠬᠣᠶᠠᠭᠤᠯᠠ ᠬᠣᠭᠣᠯᠠ ᠢᠳᠡᠬᠦ ᠳ᠋ᠦ᠍ ᠪᠡᠨ ᠡᠰᠡᠷᠭᠦ ᠲᠠᠯ᠎ᠠ ᠶ᠋ᠢᠨ ᠰᠢᠨ᠎ᠡ ᠠᠢᠯ ᠤ᠋ᠨ ᠬᠢᠨᠢ ᠬᠤᠪᠴᠠᠰᠤ ᠤᠬᠢᠶᠠᠵᠤ ᠪᠠᠢᠬᠤ ᠶ᠋ᠢ ᠦᠵᠡᠭᠡᠳ ᠨᠥᠬᠥᠷ ᠲᠦ᠍ ᠪᠡᠨ᠄《ᠲᠡᠷᠡ ᠡᠮᠡᠭᠲᠡᠢ ᠬᠤᠪᠴᠠᠰᠤ ᠪᠠᠨ ᠴᠡᠪᠡᠷ ᠤᠬᠢᠶᠠᠵᠤ ᠴᠢᠳᠠᠬᠤ ᠦᠭᠡᠢ᠃ ᠲᠡᠷᠡ ᠶᠠᠭᠠᠬᠢᠵᠤ ᠤᠬᠢᠶᠠᠬᠤ ᠪᠠᠨ ᠮᠡᠳᠡᠬᠦ ᠦᠭᠡᠢ ᠶᠦᠮ ᠤᠤ ᠡᠰᠡᠬᠦᠯ᠎ᠡ ᠤᠬᠢᠶᠠᠯᠭ᠎ᠠ ᠶ᠋ᠢᠨ ᠨᠤᠨᠲᠠᠭ ᠨᠢ ᠪᠣᠯᠵᠤ ᠦᠭᠡᠢ ᠪᠠᠢᠬᠤ ᠶᠤᠮ ᠤᠤ?》 ᠭᠡᠬᠦ ᠳ᠋ᠦ᠍ ᠨᠥᠬᠥᠷ ᠨᠢ ᠡᠬᠡᠨᠡᠷ ᠢ᠋ᠶ᠋ᠡᠨ ᠬᠠᠷᠠᠵᠤ ᠠᠪᠤᠭᠠᠳ ᠶᠠᠭᠤ ᠴᠦ᠍ ᠶᠠᠷᠢᠭᠰᠠᠨ ᠦᠭᠡᠢ᠃  ᠤᠳᠠᠭ᠎ᠠ ᠪᠣᠯᠭᠠᠨ ᠲᠡᠷᠡ ᠠᠢᠯ ᠤ᠋ᠨ ᠬᠢᠨᠢ ᠬᠤᠪᠴᠠᠰᠤ ᠤᠬᠢᠶᠠᠬᠤ ᠳ᠋ᠤ᠌ ᠡᠨᠡ ᠡᠮᠡᠭᠲᠡᠢ ᠨᠢᠭᠡ ᠵᠡᠷᠭᠡ ᠰᠢᠭᠦᠮᠵᠢᠯᠡᠵᠦ ᠭᠠᠷᠳᠠᠭ᠃  
       ᠪᠠᠷᠤᠭ ᠨᠢᠭᠡ ᠰᠠᠷ᠎ᠠ ᠶ᠋ᠢᠨ ᠳᠠᠷᠠᠭ᠎ᠠ ᠵᠠᠯᠠᠭᠤ ᠡᠬᠡᠨᠡᠷ ᠡᠰᠡᠷᠭᠦ ᠲᠠᠯ᠎ᠠ ᠶ᠋ᠢᠨ ᠠᠢᠯ ᠤ᠋ᠨ ᠬᠤᠪᠴᠠᠰᠤᠨ ᠡᠯᠭᠦᠭᠡᠰᠦᠨ ᠳᠡᠭᠡᠷ᠎ᠡ ᠴᠡᠪᠡᠷ ᠬᠤᠪᠴᠠᠰᠤ ᠡᠯᠭᠦᠭᠡᠰᠦᠲᠡᠢ ᠶ᠋ᠢ ᠣᠯᠵᠤ ᠬᠠᠷᠠᠭᠠᠳ ᠶᠡᠬᠡ ᠭᠠᠢᠬᠠᠵᠤ᠄《ᠴᠢ ᠬᠤᠷᠳᠤᠨ ᠦᠵᠡ! ᠲᠡᠷᠡ ᠡᠮᠡᠭᠲᠡᠢ ᠬᠤᠪᠴᠠᠰᠤ ᠪᠠᠨ ᠴᠡᠪᠡᠷ ᠤᠬᠢᠶᠠᠭᠠᠳ ᠴᠢᠳᠠᠴᠢᠬᠠᠵᠠᠢ᠃ ᠬᠡᠨ ᠲᠡᠭᠦᠨ ᠳ᠋ᠦ᠍ ᠵᠢᠭᠠᠵᠤ ᠥᠭᠭᠦᠭᠰᠡᠨ ᠪᠣᠯ?》 ᠭᠡᠵᠦ ᠨᠥᠬᠥᠷ ᠲᠦ᠍ ᠪᠡᠨ ᠬᠡᠯᠡᠬᠦ ᠳ᠋ᠦ᠍ ᠨᠥᠬᠥᠷ ᠨᠢ《ᠪᠢ ᠡᠨᠡ ᠥᠷᠯᠥᠭᠡ ᠡᠷᠲᠡ ᠪᠣᠰᠤᠭᠠᠳ ᠮᠠᠨ ᠤ᠋ ᠭᠡᠷ ᠦ᠋ᠨ ᠢ᠋ᠶ᠋ᠡᠨ ᠴᠣᠩᠬᠣᠨ ᠰᠢᠯ ᠢ᠋ ᠵᠦᠯᠭᠦᠴᠢᠬᠡᠵᠡᠢ》 ᠭᠡᠵᠦ ᠬᠠᠷᠢᠭᠤᠯᠤᠭᠰᠠᠨ ᠭᠡᠨ᠎ᠡ᠃ 

        ᠦᠰᠦᠭ ᠠᠮᠢᠯᠠᠭᠤᠯᠤᠭᠴᠢ᠄ ᠡᠩᠬᠡᠪᠠᠲᠤ  
            ᠦᠰᠦᠭ ᠬᠢᠨᠠᠭᠴᠢ᠄ ᠪᠠᠶᠠᠷᠴᠡᠴᠡᠭ