ᠲᠣᠮᠣ ᠠᠯᠲᠠᠨ ᠴᠡᠴᠡᠭ ᠦ᠋ᠨ ᠦᠷ᠎ᠡТом алтан цэцгийн үрTom altan tsetsgiin ür
ᠲᠣᠮᠣ ᠠᠯᠲᠠᠨ ᠴᠡᠴᠡᠭ ᠦ᠋ᠨ ᠦᠷ᠎ᠡ
ᠲᠤᠰ ᠡᠮ ᠪᠣᠯ ᠬᠤᠯᠤ ᠶ᠋ᠢᠨ
ᠢᠵᠠᠭᠤᠷ ᠤ᠋ᠨ ᠤᠷᠭᠤᠮᠠᠯ ᠪᠣᠯᠬᠤ ᠲᠣᠮᠣ ᠠᠯᠲᠠᠨ ᠴᠡᠴᠡᠭ ᠦ᠋ᠨ ᠪᠣᠯᠪᠠᠰᠤᠷᠠᠮᠠᠯ ᠦᠷ᠎ᠡ ᠮᠥᠨ᠃ ᠪᠠᠰᠠ ᠰᠧᠷᠵᠢᠮᠧᠳᠤᠭ ᠴᠧᠸᠠ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠳᠠᠩᠰᠠ ᠤᠷᠭᠤᠮᠠᠯ᠃5~8mᠤᠷᠲᠤ᠃ ᠡᠰᠢᠨ ᠳᠡᠭᠡᠷ᠎ᠡ ᠨᠢ ᠢᠷᠮᠡᠭ ᠲᠡᠢ᠂ ᠣᠷᠢᠶᠠᠩᠭᠤ ᠨᠢ ᠰᠠᠯᠠᠭᠠᠯᠠᠬᠤ
ᠦᠭᠡᠢ᠃ ᠨᠠᠪᠴᠢ ᠨᠢ ᠴᠤᠪᠤᠷᠠᠨ ᠤᠷᠭᠤᠨ᠎ᠠ᠂ ᠭᠤᠷᠪᠠᠯᠵᠢᠨ ᠠ᠋ᠴᠠ ᠥᠷᠭᠡᠨ ᠥᠨᠳᠡᠭᠡᠯᠵᠢᠨ ᠬᠡᠯᠪᠡᠷᠢ ᠲᠡᠢ᠂8~22cm ᠤᠷᠲᠤ᠂ ᠥᠷᠭᠡᠨ ᠨᠢ ᠤᠷᠲᠤ ᠲᠠᠢ ᠪᠠᠨ ᠪᠠᠷᠤᠭ ᠲᠡᠩᠴᠡᠭᠦᠦ᠂3~5 ᠠᠯᠠᠭᠠᠯᠢᠭ ᠭᠦᠢᠬᠡᠨ ᠣᠨᠢ ᠠ᠋ᠴᠠ ᠭᠦᠨ ᠣᠨᠢ ᠲᠠᠢ᠂
ᠳᠤᠮᠳᠠᠬᠢ ᠰᠡᠵᠢᠭᠦᠷ ᠢᠯᠲᠠᠰᠤ ᠨᠢ ᠷᠣᠮᠪ ᠰᠢᠭ᠋ ᠥᠨᠳᠡᠭᠡᠯᠵᠢᠨ ᠬᠡᠯᠪᠡᠷᠢ ᠲᠡᠢ᠂
ᠬᠠᠵᠠᠭᠤ ᠶ᠋ᠢᠨ ᠬᠢᠨᠢ ᠭᠤᠷᠪᠠᠯᠵᠢᠨ ᠰᠢᠭ᠋ ᠥᠨᠳᠡᠭᠡᠯᠵᠢᠨ ᠬᠡᠯᠪᠡᠷᠢ ᠲᠡᠢ᠂
ᠱᠣᠪᠣᠭᠣᠷ ᠦᠵᠦᠭᠦᠷ ᠲᠡᠢ᠂ ᠵᠢᠷᠦᠬᠡᠨ ᠬᠡᠯᠪᠡᠷᠢᠲᠦ ᠤᠭ ᠲᠠᠢ᠂ ᠳᠤᠮᠳᠠᠬᠢ ᠰᠡᠵᠢᠭᠦᠷ ᠢᠯᠲᠠᠰᠤ ᠨᠢ ᠷᠣᠮᠪ ᠰᠢᠭ᠋ ᠥᠨᠳᠡᠭᠡᠯᠵᠢᠨ ᠬᠡᠯᠪᠡᠷᠢ ᠲᠡᠢ᠂ ᠬᠠᠵᠠᠭᠤ ᠶ᠋ᠢᠨ ᠬᠢᠨᠢ ᠭᠤᠷᠪᠠᠯᠵᠢᠨ ᠰᠢᠭ᠋ ᠥᠨᠳᠡᠭᠡᠯᠵᠢᠨ ᠬᠡᠯᠪᠡᠷᠢ ᠲᠡᠢ᠂ ᠱᠣᠪᠣᠭᠣᠷ ᠦᠵᠦᠭᠦᠷ ᠲᠡᠢ᠂ ᠵᠢᠷᠦᠬᠡᠨ ᠬᠡᠯᠪᠡᠷᠢᠲᠦ ᠤᠭ ᠲᠠᠢ᠂
ᠳᠣᠯᠭᠢᠶᠠᠯᠢᠭ ᠭᠤᠷᠪᠠᠯᠵᠢᠨ ᠬᠡᠷᠴᠢᠶᠡᠰᠦᠲᠦ ᠬᠥᠪᠡᠭᠡ ᠲᠡᠢ᠃ ᠨᠠᠪᠴᠢᠨ ᠪᠠᠷᠢᠭᠤᠯ ᠨᠢ5~10cm ᠤᠷᠲᠤ᠃ ᠨᠠᠪᠴᠢᠨ ᠪᠠᠷᠢᠭᠤᠯ ᠣᠷᠴᠢᠮ ᠤ᠋ᠨ ᠬᠣᠶᠠᠷ ᠬᠠᠵᠠᠭᠤ ᠳ᠋ᠤᠨᠢ ᠲᠤᠰ ᠪᠦᠷᠢ1~2 ᠪᠤᠯᠴᠢᠷᠬᠠᠢ ᠲᠠᠢ᠃ ᠴᠡᠴᠡᠭ ᠨᠢ ᠣᠨᠳᠣᠣ ᠭᠡᠷᠲᠡᠢ ᠪᠤᠶᠤ ᠭᠠᠭᠴᠠ ᠪᠡᠯᠭᠡ ᠲᠡᠢ᠂ ᠨᠢᠭᠡ ᠬᠡᠷᠲᠡᠢ᠂
ᠭᠠᠭᠴᠠᠭᠠᠷ ᠳᠡᠯᠭᠡᠷᠡᠨ᠎ᠡ᠃ ᠴᠡᠴᠡᠭ ᠦ᠋ᠨ ᠪᠠᠷᠢᠭᠤᠯ ᠨᠢ ᠨᠡᠯᠢᠶᠡᠳ ᠤᠷᠲᠤ᠂ ᠴᠡᠴᠡᠭ ᠨᠢ ᠨᠡᠯᠢᠶᠡᠳ ᠲᠣᠮᠣ᠂ ᠪᠥᠭᠡᠷᠡᠨ
ᠬᠡᠯᠪᠡᠷᠢᠲᠦ ᠪᠠᠭᠯᠠᠭᠴᠢ ᠲᠠᠢ᠂ ᠪᠠᠭᠯᠠᠭᠴᠢ ᠨᠢ3~4cm᠂ ᠪᠦᠲᠦᠨ ᠬᠥᠪᠡᠭᠡ ᠲᠡᠢ᠃ ᠴᠡᠴᠡᠭ ᠦ᠋ᠨ ᠲᠣᠭᠳᠣᠢ ᠨᠢ5 ᠰᠡᠵᠢᠭᠦᠷ ᠲᠡᠢ᠂ ᠬᠥᠳᠥᠰᠥᠯᠢᠭ᠂ ᠪᠦᠳᠡᠭᠢ ᠪᠣᠷᠣ ᠵᠢᠷᠤᠭᠠᠰᠤ ᠲᠠᠢ᠃ ᠴᠡᠴᠡᠭ ᠦ᠋ᠨ ᠳᠡᠯᠪᠢ ᠨᠢ ᠬᠤᠩᠬ᠎ᠠ ᠬᠡᠯᠪᠡᠷᠢ ᠲᠡᠢ᠂
ᠰᠢᠷᠠᠩᠭᠤᠢ᠂ ᠳ᠋ᠢᠶᠠᠮᠧᠲ᠋ᠷ ᠨᠢ ᠪᠠᠷᠤᠭ6cm ᠣᠷᠴᠢᠮ᠂5 ᠣᠨᠢ ᠲᠠᠢ᠂ ᠰᠡᠵᠢᠭᠦᠷ ᠢᠯᠲᠠᠰᠤ ᠨᠢ ᠲᠣᠩᠭᠣᠷᠤᠤ ᠥᠨᠳᠡᠭᠡᠯᠵᠢᠨ ᠵᠤᠤᠪᠠᠩ
ᠬᠡᠯᠪᠡᠷᠢ ᠲᠡᠢ᠃ ᠡᠷ᠎ᠡ ᠴᠡᠴᠡᠭ ᠦ᠋ᠨ ᠴᠡᠴᠡᠭ ᠦ᠋ᠨ ᠳᠡᠯᠪᠢ ᠶ᠋ᠢᠨ ᠶᠡᠬᠡ ᠪᠠᠭ᠎ᠠ ᠨᠢ ᠲᠡᠩᠴᠡᠭᠦᠦ ᠪᠤᠰᠤ᠂5 ᠡᠷ᠎ᠡ ᠲᠣᠭᠣᠷᠴᠣᠭ ᠨᠡᠢᠯᠡᠭᠡᠳ3 ᠪᠠᠭᠴᠠ ᠪᠣᠯᠳᠠᠭ᠃ ᠳᠣᠬᠢᠭᠤᠷ ᠨᠢ ᠣᠬᠣᠷ᠂ ᠬᠠᠪᠬᠠᠭᠠᠰᠤ
ᠪᠦᠬᠦᠢ2 ᠪᠠᠯ ᠤ᠋ᠨ ᠤᠭᠤᠲᠠ ᠲᠠᠢ᠃
ᠡᠮ᠎ᠡ ᠴᠡᠴᠡᠭ ᠦ᠋ᠨ ᠲᠣᠭᠳᠣᠢ ᠢᠯᠲᠠᠰᠤ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠴᠡᠴᠡᠭ ᠦ᠋ᠨ ᠳᠡᠯᠪᠢ ᠶ᠋ᠢᠨ
ᠶᠡᠬᠡ ᠪᠠᠭ᠎ᠠ ᠪᠠᠷᠤᠭ ᠲᠡᠩᠴᠡᠭᠦᠦ᠂ ᠤᠮᠠᠢ ᠨᠢ ᠳᠣᠣᠷᠠᠲᠤ ᠣᠷᠣᠨ ᠲᠠᠢ᠂ ᠪᠠᠭᠠᠨ᠎ᠠ ᠶ᠋ᠢᠨ
ᠠᠮᠠᠰᠠᠷ ᠨᠢ3 ᠰᠡᠵᠢᠭᠦᠷ ᠲᠡᠢ᠃
ᠬᠤᠯᠤ ᠵᠢᠮᠢᠰ ᠨᠢ ᠥᠷᠭᠡᠨ ᠵᠤᠤᠪᠠᠩ ᠠ᠋ᠴᠠ ᠥᠨᠳᠡᠭᠡᠯᠵᠢᠨ ᠪᠥᠮᠪᠥᠭᠡᠯᠢᠭ ᠬᠡᠯᠪᠡᠷᠢ ᠲᠡᠢ᠂12~15cm ᠤᠷᠲᠤ᠂ ᠳ᠋ᠢᠶᠠᠮᠧᠲ᠋ᠷ ᠨᠢ8~10cm᠂ ᠵᠦᠷᠵᠢᠨ ᠰᠢᠷ᠎ᠠ᠂
ᠭᠠᠳᠠᠷ ᠨᠢ ᠮᠢᠬᠠᠯᠢᠭ ᠥᠷᠭᠡᠰᠦ ᠰᠢᠭ ᠳᠣᠪᠣᠭᠣᠷ ᠲᠠᠢ᠃ ᠵᠢᠮᠢᠰ ᠦ᠋ᠨ ᠪᠠᠷᠢᠭᠤᠯ ᠨᠢ10cm ᠣᠷᠴᠢᠮ ᠤᠷᠲᠤ᠂35~50 ᠮᠥᠬᠥᠯᠢᠭ ᠦᠷ᠎ᠡ ᠲᠡᠢ᠂ ᠬᠠᠪᠲᠠᠭᠠᠢ᠂ ᠵᠠᠮᠪᠠᠷᠠᠭ᠎ᠠ ᠦᠭᠡᠢ ᠲᠣᠭᠣᠷᠢᠭ ᠬᠡᠯᠪᠡᠷᠢ ᠲᠡᠢ᠂2~4cm ᠤᠷᠲᠤ᠂1.5~3.5cm
ᠥᠷᠭᠡᠨ᠂ ᠡᠮᠬᠢ ᠦᠭᠡᠢ ᠬᠡᠷᠴᠢᠶᠡᠰᠦ ᠰᠢᠭ ᠡᠮᠲᠡᠷᠬᠡᠢ ᠬᠥᠪᠡᠭᠡ ᠲᠡᠢ᠂
ᠭᠠᠳᠠᠭᠤᠷ ᠨᠢ ᠠᠲᠤᠷᠢᠶ᠎ᠠ ᠠᠷᠲᠠᠢ᠃5~9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂9~11 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ ᠶ᠋ᠢᠨ ᠪᠤᠲᠠ ᠰᠥᠭᠡᠭ ᠳᠤᠮᠳᠠ ᠪᠤᠶᠤ
ᠣᠢ ᠶ᠋ᠢᠨ ᠵᠠᠬ᠎ᠠ᠂ ᠡᠷᠭᠢ ᠶ᠋ᠢᠨ ᠬᠥᠪᠡᠭᠡ ᠪᠡᠷ ᠤᠷᠭᠤᠨ᠎ᠠ᠃ ᠭᠤᠸᠠᠩᠳᠦ᠋ᠩ᠂ ᠬᠠᠢᠨᠠᠨ᠂ ᠭᠤᠸᠠᠩᠰᠢ᠂ ᠵᠢᠶᠠᠩᠰᠢ᠂
ᠬᠤᠨᠠᠨ ᠬᠢᠭᠡᠳ ᠰᠧᠴᠤᠸᠠᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠡᠪᠦᠯ ᠪᠣᠯᠪᠠᠰᠤᠷᠠᠭᠰᠠᠨ ᠵᠢᠮᠢᠰ ᠢ᠋ ᠨᠢ ᠲᠡᠭᠦᠵᠦ ᠬᠠᠭᠠᠯᠤᠭᠠᠳ᠂
ᠨᠠᠷᠠᠨ ᠳ᠋ᠤ᠌ ᠬᠠᠭᠠᠰ ᠬᠠᠲᠠᠭᠠᠭᠰᠠᠨ ᠤ᠋ ᠳᠠᠷᠠᠭ᠎ᠠ᠂ ᠵᠢᠮᠢᠰ ᠦ᠋ᠨ ᠮᠢᠬ᠎ᠠ ᠶ᠋ᠢ ᠨᠢ ᠠᠷᠢᠯᠭᠠᠨ᠂ ᠦᠷ᠎ᠡ ᠶ᠋ᠢ
ᠨᠢ ᠭᠠᠷᠭᠠᠵᠤ ᠠᠪᠤᠭᠠᠳ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ᠂ ᠥᠴᠦᠬᠡᠨ ᠠᠮᠲᠠᠯᠢᠭ ᠠᠮᠲᠠ ᠲᠠᠢ᠂ ᠰᠡᠷᠢᠭᠦᠨ ᠴᠢᠨᠠᠷ ᠲᠠᠢ᠂
ᠮᠣᠬᠣᠳᠠᠭ᠂ ᠬᠥᠩᠭᠡᠨ᠂ ᠰᠢᠷᠦᠭᠦᠨ ᠡᠷᠳᠡᠮ ᠲᠡᠢ᠂ ᠪᠠᠭ᠎ᠠ ᠬᠣᠣᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ᠂ ᠬᠣᠣᠷ ᠢ᠋
ᠲᠠᠢᠯᠬᠤ ᠴᠢᠳᠠᠯ ᠲᠠᠢ᠃ ᠭᠣᠣᠯᠳᠠᠭᠤ ᠰᠠᠪᠠᠨ ᠤ᠋ ᠰᠢᠷ᠎ᠠ ᠶ᠋ᠢᠨ ᠬᠠᠯᠠᠭᠤᠨ᠂ ᠪᠡᠶ᠎ᠡ ᠰᠢᠷᠠᠯᠠᠬᠤ᠂ ᠡᠰᠡ ᠰᠢᠩᠭᠡᠭᠰᠡᠨ
ᠡᠪᠡᠳᠴᠢᠨ᠂ ᠡᠯᠢᠭᠡ᠂ ᠰᠥᠰᠥ᠂ ᠳᠡᠯᠢᠭᠦᠨ ᠦ᠌ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄木鳖子 (木鳖)
ᠠᠩᠭ᠌ᠯᠢ ᠨᠡᠷ᠎ᠡ᠄Momordica cochinenisis (Lour. ) Sprng
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠲᠤᠶᠠᠭ᠎ᠠ
