ᠳ᠋ᠠᠨᠷᠣᠭДанрогDanrog ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠳ᠋ᠠᠨᠷᠣᠭДанрогDanrog

ᠳ᠋ᠠᠨᠷᠣᠭДанрогDanrog

2025-05-23

208

ᠳ᠋ᠠᠨᠷᠣᠭ

   ᠲᠤᠰ ᠡᠮ ᠪᠣᠯ ᠲᠠᠷᠨᠤ ᠶ᠋ᠢᠨ ᠢᠵᠠᠭᠤᠷ ᠤ᠋ᠨ ᠤᠷᠭᠤᠮᠠᠯ ᠪᠣᠯᠬᠤ ᠳ᠋ᠠᠨᠷᠣᠭ ᠤ᠋ᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃
   [ ᠤᠤᠯ ᠤᠷᠭᠤᠮᠠᠯ] ᠮᠥᠩᠬᠡ ᠬᠥᠬᠡᠷᠡᠭᠴᠢ ᠲᠤᠷᠤᠭ ᠮᠣᠳᠣ᠃6~10m ᠥᠨᠳᠥᠷ᠂ ᠨᠢᠯᠬ᠎ᠠ ᠮᠥᠴᠢᠷ ᠨᠢ ᠨᠣᠭᠣᠭᠠᠨ ᠥᠩᠭᠡ ᠲᠡᠢ᠂ ᠲᠠᠷᠠᠮᠠᠭ ᠣᠳᠣᠯᠢᠭ ᠵᠥᠭᠡᠯᠡᠨ ᠦᠰᠦ ᠲᠡᠢ ᠪᠤᠶᠤ ᠦᠰᠦ ᠦᠭᠡᠢ ᠰᠢᠤᠬᠠᠨ᠃ ᠬᠣᠶᠠᠷ ᠵᠢᠯ ᠤᠷᠭᠤᠭᠰᠠᠨ ᠮᠥᠴᠢᠷ ᠨᠢ ᠴᠠᠢᠪᠤᠷ ᠨᠣᠭᠣᠭᠠᠨ ᠥᠩᠭᠡ ᠲᠡᠢ᠂ ᠢᠯᠡ ᠪᠤᠰᠤ ᠰᠢᠷ᠎ᠠ ᠥᠩᠭᠡᠲᠦ ᠨᠠᠷᠢᠬᠠᠨ ᠭᠤᠯᠳᠤ ᠴᠠᠪ ᠠᠷᠲᠠᠢ᠃ ᠨᠠᠪᠴᠢ ᠨᠢ ᠴᠤᠪᠤᠷᠠᠨ ᠤᠷᠭᠤᠨ᠎ᠠ᠂2~6cm ᠤᠷᠲᠤ ᠨᠠᠪᠴᠢᠨ ᠪᠠᠷᠢᠭᠤᠯ ᠲᠠᠢ᠂ ᠨᠠᠪᠴᠢᠨ ᠢᠯᠲᠠᠰᠤ ᠨᠢ ᠥᠨᠳᠡᠭᠡᠯᠵᠢᠨ ᠪᠤᠶᠤ ᠤᠷᠲᠤᠯᠵᠢᠨ ᠲᠣᠭᠣᠷᠢᠭ ᠥᠨᠳᠡᠭᠡᠯᠵᠢᠨ ᠬᠡᠯᠪᠡᠷᠢ ᠲᠡᠢ᠂5~13cm ᠤᠷᠲᠤ᠂2.5~6cm ᠥᠷᠭᠡᠨ᠂ ᠱᠣᠪᠲᠤᠭᠤᠷ ᠦᠵᠦᠭᠦᠷ ᠲᠡᠢ᠂ ᠲᠣᠭᠣᠷᠢᠭ ᠥᠷᠭᠡᠨ ᠱᠠᠭᠠᠨᠲᠠᠭ ᠤᠭ ᠲᠠᠢ ᠪᠥᠭᠡᠳ ᠨᠠᠪᠴᠢᠨ ᠪᠠᠷᠢᠭᠤᠯ ᠣᠷᠴᠢᠮ ᠳ᠋ᠤᠨᠢ2 ᠪᠤᠯᠴᠢᠷᠬᠠᠢ ᠲᠠᠢ᠂ ᠨᠠᠪᠴᠢᠨ ᠬᠥᠪᠡᠭᠡ ᠨᠢ ᠰᠡᠢᠷᠡᠭ ᠭᠦᠢᠬᠡᠨ ᠬᠢᠷᠥᠭᠡᠨ ᠰᠢᠲᠦ ᠲᠡᠢ᠂ ᠬᠣᠶᠠᠷ ᠲᠠᠯ᠎ᠠ ᠳ᠋ᠤᠨᠢ ᠪᠦᠷ ᠲᠠᠷᠠᠮᠠᠭ ᠣᠳᠣᠯᠢᠭ ᠦᠰᠦ ᠲᠡᠢ᠃ ᠭᠤᠷᠪᠠᠯᠠᠭᠰᠠᠨ ᠭᠣᠣᠯ ᠰᠤᠳᠠᠯ ᠲᠠᠢ᠂ ᠲᠣᠰᠬᠣᠭᠤᠷ ᠨᠠᠪᠴᠢ ᠨᠢ ᠡᠷᠲᠡ ᠵᠤᠯᠭᠠᠷᠠᠨ᠎ᠠ᠃ ᠭᠠᠭᠴᠠ ᠪᠡᠯᠭᠡᠲᠦ ᠴᠡᠴᠡᠭ ᠲᠡᠢ ᠪᠥᠭᠡᠳ ᠨᠢᠭᠡ ᠭᠡᠷᠲᠡᠢ᠃ ᠴᠠᠴᠤᠭ ᠬᠡᠯᠪᠡᠷᠢᠲᠦ ᠪᠠᠭ ᠴᠡᠴᠡᠭ ᠨᠢ ᠣᠷᠣᠢ ᠳ᠋ᠤᠨᠢ ᠳᠡᠯᠭᠡᠷᠡᠨ᠎ᠡ᠃ ᠳᠡᠭᠡᠷ᠎ᠡ ᠬᠡᠰᠡᠭ ᠲᠤᠨᠢ  ᠡᠷ᠎ᠡ ᠴᠡᠴᠡᠭ ᠳᠡᠯᠭᠡᠷᠡᠵᠦ᠂ ᠳᠣᠣᠷ᠎ᠠ ᠬᠡᠰᠡᠭ ᠲᠤᠨᠢ ᠡᠮ᠎ᠡ ᠴᠡᠴᠡᠭ ᠳᠡᠯᠭᠡᠷᠡᠬᠦ ᠪᠤᠶᠤ ᠪᠦᠷ ᠡᠷ᠎ᠡ ᠴᠡᠴᠡᠭ ᠳᠡᠯᠭᠡᠷᠡᠬᠦ ᠴᠦ᠍ ᠪᠣᠢ᠃ ᠴᠡᠴᠡᠭ ᠦ᠋ᠨ ᠪᠠᠷᠢᠭᠤᠯ ᠨᠢ ᠨᠠᠷᠢᠨ ᠮᠥᠷᠲᠡᠭᠡᠨ ᠣᠬᠣᠷ᠂ ᠣᠳᠣᠯᠢᠭ ᠦᠰᠦ ᠲᠡᠢ᠃ ᠡᠷ᠎ᠡ ᠴᠡᠴᠡᠭ ᠨᠢ ᠨᠣᠭᠣᠭᠠᠨ ᠥᠩᠭᠡ ᠲᠡᠢ᠂ ᠨᠡᠯᠢᠶᠡᠳ ᠵᠢᠵᠢᠭ᠂ ᠴᠡᠴᠡᠭ ᠦ᠋ᠨ ᠲᠣᠭᠳᠣᠢ ᠨᠢ5 ᠣᠨᠢ ᠲᠠᠢ᠂ ᠲᠠᠷᠠᠮᠠᠭ ᠨᠠᠷᠢᠨ ᠣᠳᠣᠯᠢᠭ ᠦᠰᠦ ᠲᠡᠢ᠂ ᠲᠣᠭᠳᠣᠢ ᠢᠯᠲᠠᠰᠤ ᠨᠢ ᠥᠨᠳᠡᠭᠡᠯᠵᠢᠨ ᠬᠡᠯᠪᠡᠷᠢ ᠲᠡᠢ᠂ ᠴᠡᠴᠡᠭ ᠦ᠋ᠨ ᠬᠡᠯᠲᠡᠰ ᠨᠢ5᠂ ᠠᠷᠤᠨᠰᠢ ᠮᠠᠲᠠᠷᠢᠨ᠎ᠠ᠂ ᠳᠣᠲᠣᠷ᠎ᠠ ᠨᠢ ᠢᠬᠴᠤ ᠨᠠᠷᠢᠨ ᠬᠥᠪᠥᠩᠯᠢᠭ ᠦᠰᠦ ᠲᠡᠢ᠃15~20 ᠡᠷ᠎ᠡ ᠲᠣᠭᠣᠷᠴᠣᠭ ᠲᠠᠢ ᠪᠥᠭᠡᠳ ᠴᠡᠴᠡᠭ ᠦ᠋ᠨ ᠲᠠᠪᠠᠭ ᠤ᠋ᠨ ᠬᠥᠪᠡᠭᠡ ᠳ᠋ᠦ᠍ᠨᠢ ᠪᠠᠢᠷᠢᠯᠠᠨ᠎ᠠ᠃ ᠴᠡᠴᠡᠭ ᠦ᠋ᠨ ᠲᠠᠪᠠᠭ ᠨᠢ ᠫᠢᠯᠠ ᠬᠡᠯᠪᠡᠷᠢ ᠲᠡᠢ᠃ ᠡᠮ᠎ᠡ ᠴᠡᠴᠡᠭ ᠦ᠋ᠨ ᠲᠣᠭᠳᠣᠢ ᠨᠢ5 ᠣᠨᠢ ᠲᠠᠢ᠂ ᠴᠡᠴᠡᠭ ᠦ᠋ᠨ ᠬᠡᠯᠲᠡᠰ ᠦᠭᠡᠢ᠂ ᠤᠮᠠᠢ ᠨᠢ ᠲᠣᠭᠣᠷᠢᠭ ᠬᠡᠯᠪᠡᠷᠢ ᠲᠡᠢ᠂3 ᠲᠠᠰᠤᠭ ᠲᠠᠢ᠂ ᠢᠭᠴᠤ ᠣᠬᠣᠷ ᠪᠦᠳᠦᠭᠦᠨ ᠣᠳᠣᠯᠢᠭ ᠦᠰᠦ ᠲᠡᠢ᠂ ᠴᠡᠴᠡᠭ ᠦ᠋ᠨ ᠪᠠᠭᠠᠨ᠎ᠠ ᠨᠢ3᠂ ᠨᠠᠷᠢᠨ ᠤᠷᠲᠤ᠂ ᠪᠠᠭᠠᠨ᠎ᠠ ᠪᠦᠷᠢ ᠳ᠋ᠡᠭᠡᠨ2 ᠭᠦᠨ ᠣᠨᠢ ᠭᠠᠷᠳᠠᠭ᠃ ᠬᠣᠩᠭᠣᠷᠴᠣᠭᠲᠤ ᠵᠢᠮᠢᠰ ᠨᠢ ᠤᠷᠲᠤᠯᠵᠢᠨ ᠲᠣᠭᠣᠷᠢᠭ ᠠ᠋ᠴᠠ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂3 ᠮᠤᠬᠤᠷ ᠥᠨᠴᠥᠭ ᠲᠡᠢ᠃ ᠦᠷ᠎ᠡ ᠨᠢ ᠤᠷᠲᠤ ᠥᠨᠳᠡᠭᠡᠯᠵᠢᠨ ᠬᠡᠯᠪᠡᠷᠢ ᠲᠡᠢ᠂3 ᠮᠥᠬᠥᠯᠢᠭ ᠪᠣᠢ᠂ ᠰᠢᠷᠠᠩᠭᠤᠢ ᠬᠦᠷᠡᠩ ᠥᠩᠭᠡ ᠲᠡᠢ᠃3~5 ᠳ᠋ᠤᠭᠠᠷ ᠰᠠᠷ᠎ᠠ ᠳ᠋ᠤ᠌ ᠴᠡᠴᠡᠭᠯᠡᠵᠦ᠂6~7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠭᠣᠣ᠂ ᠭᠣᠣᠯ ᠭᠣᠷᠣᠬ᠎ᠠ ᠶ᠋ᠢᠨ ᠬᠥᠪᠡᠭᠡ᠂ ᠬᠡᠭᠡᠷ᠎ᠡ ᠲᠠᠯ᠎ᠠ ᠳ᠋ᠤ᠌ ᠵᠡᠷᠯᠢᠭ ᠤᠷᠭᠤᠬᠤ ᠪᠥᠭᠡᠳ ᠬᠠᠶᠠ ᠢᠬᠴᠤ ᠣᠢ ᠳ᠋ᠤ᠌ ᠴᠤ᠌ ᠬᠠᠷᠠᠭᠳᠠᠳᠠᠭ᠃ ᠣᠯᠠᠩᠬᠢ ᠳ᠋ᠠᠭᠠᠨ ᠠᠷᠠᠴᠢᠯᠠᠨ ᠲᠠᠷᠢᠵᠤ ᠪᠠᠢᠨ᠎ᠠ᠃ ᠵᠢᠶᠠᠩᠰᠦ᠂ ᠵᠧᠵᠢᠶᠠᠩ᠂ ᠹᠦᠵᠢᠶᠠᠨ᠂ ᠲᠠᠢᠸᠠᠨ᠂ ᠬᠤᠪᠧᠢ᠂ ᠬᠤᠨᠠᠨ᠂ ᠭᠣᠸᠠᠩᠳᠥ᠋ᠩ᠂ ᠭᠤᠸᠠᠩᠰᠢ᠂ ᠰᠧᠴᠤᠸᠠᠨ᠂ ᠭᠦᠢᠵᠧᠦ᠂ ᠶᠦᠨᠨᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠨᠠᠮᠤᠷ᠂ ᠵᠢᠮᠢᠰ ᠨᠢ ᠪᠣᠯᠪᠠᠰᠤᠷᠠᠬᠤ ᠳ᠋ᠤᠨᠢ ᠲᠡᠭᠦᠵᠦ ᠨᠠᠷᠠᠨ ᠳ᠋ᠤ᠌ ᠬᠠᠲᠠᠭᠠᠭᠠᠳ᠂ ᠵᠢᠮᠢᠰ ᠦ᠋ᠨ ᠬᠠᠯᠢᠰᠤ ᠶ᠋ᠢ ᠨᠢ ᠠᠷᠢᠯᠭᠠᠵᠤ ᠬᠠᠶᠠᠭᠠᠳ᠂ ᠦᠷ᠎ᠡ ᠶ᠋ᠢ ᠨᠢ ᠠᠪᠴᠤ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠤᠱᠤᠭᠤᠨ ᠠᠮᠲᠠ ᠲᠠᠢ᠂ ᠲᠡᠭᠰᠢ ᠴᠢᠨᠠᠷ ᠲᠠᠢ᠃ ᠬᠦᠨᠳᠦ᠂ ᠰᠢᠷᠦᠭᠦᠨ᠂ ᠡᠷᠳᠡᠮ ᠲᠡᠢ᠃ ᠶᠡᠬᠡ ᠬᠣᠣᠷ ᠲᠠᠢ᠃
   [ ᠴᠢᠳᠠᠯ ᠪᠠ ᠭᠣᠣᠯᠳᠠᠭᠤ ᠵᠠᠰᠠᠬᠤ] ᠬᠠᠲᠠᠭᠤ ᠪᠠᠷ ᠳᠣᠭᠣᠯᠭᠠᠬᠤ᠂  ᠪᠠᠳᠭ᠋ᠠᠨ ᠢ ᠠᠷᠢᠯᠭᠠᠬᠤ᠂ ᠬᠠᠪᠤᠩ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠨᠢᠶᠠᠨ᠂ ᠬᠣᠣᠷ ᠡᠪᠡᠳᠴᠢᠨ᠂ ᠴᠢᠭᠢᠬ᠎ᠠ᠂ ᠪᠣᠭᠣᠮ᠎ᠠ ᠬᠠᠪᠤᠳᠠᠷ᠂ ᠡᠰᠡ ᠰᠢᠩᠭᠡᠭᠰᠡᠨ᠂ ᠪᠠᠳᠭ᠋ᠠᠨ ᠡᠪᠡᠳᠴᠢᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
   [ ᠠᠩᠬᠠᠷᠤᠯ] ᠵᠢᠷᠮᠦᠰᠦᠨ ᠡᠮᠡᠭᠲᠡᠢ᠂ ᠲᠠᠮᠢᠷ ᠳᠣᠷᠣᠢ᠂ ᠨᠠᠰᠤ ᠠᠬᠢᠭᠰᠠᠳ ᠪᠠ ᠨᠢᠯᠬ᠎ᠠ ᠬᠡᠦᠬᠡᠳ ᠲᠦ᠍ ᠬᠡᠷᠡᠭᠯᠡᠵᠦ ᠪᠣᠯᠬᠤ ᠦᠭᠡᠢ᠃

   ᠬᠢᠲᠠᠳ ᠨᠡᠷ᠎ᠡ᠄巴豆
   ᠠᠩᠭ᠌ᠯᠢ ᠨᠡᠷ᠎ᠡ᠄Croton tiglium L.

   ᠦᠰᠦᠭ ᠠᠮᠢᠯᠠᠭᠤᠯᠤᠭᠴᠢ᠄ ᠣᠶᠤᠨᠴᠢᠮᠡᠭ