ᠲᠤᠢᠪᠠᠩ ᠤ᠋ᠨ ᠦᠷ᠎ᠡТуйвангийн үрTuivangiin ür ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠤᠢᠪᠠᠩ ᠤ᠋ᠨ ᠦᠷ᠎ᠡТуйвангийн үрTuivangiin ür

ᠲᠤᠢᠪᠠᠩ ᠤ᠋ᠨ ᠦᠷ᠎ᠡТуйвангийн үрTuivangiin ür

2025-05-24

389

ᠲᠤᠢᠪᠠᠩ ᠤ᠋ᠨ ᠦᠷ᠎ᠡ

   ᠲᠤᠰ ᠡᠮ ᠪᠣᠯ ᠲᠠᠰᠢᠭᠤᠷ ᠡᠪᠡᠰᠦᠨ ᠦ᠌ ᠢᠵᠠᠭᠤᠷ ᠤ᠋ᠨ ᠤᠷᠭᠤᠮᠠᠯ ᠪᠣᠯᠬᠤ ᠳᠠᠩ ᠨᠠᠪᠴᠢᠲᠤ ᠲᠤᠢᠪᠠᠩ ᠪᠤᠶᠤ ᠲᠤᠢᠪᠠᠩ ᠤ᠋ᠨ ᠪᠣᠯᠪᠠᠰᠤᠷᠠᠮᠠᠯ ᠵᠢᠮᠢᠰ ᠮᠥᠨ᠃ ᠵᠢᠳᠠᠩᠭ᠎ᠠ ᠪᠠᠷ ᠬᠡᠷᠡᠭᠯᠡᠳᠡᠭ᠃
   [ ᠤᠤᠯ ᠤᠷᠭᠤᠮᠠᠯ]1. ᠳᠠᠩ ᠨᠠᠪᠴᠢᠲᠤ ᠲᠤᠢᠪᠠᠩ   ᠨᠠᠪᠴᠢ ᠵᠤᠯᠭᠠᠷᠠᠬᠤ ᠪᠤᠲᠠ ᠮᠣᠳᠣ ᠪᠤᠶᠤ ᠪᠠᠭᠠᠪᠲᠤᠷ ᠲᠤᠷᠤᠭ ᠮᠣᠳᠣ᠂3cm ᠣᠷᠴᠢᠮ ᠥᠨᠳᠥᠷ᠂ ᠠᠩᠬᠢᠯᠤᠮ᠎ᠠ ᠦᠨᠦᠷ ᠲᠡᠢ᠃ ᠨᠢᠯᠬ᠎ᠠ ᠮᠥᠴᠢᠷ ᠨᠢ ᠳᠥᠷᠪᠡᠯᠵᠢᠨ᠂ ᠨᠢᠭ᠋ ᠨᠠᠷᠢᠨ ᠵᠥᠭᠡᠯᠡᠨ ᠦᠰᠦ ᠲᠡᠢ᠃ ᠳᠠᠩ ᠨᠠᠪᠴᠢ ᠲᠠᠢ᠂ ᠨᠠᠪᠴᠢᠨ ᠪᠠᠷᠢᠭᠤᠯ ᠨᠢ5~18mm ᠤᠷᠲᠤ᠂ ᠨᠠᠪᠴᠢ ᠨᠢ ᠥᠨᠳᠡᠭᠡᠯᠵᠢᠨ ᠪᠤᠶᠤ ᠲᠣᠩᠭᠣᠷᠤᠤ ᠥᠨᠳᠡᠭᠡᠯᠵᠢᠨ᠂2.5~5cm ᠤᠷᠲᠤ᠂1.5~3cm ᠥᠷᠭᠡᠨ᠂ ᠣᠬᠣᠷ ᠱᠣᠪᠬᠣ ᠦᠵᠦᠭᠦᠷ ᠲᠡᠢ᠂ ᠱᠠᠭᠠᠳᠠᠭ ᠠ᠋ᠴᠠ ᠲᠣᠭᠣᠷᠢᠭ ᠤᠭ ᠲᠠᠢ᠂ ᠪᠦᠲᠦᠨ ᠬᠥᠪᠡᠭᠡ ᠲᠡᠢ᠂ ᠨᠠᠪᠴᠢᠨ ᠤ᠋ ᠥᠪᠥᠷ ᠨᠢ ᠨᠣᠭᠣᠭᠠᠨ᠂ ᠲᠠᠷᠠᠮᠠᠭ ᠣᠬᠣᠷ ᠵᠥᠭᠡᠯᠡᠨ ᠦᠰᠦ ᠪᠠ ᠪᠤᠯᠴᠢᠷᠬᠠᠢ ᠲᠣᠯᠪᠣ ᠲᠠᠢ᠂ ᠠᠷᠤ ᠨᠢ ᠴᠠᠭᠠᠨ ᠪᠥᠭᠡᠳ ᠨᠢᠭ᠋ ᠣᠬᠣᠷ ᠵᠥᠭᠡᠯᠡᠨ ᠦᠰᠦ ᠪᠠ ᠪᠤᠯᠴᠢᠷᠬᠠᠢ ᠲᠣᠯᠪᠣ ᠲᠠᠢ᠂ ᠬᠠᠵᠠᠭᠤ ᠰᠤᠳᠠᠯ ᠨᠢ8 ᠬᠣᠣᠰ ᠪᠣᠢ᠃ ᠱᠣᠷᠣᠯᠵᠢᠨ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠂2~12cm ᠤᠷᠲᠤ᠃ ᠴᠡᠴᠡᠭ ᠦ᠋ᠨ ᠲᠣᠭᠳᠣᠢ ᠨᠢ ᠬᠤᠩᠬ᠎ᠠ ᠬᠡᠯᠪᠡᠷᠢ ᠲᠡᠢ᠂ ᠦᠵᠦᠭᠦᠷ  ᠲᠤᠨᠢ5 ᠣᠬᠣᠷ ᠥᠷᠭᠡᠰᠦ ᠲᠡᠢ᠂ ᠭᠠᠳᠠᠷ ᠨᠢ  ᠨᠢᠭ᠋ ᠴᠠᠭᠠᠨ ᠣᠬᠣᠷ ᠵᠥᠭᠡᠯᠡᠨ ᠦᠰᠦ ᠲᠡᠢ᠂ ᠲᠣᠭᠳᠣᠢ ᠬᠣᠭᠣᠯᠠᠢ ᠨᠢ4mm ᠣᠷᠴᠢᠮ ᠤᠷᠲᠤ᠃ ᠴᠡᠴᠡᠭ ᠦ᠋ᠨ ᠳᠡᠯᠪᠢ ᠨᠢ ᠭᠦᠢᠬᠡᠨ ᠪᠣᠷᠣ ᠥᠩᠭᠡ ᠲᠡᠢ᠂5 ᠣᠨᠢ ᠲᠠᠢ᠂ ᠭᠣᠣᠯ ᠳ᠋ᠠᠬᠢ1 ᠰᠡᠵᠢᠭᠦᠷ ᠢᠯᠲᠠᠰᠤ ᠨᠢ ᠬᠠᠮᠤᠭ ᠲᠣᠮᠣ᠂ ᠳᠣᠣᠷ᠎ᠠ ᠬᠠᠭᠠᠰ ᠦᠰᠦ ᠲᠡᠢ᠃4 ᠡᠷ᠎ᠡ ᠲᠣᠭᠣᠷᠴᠣᠭ ᠨᠢ ᠴᠡᠴᠡᠭ ᠦ᠋ᠨ ᠳᠡᠯᠪᠢ ᠡᠴᠡ ᠪᠡᠨ ᠴᠤᠬᠤᠢᠵᠤ ᠭᠠᠷᠳᠠᠭ᠃ ᠠᠴᠠᠯᠠᠵᠤ ᠲᠣᠭᠲᠠᠭᠰᠠᠨ ᠲᠣᠭᠣᠰᠣᠪᠴᠢ ᠲᠠᠢ᠂ ᠤᠮᠠᠢ ᠨᠢ ᠪᠥᠮᠪᠥᠭᠡᠯᠵᠢᠨ ᠬᠡᠯᠪᠡᠷᠢ ᠲᠡᠢ᠂ ᠢᠬᠴᠤ ᠪᠤᠯᠴᠢᠷᠬᠠᠢ ᠲᠣᠯᠪᠣ ᠲᠠᠢ᠂ ᠴᠡᠴᠡᠭ ᠦ᠋ᠨ ᠪᠠᠭᠠᠨ᠎ᠠ ᠨᠢ ᠦᠰᠦ ᠦᠭᠡᠢ᠂ ᠪᠠᠭᠠᠨ᠎ᠠ ᠶ᠋ᠢᠨ ᠠᠮᠠᠰᠠᠷ ᠨᠢ2 ᠣᠨᠢ ᠲᠠᠢ᠃ ᠰᠢᠭᠦᠰᠦᠯᠢᠭ ᠵᠢᠮᠢᠰ ᠨᠢ ᠪᠥᠮᠪᠦᠭᠡᠨ ᠬᠡᠯᠪᠡᠷᠢ ᠲᠡᠢ᠂ ᠳ᠋ᠢᠶᠠᠮᠧᠲ᠋ᠷ ᠨᠢ5~7mm᠂ ᠶᠡᠬᠡᠩᠬᠢ ᠬᠡᠰᠡᠭ ᠨᠢ ᠲᠣᠮᠣᠷᠠᠭᠰᠠᠨ ᠮᠥᠩᠬᠡ ᠣᠷᠣᠰᠢᠬᠤ ᠴᠡᠴᠡᠭ ᠦ᠋ᠨ ᠲᠣᠭᠳᠣᠢ ᠳ᠋ᠤ᠌ ᠪᠠᠭᠯᠠᠭᠳᠠᠵᠤ ᠪᠣᠢ᠃7 ᠳ᠋ᠤᠭᠠᠷ ᠰᠠᠷ᠎ᠠ ᠳ᠋ᠤ᠌ ᠴᠡᠴᠡᠭᠯᠡᠵᠦ᠂9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   2. ᠲᠤᠢᠪᠠᠩ ᠬᠡᠯᠪᠡᠷᠢ ᠳᠦᠷᠰᠦ ᠨᠢ ᠳᠡᠭᠡᠷᠡᠬᠢ ᠲᠡᠢ ᠲᠥᠰᠦᠭᠡᠲᠡᠢ᠃ ᠠᠳᠠᠯᠢ ᠦᠭᠡᠢ ᠵᠦᠢᠯ ᠭᠡᠪᠡᠯ ᠭᠤᠷᠪᠠᠨ ᠵᠢᠵᠢᠭ ᠨᠠᠪᠴᠢ ᠪᠦᠬᠦᠢ ᠨᠡᠢᠯᠡᠮᠡᠯ ᠨᠠᠪᠴᠢ ᠲᠠᠢ᠂ ᠢᠵᠢᠯ ᠨᠢᠭᠡᠨ ᠮᠥᠴᠢᠷ ᠦ᠋ᠨ ᠳᠡᠭᠡᠷ᠎ᠡ ᠬᠡᠰᠡᠭ ᠪᠤᠶᠤ ᠳᠣᠣᠷ᠎ᠠ ᠬᠡᠰᠡᠭ  ᠲᠤᠨᠢ ᠬᠠᠶᠠ ᠳᠠᠩ ᠨᠠᠪᠴᠢ ᠲᠠᠢ᠂ ᠵᠢᠵᠢᠭ ᠨᠠᠪᠴᠢ ᠨᠢ ᠪᠠᠷᠢᠭᠤᠯ ᠦᠭᠡᠢ᠂ ᠵᠢᠵᠢᠭ ᠨᠠᠪᠴᠢᠨ ᠢᠯᠲᠠᠰᠤ ᠨᠢ ᠲᠣᠩᠭᠣᠷᠤᠤ ᠥᠨᠳᠡᠭᠡᠯᠵᠢᠨ ᠪᠤᠶᠤ ᠲᠣᠩᠭᠣᠷᠤᠤ ᠬᠠᠪᠲᠠᠭᠠᠢ ᠲᠡᠪᠡᠨᠡ ᠬᠡᠯᠪᠡᠷᠢ ᠲᠡᠢ᠂ ᠭᠣᠣᠯ ᠳ᠋ᠠᠬᠢ ᠵᠢᠵᠢᠭ ᠨᠠᠪᠴᠢ ᠨᠢ ᠶᠡᠷᠦ ᠳ᠋ᠡᠭᠡᠨ ᠬᠠᠵᠠᠭᠤ ᠶ᠋ᠢᠨ ᠨᠠᠪᠴᠢ ᠠ᠋ᠴᠠ ᠪᠠᠨ1/3 ᠣᠷᠴᠢᠮ ᠤᠷᠲᠤ᠃ ᠨᠠᠪᠴᠢᠨ ᠪᠠᠷᠢᠭᠤᠯ ᠨᠢ1-3cm ᠤᠷᠲᠤ᠂ ᠢᠬᠴᠤ ᠨᠠᠷᠢᠨ ᠨᠣᠣᠯᠣᠭᠤᠷ ᠦᠰᠦ ᠲᠡᠢ᠃ ᠴᠣᠮᠬᠠᠨ ᠪᠠᠭ ᠴᠡᠴᠡᠭ ᠨᠢ ᠣᠯᠠᠨ ᠪᠥᠭᠡᠳ ᠡᠰᠢᠨ ᠦ᠌ ᠣᠷᠣᠢ ᠳ᠋ᠤ᠌ ᠱᠣᠷᠣᠯᠵᠢᠨ ᠪᠠᠭ ᠴᠡᠴᠡᠭ ᠪᠣᠯᠵᠤ ᠵᠡᠷᠭᠡᠴᠡᠨ᠎ᠡ᠃7 ᠳ᠋ᠤᠭᠠᠷ ᠰᠠᠷ᠎ᠠ ᠳ᠋ᠤ᠌ ᠴᠡᠴᠡᠭᠯᠡᠵᠦ᠂11 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠳᠠᠩ ᠨᠠᠪᠴᠢᠲᠤ ᠲᠤᠢᠪᠠᠩ ᠪᠣᠯ ᠳᠠᠯᠠᠢ ᠶ᠋ᠢᠨ ᠬᠥᠪᠡᠭᠡ᠂ ᠡᠯᠡᠰᠦᠨ ᠳᠠᠩ᠂ ᠨᠠᠭᠤᠷ ᠤ᠋ᠨ ᠬᠥᠪᠡᠭᠡ ᠪᠡᠷ ᠤᠷᠭᠤᠨ᠎ᠠ᠃ ᠯᠢᠶᠣᠤᠨᠢᠩ᠂ ᠾᠧᠪᠧᠢ᠂ ᠾᠧᠨᠠᠨ᠂ ᠱᠠᠨᠳᠦ᠋ᠩ᠂ ᠵᠢᠶᠠᠩᠰᠦ᠂  ᠠᠨᠾᠥ᠋ᠢ᠂ ᠵᠧᠵᠢᠶᠠᠩ᠂ ᠵᠢᠶᠠᠩᠰᠢ᠂ ᠹᠦᠵᠢᠶᠠᠨ᠂ ᠲᠠᠢᠸᠠᠨ᠂ ᠬᠤᠪᠧᠢ᠂ ᠬᠤᠨᠠᠨ᠂ ᠭᠤᠸᠠᠩᠳᠥ᠋ᠩ᠂ ᠶᠦᠨᠨᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃ ᠲᠤᠢᠪᠠᠩ ᠪᠣᠯ ᠲᠠᠯ᠎ᠠ ᠭᠠᠵᠠᠷ᠂ ᠭᠣᠣᠯ ᠤ᠋ᠨ ᠳᠠᠩ ᠪᠣᠯᠤᠨ ᠠᠲᠠᠷ ᠭᠠᠵᠠᠷ ᠲᠤ᠌ ᠤᠷᠭᠤᠨ᠎ᠠ᠃ ᠮᠠᠨ ᠤ᠋ ᠤᠯᠤᠰ ᠤ᠋ᠨ ᠳᠠᠯᠠᠢ ᠳᠠᠭᠠᠤ ᠣᠷᠣᠨ ᠵᠢᠴᠢ ᠭᠤᠸᠠᠩᠰᠢ᠂ ᠶᠦᠨᠨᠠᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠨᠠᠮᠤᠷ᠂ ᠵᠢᠮᠢᠰ ᠨᠢ ᠪᠣᠯᠪᠠᠰᠤᠷᠠᠬᠤ ᠳ᠋ᠤᠨᠢ ᠲᠡᠭᠦᠵᠦ᠂ ᠬᠣᠯᠢᠮᠠᠭ ᠵᠦᠢᠯ ᠢ᠋ ᠨᠢ ᠠᠷᠢᠯᠭᠠᠭᠠᠳ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠢᠰᠬᠦᠯᠡᠩ ᠠᠮᠲᠠ ᠲᠠᠢ; ᠲᠡᠭᠰᠢ ᠴᠢᠨᠠᠷ ᠲᠠᠢ; ᠰᠢᠷᠦᠭᠦᠨ᠂ ᠬᠤᠷᠴᠠ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠣᠷᠣᠬᠠᠢ ᠶ᠋ᠢ ᠨᠢᠲᠤᠯᠬᠤ᠂ ᠢᠯᠴᠢ ᠶ᠋ᠢ ᠰᠡᠯᠪᠢᠬᠦ᠂ ᠬᠠᠪᠤᠩ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠠᠷᠠᠰᠤᠨ ᠤ᠋ ᠬᠣᠷᠣᠬᠠᠢ᠂ ᠶᠠᠮ᠎ᠠ᠂ ᠬᠢᠯᠭᠠᠰᠤᠨ ᠬᠣᠷᠣᠬᠠᠢ᠂ ᠬᠠᠪᠲᠠᠭᠠᠢ ᠴᠠᠭᠠᠨ ᠬᠣᠷᠣᠬᠠᠢ᠂ ᠴᠠᠢᠪᠤᠷ ᠬᠠᠪᠤᠩ᠂ ᠬᠣᠳᠣᠭᠣᠳᠣᠨ ᠤ᠋ ᠢᠯᠴᠢ ᠮᠠᠭᠤᠳᠠᠭᠰᠠᠨ᠂ ᠬᠣᠰᠬᠢᠨᠠᠭ ᠤ᠋ᠨ ᠭᠦᠪᠳᠦᠷᠦᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄1.单叶蔓荆2.蔓荆
   ᠠᠩᠭ᠌ᠯᠢ ᠨᠡᠷ᠎ᠡ᠄1.Vitex trifolia L. var. simplicifolia Cham.
2.Vitex trifolia L.

   ᠦᠰᠦᠭ ᠠᠮᠢᠯᠠᠭᠤᠯᠤᠭᠴᠢ᠄ ᠴᠡᠪᠡᠷᠴᠡᠴᠡᠭ
   ᠬᠢᠨᠠᠭᠴᠢ᠄ ᠲᠤᠶᠠᠭ᠎ᠠ