ᠴᠢᠨᠣ᠎ᠠ ᠶ᠋ᠢᠨ ᠬᠠᠷᠮᠠᠭЧонон хармагChonon kharmag ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠴᠢᠨᠣ᠎ᠠ ᠶ᠋ᠢᠨ ᠬᠠᠷᠮᠠᠭЧонон хармагChonon kharmag

ᠴᠢᠨᠣ᠎ᠠ ᠶ᠋ᠢᠨ ᠬᠠᠷᠮᠠᠭЧонон хармагChonon kharmag

2025-05-26

413

ᠴᠢᠨᠣ᠎ᠠ ᠶ᠋ᠢᠨ ᠬᠠᠷᠮᠠᠭ

   ᠲᠤᠰ ᠡᠮ ᠪᠣᠯ ᠬᠠᠰᠢ ᠶ᠋ᠢᠨ ᠢᠵᠠᠭᠤᠷ ᠤ᠋ᠨ ᠤᠷᠭᠤᠮᠠᠯ ᠪᠣᠯᠬᠤ ᠨᠢᠩᠰᠢᠶᠠ ᠴᠢᠨᠣ᠎ᠠ ᠶ᠋ᠢᠨ ᠬᠠᠷᠮᠠᠭ ᠤ᠋ᠨ ᠪᠣᠯᠪᠠᠰᠤᠷᠠᠮᠠᠯ ᠵᠢᠮᠢᠰ ᠮᠥᠨ᠃ ᠪᠠᠰᠠ ᠫᠠᠩᠪᠠᠷᠠᠢ᠂ ᠫᠠᠩᠮᠠᠢᠪᠥ᠋ᠷᠦ᠂ ᠱ᠌ᠢᠷᠦᠨ ᠤᠨᠵᠢᠯᠭ᠎ᠠ᠂ ᠬᠡᠷᠢᠶᠡᠴᠢ ᠭᠡᠳᠡᠭ᠃
   [ ᠤᠤᠯ ᠤᠷᠭᠤᠮᠠᠯ] ᠪᠤᠲᠠ ᠮᠣᠳᠣ ᠪᠤᠶᠤ ᠠᠷᠠᠴᠢᠯᠠᠨ ᠵᠠᠢᠯᠠᠭᠰᠠᠨ ᠠ᠋ᠴᠠ ᠪᠣᠯᠤᠭᠰᠠᠨ ᠪᠠᠭᠠᠪᠲᠤᠷ ᠲᠤᠷᠤᠭ ᠮᠣᠳᠣ᠃2~3m ᠥᠨᠳᠥᠷ᠂ ᠬᠡᠳᠦᠨ ᠭᠣᠣᠯ ᠮᠥᠴᠢᠷ ᠲᠡᠢ ᠪᠥᠭᠡᠳ ᠲᠤᠷᠤᠭ ᠪᠦᠳᠦᠭᠦᠨ᠂ ᠵᠢᠮᠢᠰ ᠦ᠋ᠨ ᠮᠥᠴᠢᠷ ᠨᠢ ᠨᠠᠷᠢᠨ ᠤᠷᠲᠤ᠂ ᠬᠣᠯᠲᠣᠰᠣ ᠨᠢ ᠭᠦᠢᠬᠡᠨ ᠴᠠᠢᠪᠤᠷ ᠰᠢᠷ᠎ᠠ ᠥᠩᠭᠡ ᠲᠡᠢ᠂ ᠥᠷᠭᠡᠰᠦᠯᠢᠭ ᠮᠥᠴᠢᠷ ᠨᠢ ᠣᠬᠣᠷ ᠮᠥᠷᠲᠡᠭᠡᠨ ᠨᠠᠷᠢᠬᠠᠨ᠂ ᠨᠠᠪᠴᠢᠨ ᠤ᠋ ᠥᠪᠥᠷ ᠲᠦ᠍ ᠤᠷᠭᠤᠨ᠎ᠠ᠂1~4cm ᠤᠷᠲᠤ᠃ ᠨᠠᠪᠴᠢ ᠨᠢ ᠴᠤᠪᠤᠷᠠᠨ ᠤᠷᠭᠤᠬᠤ ᠪᠤᠶᠤ ᠬᠡᠳᠦᠨ ᠢᠯᠲᠠᠰᠤ ᠪᠠᠷ ᠣᠬᠣᠷ ᠮᠥᠴᠢᠷ ᠳᠡᠭᠡᠷ᠎ᠡ ᠪᠣᠳᠠᠯᠠᠨ᠎ᠠ᠃ ᠨᠠᠪᠴᠢᠨ ᠪᠠᠷᠢᠭᠤᠯ ᠨᠢ ᠣᠬᠣᠷ᠃ ᠨᠠᠪᠴᠢᠨ ᠢᠯᠲᠠᠰᠤ ᠨᠢ ᠨᠠᠷᠢᠨ ᠲᠣᠩᠭᠣᠷᠤᠤ ᠥᠨᠳᠡᠭᠡᠯᠵᠢᠨ᠂ ᠥᠨᠳᠡᠭᠡᠯᠵᠢᠨ ᠬᠠᠪᠲᠠᠭᠠᠢ ᠲᠡᠪᠡᠨᠡ ᠪᠤᠶᠤ ᠥᠨᠳᠡᠭᠡᠯᠵᠢᠨ ᠤᠷᠲᠤ ᠲᠣᠭᠣᠷᠢᠭ ᠬᠡᠯᠪᠡᠷᠢ ᠲᠡᠢ᠂2~8cm ᠤᠷᠲᠤ᠂0.5~3cm ᠥᠷᠭᠡᠨ᠂ ᠱᠣᠪᠣᠭᠣᠷ ᠦᠵᠦᠭᠦᠷ ᠲᠡᠢ᠂ ᠱᠠᠭᠠᠨᠲᠠᠭ ᠪᠤᠶᠤ ᠨᠠᠷᠢᠨ ᠱᠠᠭᠠᠨᠲᠠᠭ ᠤᠭ ᠨᠢ ᠳᠣᠷᠣᠭᠰᠢ ᠰᠤᠨᠵᠤ ᠨᠠᠪᠴᠢᠨ ᠪᠠᠷᠢᠭᠤᠯ ᠪᠣᠯᠳᠠᠭ᠃ ᠪᠦᠲᠦᠨ ᠬᠥᠪᠡᠭᠡ ᠲᠡᠢ᠂ ᠨᠠᠪᠴᠢᠨ ᠤ᠋ ᠥᠪᠥᠷ ᠨᠢ ᠭᠦᠨ ᠨᠣᠭᠣᠭᠠᠨ᠂ ᠠᠷᠤ ᠨᠢ ᠭᠦᠢᠬᠡᠨ ᠨᠣᠭᠣᠭᠠᠨ᠂ ᠦᠰᠦ ᠦᠭᠡᠢ᠃ ᠴᠡᠴᠡᠭ ᠨᠢ ᠨᠠᠪᠴᠢᠨ ᠤ᠋ ᠥᠪᠥᠷ ᠲᠦ᠍1~2 ᠬᠦᠢᠰ ᠢ᠋ᠶ᠋ᠡᠷ ᠪᠠᠭᠯᠠᠷᠠᠨ ᠳᠡᠯᠭᠡᠷᠡᠬᠦ ᠪᠤᠶᠤ2~6 ᠬᠦᠢᠰ ᠢ᠋ᠶ᠋ᠡᠷ ᠣᠬᠣᠷ ᠮᠥᠴᠢᠷ ᠦ᠋ᠨ ᠣᠷᠣᠢ ᠳ᠋ᠤ᠌ ᠪᠠᠭᠯᠠᠷᠠᠨ ᠳᠡᠯᠭᠡᠷᠡᠨ᠎ᠡ᠃ ᠴᠡᠴᠡᠭ ᠦ᠋ᠨ ᠲᠣᠭᠳᠣᠢ ᠨᠢ ᠬᠤᠩᠬ᠎ᠠ ᠰᠢᠭ᠋᠂4~5mm ᠤᠷᠲᠤ᠂ ᠦᠵᠦᠭᠦᠷ ᠲᠤᠨᠢ2~3 ᠭᠦᠨ ᠣᠨᠢ ᠲᠠᠢ᠃ ᠴᠡᠴᠡᠭ ᠦ᠋ᠨ ᠳᠡᠯᠪᠢ ᠨᠢ ᠶᠡᠭᠦᠯᠡᠭᠦᠷ ᠰᠢᠭ᠂ ᠬᠣᠭᠣᠯᠠᠢ ᠶ᠋ᠢᠨ ᠬᠡᠰᠡᠭ ᠨᠢ8mm ᠣᠷᠴᠢᠮ ᠤᠷᠲᠤ᠂ ᠦᠵᠦᠭᠦᠷ ᠲᠤᠨᠢ5 ᠣᠨᠢ ᠲᠠᠢ᠂ ᠰᠡᠵᠢᠭᠦᠷ ᠢᠯᠲᠠᠰᠤ ᠨᠢ ᠥᠨᠳᠡᠭᠡᠯᠵᠢᠨ5mm ᠣᠷᠴᠢᠮ ᠤᠷᠲᠤ᠂ ᠶᠠᠭᠠᠨ ᠤᠯᠠᠭᠠᠨ ᠪᠤᠶᠤ ᠭᠦᠢᠬᠡᠨ ᠪᠣᠷᠣᠪᠲᠤᠷ ᠤᠯᠠᠭᠠᠨ ᠥᠩᠭᠡ ᠲᠡᠢ᠂ ᠪᠦᠳᠡᠭᠢ ᠪᠣᠷᠣ ᠰᠤᠳᠠᠰᠤ ᠠᠷᠲᠠᠢ ᠪᠥᠭᠡᠳ ᠬᠣᠭᠣᠯᠠᠢ ᠶ᠋ᠢᠨ ᠳᠣᠲᠣᠷᠠᠬᠢ ᠡᠷ᠎ᠡ ᠲᠣᠭᠣᠷᠴᠣᠭ ᠪᠠᠢᠷᠢᠯᠠᠵᠤ ᠪᠠᠢᠬᠤ ᠬᠡᠰᠡᠭ ᠦ᠋ᠨ ᠳᠡᠭᠡᠷ᠎ᠡ ᠲᠠᠯ᠎ᠠ ᠳ᠋ᠤᠨᠢ ᠨᠢᠭᠡ ᠴᠠᠭᠠᠷᠢᠭ ᠵᠥᠭᠡᠯᠡᠨ ᠦᠰᠦ ᠲᠡᠢ᠃5 ᠡᠷ᠎ᠡ ᠲᠣᠭᠣᠷᠴᠣᠭ ᠲᠠᠢ᠃1 ᠡᠮ᠎ᠡ ᠲᠣᠭᠣᠷᠴᠣᠭ ᠲᠠᠢ᠂ ᠤᠮᠠᠢ ᠨᠢ ᠤᠷᠲᠤᠯᠵᠢᠨ ᠲᠣᠭᠣᠷᠢᠭ ᠬᠡᠯᠪᠡᠷᠢ ᠲᠡᠢ᠂2 ᠲᠠᠰᠤᠭ ᠲᠠᠢ᠂ ᠴᠡᠴᠡᠭ ᠦ᠋ᠨ ᠪᠠᠭᠠᠨ᠎ᠠ ᠨᠢ ᠪᠦᠰᠡ ᠬᠡᠯᠪᠡᠷᠢ ᠲᠡᠢ᠂ ᠪᠠᠭᠠᠨ᠎ᠠ ᠶ᠋ᠢᠨ ᠠᠮᠠᠰᠠᠷ ᠨᠢ ᠲᠣᠯᠣᠭᠠᠢ ᠬᠡᠯᠪᠡᠷᠢ ᠲᠡᠢ᠃ ᠰᠢᠭᠦᠰᠦᠯᠢᠭ ᠵᠢᠮᠢᠰ ᠨᠢ ᠥᠨᠳᠡᠭᠡᠯᠵᠢᠨ ᠵᠤᠤᠪᠠᠩ ᠪᠤᠶᠤ ᠥᠷᠭᠡᠨ ᠥᠨᠳᠡᠭᠡᠯᠵᠢᠨ ᠬᠡᠯᠪᠡᠷᠢ ᠲᠡᠢ᠂8~20mm ᠤᠷᠲᠤ᠂ ᠳ᠋ᠢᠶᠠᠮᠧᠲ᠋ᠷ ᠨᠢ5~10mm᠂ ᠤᠯᠠᠭᠠᠨ ᠥᠩᠭᠡ ᠲᠡᠢ ᠪᠤᠶᠤ ᠵᠦᠷᠵᠢᠨ ᠤᠯᠠᠭᠠᠨ ᠥᠩᠭᠡ ᠲᠡᠢ᠃ ᠣᠯᠠᠨ ᠦᠷ᠎ᠡ ᠲᠡᠢ᠂ ᠲᠣᠭᠣᠷᠢᠭ ᠪᠥᠭᠡᠷᠡᠨ ᠬᠡᠯᠪᠡᠷᠢ ᠲᠡᠢ ᠮᠥᠷᠲᠡᠭᠡᠨ ᠬᠠᠪᠲᠠᠭᠠᠢ᠃5~10 ᠳ᠋ᠤᠭᠠᠷ ᠰᠠᠷ᠎ᠠ ᠳ᠋ᠤ᠌ ᠴᠡᠴᠡᠭᠯᠡᠵᠦ᠂6~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠭᠣᠣ ᠭᠠᠩᠭ᠎ᠠ ᠶ᠋ᠢᠨ ᠬᠥᠪᠡᠭᠡ ᠪᠣᠯᠤᠨ ᠠᠭᠤᠯᠠ ᠶ᠋ᠢᠨ ᠬᠠᠵᠠᠭᠤ ᠪᠤᠶᠤ ᠲᠠᠷᠢᠶᠠᠨ ᠤ᠋ ᠳᠠᠯᠠᠩ᠂ ᠤᠰᠤᠨ ᠰᠤᠪᠠᠭ ᠤ᠋ᠨ ᠬᠥᠪᠡᠭᠡ ᠪᠡᠷ ᠤᠷᠭᠤᠨ᠎ᠠ᠃ ᠵᠡᠷᠯᠢᠭ ᠪᠤᠶᠤ ᠲᠠᠷᠢᠮᠠᠯ ᠪᠦᠷ ᠪᠣᠢ᠃ ᠥᠪᠥᠷ ᠮᠣᠩᠭᠣᠯ᠂ ᠨᠢᠩᠰᠢᠶᠠ᠂ ᠭᠠᠨᠰᠦ᠂ ᠬᠥᠬᠡᠨᠠᠭᠤᠷ᠂ ᠰᠢᠨᠵᠢᠶᠠᠩ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠵᠢᠮᠢᠰ ᠨᠢ ᠪᠣᠯᠪᠠᠰᠤᠷᠠᠭᠰᠠᠨ ᠦᠶ᠎ᠡ ᠳ᠋ᠦ᠍ ᠲᠡᠭᠦᠵᠦ᠂ ᠵᠢᠮᠢᠰ ᠦ᠋ᠨ ᠪᠠᠷᠢᠭᠤᠯ ᠢ᠋ ᠨᠢ ᠠᠷᠢᠯᠭᠠᠭᠠᠳ᠂ ᠰᠡᠭᠦᠳᠡᠷ ᠭᠠᠵᠠᠷ ᠳᠤ ᠵᠢᠮᠢᠰ ᠦ᠋ᠨ ᠬᠠᠯᠢᠰᠤ ᠶ᠋ᠢ ᠨᠢ ᠦᠷᠴᠢᠢᠲᠡᠯ᠎ᠡ ᠬᠠᠲᠠᠭᠠᠭᠠᠳ᠂ ᠳᠠᠬᠢᠨ ᠨᠠᠷᠠᠨ ᠳ᠋ᠤ᠌ ᠳᠡᠯᠭᠡᠵᠦ᠂ ᠬᠠᠯᠢᠰᠤ ᠨᠢ ᠬᠠᠲᠠᠭᠤᠷᠠᠵᠤ ᠵᠢᠮᠢᠰ ᠦ᠋ᠨ ᠮᠢᠬ᠎ᠠ ᠶ᠋ᠢ ᠤᠶᠠᠨ ᠵᠥᠭᠡᠯᠡᠨ ᠪᠣᠯᠭᠠᠪᠠᠯ ᠪᠣᠯᠴᠢᠬᠠᠨ᠎ᠠ᠃ ᠬᠤᠷ᠎ᠠ ᠪᠣᠷᠣᠭᠠᠨ ᠳ᠋ᠤ᠌ ᠪᠣᠯ ᠵᠥᠭᠡᠯᠡᠨ ᠭᠠᠯ ᠳᠡᠭᠡᠷ᠎ᠡ ᠬᠠᠭᠰᠠᠭᠠᠵᠤ ᠪᠣᠯᠤᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ᠃ ᠲᠡᠭᠰᠢ ᠴᠢᠨᠠᠷ ᠲᠠᠢ᠃ ᠬᠥᠩᠭᠡᠨ᠂ ᠮᠣᠬᠣᠳᠠᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠵᠤ᠂ ᠪᠦᠷᠢᠯᠳᠦᠭᠰᠡᠨ ᠮᠠᠭᠤ ᠴᠢᠰᠤ ᠶ᠋ᠢ ᠲᠠᠷᠬᠠᠭᠠᠬᠤ ᠴᠢᠳᠠᠯ ᠲᠠᠢ᠃ ᠭᠣᠣᠯᠳᠠᠭᠤ ᠵᠢᠷᠦᠬᠡᠨ ᠦ᠌ ᠬᠠᠯᠠᠭᠤᠨ᠂ ᠬᠢᠮᠤᠷᠠᠭᠰᠠᠨ ᠬᠠᠯᠠᠭᠤᠨ᠂ ᠴᠢᠰᠤᠨ ᠬᠠᠯᠠᠭᠤᠨ᠂ ᠴᠢᠰᠤ ᠪᠦᠷᠢᠯᠳᠦᠭᠰᠡᠨ᠂ ᠤᠮᠠᠢ ᠶ᠋ᠢᠨ ᠪᠡᠲᠡᠭᠢ᠂ ᠰᠠᠷ᠎ᠠ ᠶ᠋ᠢᠨ ᠬᠬᠢᠷ ᠬᠣᠷᠢᠭᠳᠠᠭᠰᠠᠨ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 枸杞子(宁夏枸杞)
   ᠠᠩᠭ᠌ᠯᠢ ᠨᠡᠷ᠎ᠡ᠄Lycium barbarum L.

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠲᠤᠶᠠᠭ᠎ᠠ