ᠴᠢᠭᠢᠷᠠᠭ ᠦᠷ᠎ᠡЧийрэг үрChiireg ür ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠴᠢᠭᠢᠷᠠᠭ ᠦᠷ᠎ᠡЧийрэг үрChiireg ür

ᠴᠢᠭᠢᠷᠠᠭ ᠦᠷ᠎ᠡЧийрэг үрChiireg ür

2025-05-28

180

ᠴᠢᠭᠢᠷᠠᠭ ᠦᠷ᠎ᠡ

   ᠲᠤᠰ ᠡᠮ ᠪᠣᠯ ᠭᠠᠪᠢᠷᠠᠯᠢᠭ ᠤ᠋ᠨ ᠢᠵᠠᠭᠤᠷ ᠤ᠋ᠨ ᠤᠷᠭᠤᠮᠠᠯ ᠪᠣᠯᠬᠤ ᠬᠠᠷ᠎ᠠ ᠮᠣᠳᠣ ᠶ᠋ᠢᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃ ᠽᠡᠪᠡᠷᠠᠢ᠂ ᠰᠠᠪᠠᠷᠠᠢ ᠭᠡᠳᠡᠭ᠃
   [ ᠤᠤᠯ ᠤᠷᠭᠤᠮᠠᠯ] ᠮᠥᠩᠬᠡ ᠬᠥᠬᠡᠷᠡᠭᠴᠢ ᠲᠤᠷᠤᠭ ᠮᠣᠳᠣ᠃6~15m ᠥᠨᠳᠥᠷ᠂ ᠵᠢᠵᠢᠭ ᠮᠥᠴᠢᠷ ᠨᠢ ᠪᠥᠭᠡᠷᠡᠩᠬᠡᠢ ᠪᠠᠭᠠᠨᠠᠯᠢᠭ ᠪᠤᠶᠤ ᠵᠢᠭᠠᠬᠠᠨ ᠬᠠᠪᠲᠠᠭᠠᠢᠪᠲᠤᠷ ᠬᠣᠯᠲᠣᠰᠣ ᠨᠢ ᠠᠷᠵᠠᠭᠠᠷ᠂ ᠭᠦᠢᠬᠡᠨ ᠬᠦᠷᠡᠩ ᠥᠩᠭᠡ ᠲᠡᠢ᠃ ᠨᠠᠪᠴᠢ ᠨᠢ ᠴᠢᠭᠲᠠᠯᠠᠨ᠎ᠠ᠂ ᠬᠥᠳᠥᠰᠥᠯᠢᠭ᠂ ᠥᠷᠭᠡᠨ ᠵᠤᠤᠪᠠᠩ ᠠ᠋ᠴᠠ ᠤᠷᠲᠤᠯᠵᠢᠨ ᠲᠣᠭᠣᠷᠢᠭ ᠰᠢᠭ᠋ ᠵᠤᠤᠪᠠᠩ ᠬᠡᠯᠪᠡᠷᠢ ᠲᠡᠢ᠂7~9cm ᠤᠷᠲᠤ᠂4~6cm ᠥᠷᠭᠡᠨ᠂ ᠬᠤᠷᠴᠠ ᠱᠣᠪᠬᠣ ᠦᠵᠦᠭᠦᠷ ᠲᠡᠢ᠂ ᠥᠷᠭᠡᠨ ᠱᠠᠭᠠᠨᠲᠠᠭ ᠠ᠋ᠴᠠ ᠲᠣᠭᠣᠷᠢᠭ ᠬᠡᠯᠪᠡᠷᠢᠲᠦ ᠤᠭ ᠲᠠᠢ᠂ ᠪᠦᠲᠦᠨ ᠬᠥᠪᠡᠭᠡ ᠲᠡᠢ᠂ ᠬᠠᠵᠠᠭᠤ ᠶ᠋ᠢᠨ ᠰᠤᠳᠠᠯ ᠨᠢ ᠨᠠᠷᠢᠬᠠᠨ ᠢᠬᠴᠤ᠃ ᠨᠠᠪᠴᠢᠨ ᠪᠠᠷᠢᠭᠤᠯ ᠨᠢ2~3cm ᠤᠷᠲᠤ᠂ ᠴᠣᠮᠬᠠᠨ ᠪᠠᠭ ᠴᠡᠴᠡᠭ ᠨᠢ ᠱᠣᠷᠣᠯᠵᠢᠨ ᠪᠠᠭ ᠴᠡᠴᠡᠭ ᠰᠢᠭ᠋ ᠪᠠᠢᠷᠢᠯᠠᠵᠤ᠂ ᠨᠠᠪᠴᠢᠨ ᠤ᠋ ᠥᠪᠥᠷ ᠲᠦ᠍ ᠳᠡᠯᠭᠡᠷᠡᠬᠦ ᠪᠤᠶᠤ ᠬᠠᠶᠠ ᠡᠰᠢᠨ ᠦ᠌ ᠣᠷᠣᠢ ᠳ᠋ᠤ᠌ ᠳᠡᠯᠭᠡᠷᠡᠨ᠎ᠡ᠂11cm ᠤᠷᠲᠤ᠂ ᠴᠡᠴᠡᠭ ᠨᠢ ᠴᠠᠭᠠᠨ ᠥᠩᠭᠡ ᠲᠡᠢ᠂ ᠠᠩᠬᠢᠯᠤᠮ᠎ᠠ ᠦᠨᠦᠷ ᠲᠡᠢ᠂ ᠪᠠᠷᠢᠭᠤᠯ ᠦᠭᠡᠢ᠂3~5 ᠬᠦᠢᠰ ᠢ᠋ᠶ᠋ᠡᠷ ᠪᠠᠭ ᠴᠡᠴᠡᠭ ᠦ᠋ᠨ ᠵᠢᠵᠢᠭ ᠮᠥᠴᠢᠷ ᠦ᠋ᠨ ᠣᠷᠣᠢ ᠳ᠋ᠤ᠌ ᠳᠡᠯᠭᠡᠷᠡᠨ᠎ᠡ᠃ ᠲᠣᠭᠳᠣᠢ ᠬᠣᠭᠣᠯᠠᠢ ᠨᠢ ᠢᠳᠤᠬᠠᠨ ᠡᠭᠡᠷᠡᠦᠯ ᠬᠡᠯᠪᠡᠷᠢ ᠲᠡᠢ᠂ ᠣᠷᠣᠢ ᠨᠢ ᠶᠡᠷᠦ ᠳ᠋ᠡᠭᠡᠨ ᠲᠡᠭᠰᠢᠬᠡᠨ᠂ ᠴᠡᠴᠡᠭ ᠦ᠋ᠨ ᠬᠡᠯᠲᠡᠰ ᠨᠢ4᠂ ᠵᠤᠯᠭᠠᠷᠠᠨ᠎ᠠ᠃ ᠣᠯᠠᠨ ᠰᠠᠯᠤᠩᠭᠢ ᠡᠷ᠎ᠡ ᠲᠣᠭᠣᠷᠴᠣᠭ ᠲᠠᠢ᠂4~5mm ᠤᠷᠲᠤ᠃ ᠰᠢᠭᠦᠰᠦᠯᠢᠭ ᠵᠢᠮᠢᠰ ᠨᠢ ᠬᠠᠵᠠᠭᠠᠢ ᠤᠷᠲᠤᠯᠵᠢᠨ ᠲᠣᠭᠣᠷᠢᠭ ᠪᠤᠶᠤ ᠨᠠᠩᠭᠢᠶᠠᠳ ᠠᠷᠤᠷ᠎ᠠ ᠶ᠋ᠢᠨ ᠬᠡᠯᠪᠡᠷᠢ ᠲᠡᠢ᠂ ᠪᠣᠷᠣᠪᠲᠤᠷ ᠤᠯᠠᠭᠠᠨ ᠠ᠋ᠴᠠ ᠬᠠᠷ᠎ᠠ ᠥᠩᠭᠡ ᠲᠡᠢ᠂1~2cm ᠤᠷᠲᠤ᠂1 ᠮᠥᠬᠥᠯᠢᠭ ᠦᠷ᠎ᠡ ᠲᠡᠢ᠃ ᠬᠠᠪᠤᠷ ᠴᠡᠴᠡᠭᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠰᠡᠢᠷᠡᠭ ᠣᠢ ᠪᠤᠶᠤ ᠬᠡᠭᠡᠷ᠎ᠡ ᠭᠠᠳᠠᠨ᠎ᠠ ᠤᠷᠭᠤᠨ᠎ᠠ᠃ ᠹᠦᠵᠢᠶᠠᠨ᠂ ᠭᠤᠸᠠᠩᠳᠥ᠋ᠩ᠂ ᠬᠠᠢᠨᠠᠨ᠂ ᠭᠤᠸᠠᠩᠰᠢ᠂ ᠶᠦᠨᠨᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠨᠠᠮᠤᠷ᠂ ᠡᠪᠦᠯ ᠪᠣᠯᠪᠠᠰᠤᠷᠠᠭᠰᠠᠨ ᠵᠢᠮᠢᠰ ᠢ᠋ ᠨᠢ ᠲᠡᠭᠦᠵᠦ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ ᠠᠮᠲᠠ ᠲᠠᠢ᠃ ᠪᠦᠯᠢᠶᠡᠨ ᠴᠢᠨᠠᠷ ᠲᠠᠢ᠃ ᠬᠥᠩᠭᠡᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠪᠥᠭᠡᠷᠡᠨ ᠲᠠᠮᠢᠷ ᠢ᠋ ᠰᠠᠢᠵᠢᠷᠠᠭᠤᠯᠬᠤ᠂ ᠰᠠᠭᠤᠯᠭᠠᠬᠤ ᠶ᠋ᠢ ᠵᠣᠭᠰᠣᠭᠠᠬᠤ᠂ ᠰᠢᠷ᠎ᠠ ᠤᠰᠤ ᠶ᠋ᠢ ᠬᠠᠲᠠᠭᠠᠬᠤ ᠴᠢᠳᠠᠯ ᠲᠠᠢ᠃ ᠭᠣᠣᠯᠳᠠᠭᠤ ᠪᠥᠭᠡᠷᠡᠨ ᠦ᠌ ᠠᠷᠬᠠᠭ᠂ ᠪᠥᠭᠡᠷᠡᠨ ᠦ᠌ ᠬᠠᠯᠠᠭᠤᠨ᠂ ᠪᠥᠭᠡᠷᠡᠨ ᠰᠤᠳᠠᠯ ᠲᠤᠷᠭᠢᠭᠰᠠᠨ᠂ ᠰᠢᠭᠡᠰᠦ ᠬᠠᠭᠠᠭᠳᠠᠭᠰᠠᠨ᠂ ᠴᠢᠯᠠᠭᠤᠰᠢᠷᠠᠭᠰᠠᠨ ᠪᠡᠲᠡᠭᠢ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄蒲桃子(海南蒲桃)
   ᠠᠩᠭ᠌ᠯᠢ ᠨᠡᠷ᠎ᠡ᠄syzygium cumini (L.) skeels

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠲᠤᠶᠠᠭ᠎ᠠ