ᠴᠠᠬᠢᠯᠳᠠᠭ ᠤ᠋ᠨ ᠦᠷ᠎ᠡЦахилдагийн үрTsakhildagiin ür
ᠴᠠᠬᠢᠯᠳᠠᠭ ᠤ᠋ᠨ ᠦᠷ᠎ᠡ
ᠲᠤᠰ ᠡᠮ ᠪᠣᠯ ᠴᠠᠬᠢᠯᠳᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠴᠠᠬᠢᠯᠳᠠᠭ ᠤ᠋ᠨ ᠪᠣᠯᠪᠠᠰᠤᠷᠠᠮᠠᠯ ᠦᠷ᠎ᠡ ᠮᠥᠨ᠃ ᠪᠠᠰᠠ ᠷᠧᠮᠢᠪᠦᠢ᠍ᠷᠦ᠂ ᠭᠣᠲ᠋ᠠ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃20~50cm ᠥᠨᠳᠥᠷ᠂ ᠤᠭ ᠤ᠋ᠨ ᠬᠡᠰᠡᠭ ᠨᠢ ᠤᠯᠠᠭᠠᠨ ᠬᠦᠷᠡᠩ ᠰᠢᠷᠬᠡᠭ ᠰᠢᠭ ᠬᠠᠲᠠᠭᠰᠠᠨ ᠨᠠᠪᠴᠢᠨ ᠤ᠋ ᠲᠣᠭᠳᠣᠢ ᠳ᠋ᠤ᠌ ᠬᠤᠴᠢᠭᠳᠠᠵᠤ ᠪᠣᠢ᠃ ᠦᠨᠳᠦᠰᠦᠯᠢᠭ ᠡᠰᠢ ᠨᠢ ᠣᠬᠣᠷ ᠪᠦᠳᠦᠭᠦᠨ᠂ ᠤᠯᠠᠪᠤᠷ ᠬᠦᠷᠡᠩ ᠰᠠᠬᠠᠯ ᠦᠨᠳᠦᠰᠦ ᠲᠡᠢ᠃ ᠨᠠᠪᠴᠢ ᠨᠢ ᠪᠦᠰᠡ ᠬᠡᠯᠪᠡᠷᠢ ᠲᠡᠢ᠂20~40cm ᠤᠷᠲᠤ᠂3~6mm ᠥᠷᠭᠡᠨ᠂ ᠬᠣᠶᠠᠷ ᠲᠠᠯ᠎ᠠ ᠳ᠋ᠤᠨᠢ ᠬᠡᠳᠦᠨ ᠵᠤᠷᠪᠤᠰ ᠭᠦᠷᠪᠡᠢᠭᠰᠡᠨ ᠵᠡᠷᠭᠡᠴᠡᠭᠡ ᠰᠤᠳᠠᠯ ᠲᠠᠢ᠂ ᠨᠣᠭᠣᠭᠠᠨ ᠪᠤᠶᠤ ᠬᠥᠬᠡᠪᠲᠦᠷ ᠨᠣᠭᠣᠭᠠᠨ ᠥᠩᠭᠡ ᠲᠡᠢ᠃ ᠴᠡᠴᠡᠭ ᠦ᠋ᠨ ᠡᠰᠢ ᠨᠢ ᠪᠣᠳᠠᠯᠠᠨ᠎ᠠ᠂ ᠨᠠᠪᠴᠢᠯᠢᠭ ᠶᠡᠷᠦᠩᠬᠡᠢ ᠪᠠᠭᠯᠠᠭᠴᠢ ᠨᠢ ᠨᠠᠷᠢᠨ᠂ ᠨᠠᠷᠢᠨ ᠤᠷᠲᠤᠯᠵᠢᠨ ᠲᠣᠭᠣᠷᠢᠭ ᠪᠤᠶᠤ ᠬᠠᠪᠲᠠᠭᠠᠢ ᠲᠡᠪᠡᠨᠡ ᠬᠡᠯᠪᠡᠷᠢ ᠲᠡᠢ᠂ ᠭᠦᠢᠬᠡᠨ ᠨᠣᠭᠣᠭᠠᠨ ᠥᠩᠭᠡ ᠲᠡᠢ᠂ ᠴᠠᠭᠠᠨ ᠥᠩᠭᠡᠲᠦ ᠥᠷᠭᠡᠨ ᠬᠠᠯᠢᠰᠤᠯᠢᠭ ᠬᠥᠪᠡᠭᠡ ᠲᠡᠢ᠃1~3 ᠬᠦᠢᠰ ᠴᠡᠴᠡᠭ ᠲᠡᠢ᠂ ᠬᠥᠬᠡᠪᠲᠦᠷ ᠪᠣᠷᠣ ᠪᠤᠶᠤ ᠭᠦᠢᠬᠡᠨ ᠬᠥᠬᠡᠪᠲᠦᠷ᠂ ᠴᠡᠴᠡᠭ ᠦ᠋ᠨ ᠰᠢᠳᠠᠷ ᠨᠢ6᠂ ᠭᠠᠳᠠᠷ ᠮᠥᠷ ᠦ᠋ᠨ3 ᠰᠢᠳᠠᠷ ᠨᠢ ᠲᠣᠮᠣ᠂ ᠬᠠᠯᠪᠠᠭᠠᠨ ᠬᠡᠯᠪᠡᠷᠢ ᠲᠡᠢ᠂ ᠭᠠᠳᠠᠭᠰᠢ ᠮᠤᠷᠤᠢᠭᠠᠳ ᠤᠨᠵᠢᠢᠵᠤ ᠤᠷᠭᠤᠨ᠎ᠠ᠂ ᠳᠡᠭᠡᠷ᠎ᠡ ᠬᠡᠰᠡᠭ ᠲᠤᠨᠢ ᠬᠥᠬᠡᠪᠲᠦᠷ ᠪᠣᠷᠣ ᠰᠤᠳᠠᠯ ᠠᠷᠲᠠᠢ᠂ ᠳᠣᠣᠷ᠎ᠠ ᠬᠡᠰᠡᠭ ᠲᠦ᠋ᠨᠢ ᠰᠢᠷᠠᠪᠲᠤᠷ ᠬᠦᠷᠡᠩ ᠰᠤᠳᠠᠯ ᠠᠷᠲᠠᠢ᠂ ᠳᠣᠲᠣᠷ᠎ᠠ 3 ᠰᠢᠳᠠᠷ ᠨᠢ ᠵᠢᠵᠢᠭ᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠃ ᠡᠷ᠎ᠡ ᠲᠣᠭᠣᠷᠴᠣᠭ ᠨᠢ3 ᠰᠠᠯᠠᠭ᠎ᠠ ᠲᠠᠢ᠃ ᠪᠠᠭᠠᠨ᠎ᠠ ᠶ᠋ᠢᠨ ᠠᠮᠠᠰᠠᠷ ᠨᠢ ᠴᠡᠴᠡᠭ ᠦ᠋ᠨ ᠬᠡᠯᠲᠡᠰ ᠰᠢᠭ2 ᠣᠨᠢ ᠲᠠᠢ᠃ ᠬᠣᠩᠭᠣᠷᠴᠣᠭᠲᠤ ᠵᠢᠮᠢᠰ ᠨᠢ ᠡᠭᠡᠷᠡᠦᠯ ᠬᠡᠯᠪᠡᠷᠢ ᠲᠡᠢ᠂3 ᠢᠷᠮᠡᠭ ᠲᠡᠢ᠂ ᠬᠣᠱᠣᠣ ᠰᠢᠭ᠋ ᠨᠠᠷᠢᠨ ᠦᠵᠦᠭᠦᠷ ᠲᠡᠢ᠃ ᠦᠷ᠎ᠡ ᠨᠢ ᠤᠯᠠᠭᠠᠨ ᠬᠦᠷᠡᠩ᠂ ᠮᠠᠰᠢ ᠣᠯᠠᠨ᠃4~6 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠡᠭᠡᠪᠦᠷ ᠭᠠᠵᠠᠷ᠂ ᠠᠭᠤᠯᠠ ᠶ᠋ᠢᠨ ᠬᠠᠵᠠᠭᠤ᠂ ᠵᠠᠮ ᠤ᠋ᠨ ᠬᠠᠵᠠᠭᠤ ᠶ᠋ᠢᠨ ᠡᠯᠡᠰᠦᠷᠬᠡᠭ ᠭᠠᠵᠠᠷ᠂ ᠭᠣᠣ ᠰᠤᠪᠠᠭ ᠤ᠋ᠨ ᠬᠥᠪᠡᠭᠡ᠂ ᠭᠣᠣᠯ ᠤ᠋ᠨ ᠳᠠᠩ ᠤ᠋ᠨ ᠡᠪᠡᠰᠦᠨ ᠳᠤᠮᠳᠠ ᠤᠷᠭᠤᠨ᠎ᠠ᠃ ᠮᠠᠨ ᠤ᠋ ᠤᠯᠤᠰ ᠤ᠋ᠨ ᠡᠯ᠎ᠡ ᠭᠠᠵᠠᠷ ᠲᠤ᠌ ᠨᠡᠢᠳᠡᠮ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ]8~9 ᠳ᠋ᠦ᠍ᠭᠡᠷ ᠰᠠᠷ᠎ᠠ ᠳ᠋ᠤ᠌ ᠵᠢᠮᠢᠰ ᠨᠢ ᠪᠣᠯᠪᠠᠰᠤᠷᠠᠭᠰᠠᠨ ᠦᠶ᠎ᠡ ᠳ᠋ᠦ᠍ ᠲᠡᠭᠦᠵᠦ ᠬᠠᠲᠠᠭᠠᠭᠠᠳ᠂ ᠦᠷ᠎ᠡ ᠶ᠋ᠢ ᠨᠢ ᠦᠩᠭᠡᠵᠦ ᠠᠪᠤᠭᠠᠳ ᠠᠷᠢᠯᠭᠠᠨ ᠴᠡᠪᠡᠷᠯᠡᠨ᠎ᠡ᠃
[ ᠠᠮᠲᠠ᠂ ᠴᠢᠨᠠᠷ᠂ ᠡᠷᠳᠡᠮ] ᠭᠤᠱᠤᠭᠤᠨ᠂ ᠠᠮᠲᠠᠯᠢᠭ᠂ ᠠᠮᠲᠠ ᠲᠠᠢ; ᠲᠡᠭᠰᠢ ᠴᠢᠨᠠᠷ ᠲᠠᠢ᠃ ᠬᠦᠨᠳᠦ᠂ ᠪᠠᠲᠤᠯᠢᠭ᠂ ᠰᠢᠷᠦᠭᠦᠨ᠂ ᠬᠠᠭᠤᠷᠠᠢ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠣᠷᠣᠬᠠᠢ ᠶ᠋ᠢ ᠨᠢᠲᠤᠯᠬᠤ᠂ ᠴᠠᠩᠬ᠎ᠠ ᠶ᠋ᠢ ᠳᠠᠷᠤᠬᠤ᠂ ᠡᠪᠡᠳᠬᠦ ᠶ᠋ᠢ ᠵᠣᠭᠰᠣᠭᠠᠬᠤ᠂ ᠬᠣᠣᠷ ᠢ᠋ ᠲᠠᠢᠯᠬᠤ᠂ ᠢᠳᠡᠭᠡᠨ ᠢ᠋ ᠰᠢᠩᠭᠡᠭᠡᠬᠦ᠂ ᠰᠢᠷᠬ᠎ᠠ ᠶ᠋ᠢ ᠠᠨᠠᠭᠠᠬᠤ᠂ ᠰᠢᠷ᠎ᠠ ᠤᠰᠤ ᠶ᠋ᠢ ᠬᠠᠲᠠᠭᠠᠬᠤ᠂ ᠰᠢᠨ᠎ᠡ ᠮᠢᠬ᠎ᠠ ᠲᠥᠷᠥᠭᠦᠯᠬᠦ᠂ ᠥᠭᠡᠷᠢ ᠰᠢᠷ᠎ᠠ ᠤᠰᠤ ᠶ᠋ᠢ ᠬᠠᠲᠠᠭᠠᠬᠤ᠂ ᠰᠢᠨ᠎ᠡ ᠵᠢᠮᠢᠰ ᠲᠥᠷᠥᠭᠦᠯᠬᠦ᠂ ᠦᠭᠡᠷᠢ ᠰᠢᠷ᠎ᠠ ᠤᠰᠤ ᠶ᠋ᠢ ᠬᠠᠲᠠᠭᠠᠬᠤ᠂ ᠬᠣᠳᠣᠭᠣᠳᠣᠨ ᠴᠠᠩᠬ᠎ᠠ᠂ ᠡᠰᠡ ᠰᠢᠩᠭᠡᠭᠰᠡᠨ᠂ ᠬᠣᠣᠷ ᠬᠠᠷᠰᠢᠭᠰᠠᠨ᠂ ᠪᠡᠶ᠎ᠡ ᠰᠢᠷᠠᠯᠠᠬᠤ᠂ ᠮᠡᠰᠡ ᠶ᠋ᠢᠨ ᠰᠢᠷᠬ᠎ᠠ᠂ ᠬᠠᠯᠠᠭᠠᠭᠰᠠᠨ ᠰᠢᠷᠬ᠎ᠠ᠂ ᠰᠢᠷ᠎ᠠ ᠤᠰᠤᠨ ᠡᠪᠡᠳᠴᠢᠨ᠂ ᠵᠠᠭᠠᠲᠤᠨᠠᠬᠤ᠂ ᠨᠢᠰᠤᠭᠤ᠂ ᠬᠠᠮᠠᠭᠤ᠂ ᠭᠦᠪᠳᠦᠷᠦᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄马蔺子,马蔺
ᠠᠩᠭ᠌ᠯᠢ ᠨᠡᠷ᠎ᠡ᠄Iris lactea Pall.var.chinensis(Fisch.)Koidz.
ᠦᠰᠦᠭ ᠠᠮᠢᠯᠠᠭᠤᠯᠤᠭᠴᠢ᠄ ᠴᠡᠪᠡᠷᠴᠡᠴᠡᠭ
