1. ᠲᠡᠷᠢᠭᠦᠨ ᠨᠢᠭᠤᠷ >
  2. ᠨᠡᠪᠲᠡᠷᠡᠭᠦᠯᠭᠡ >
  3. ᠵᠢᠷᠦᠬᠡᠨ ᠱᠤᠱᠠЗүрхэн шушZürkhen shush

ᠵᠢᠷᠦᠬᠡᠨ ᠱᠤᠱᠠЗүрхэн шушZürkhen shush

2025-06-02

126

ᠵᠢᠷᠦᠬᠡᠨ ᠱᠤᠱᠠ

   ᠲᠤᠰ ᠡᠮ ᠪᠣᠯ ᠨᠢᠮᠪᠠ ᠮᠣᠳᠣᠨ ᠤ᠋ ᠢᠵᠠᠭᠤᠷ ᠤ᠋ᠨ ᠤᠷᠭᠤᠮᠠᠯ ᠪᠣᠯᠬᠤ ᠵᠢᠷᠦᠬᠡᠨ ᠴᠢᠪᠠᠭ᠎ᠠ ᠶ᠋ᠢᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃ ᠪᠠᠰᠠ ᠨᠢᠩᠱᠤᠱᠠ ᠭᠡᠳᠡᠭ᠃
   [ ᠤᠤᠯ ᠤᠷᠭᠤᠮᠠᠯ] ᠨᠠᠪᠴᠢ ᠵᠤᠯᠭᠠᠷᠠᠬᠤ ᠲᠤᠷᠤᠭ ᠮᠣᠳᠣ᠃7~18m ᠥᠨᠳᠥᠷ᠂ ᠡᠰᠢ ᠨᠢ ᠠᠰᠬᠠᠨ᠂ ᠬᠣᠯᠲᠣᠰᠣ ᠨᠢ ᠴᠠᠢᠪᠤᠷ ᠬᠦᠷᠡᠩ ᠭᠤᠯᠳᠤ ᠪᠠᠷ ᠬᠠᠭᠠᠷᠠᠨ᠎ᠠ᠂ ᠮᠥᠴᠢᠷ ᠨᠢ ᠪᠣᠷᠣᠪᠲᠤᠷ ᠬᠠᠷ᠎ᠠ ᠥᠩᠭᠡ ᠲᠡᠢ᠃ ᠰᠣᠨᠳᠣᠭᠣᠢ ᠥᠳᠥᠯᠢᠭ ᠨᠡᠢᠯᠡᠮᠡᠯ ᠨᠠᠪᠴᠢ ᠨᠢ ᠴᠤᠪᠤᠷᠠᠨ ᠤᠷᠭᠤᠨ᠎ᠠ᠂ ᠤᠷᠲᠤ ᠪᠠᠷᠢᠭᠤᠯ ᠲᠠᠢ᠂ ᠵᠢᠵᠢᠭ ᠨᠠᠪᠴᠢ ᠨᠢ7~15 ᠴᠢᠭᠲᠠᠯᠠᠨ ᠤᠷᠭᠤᠨ᠎ᠠ᠂ ᠲᠠᠰᠢᠭᠤ ᠤᠷᠲᠤᠯᠵᠢᠨ ᠲᠣᠭᠣᠷᠢᠭ ᠰᠢᠭ᠋ ᠵᠤᠤᠪᠠᠩ ᠬᠡᠯᠪᠡᠷᠢ ᠲᠡᠢ᠂4~10cm ᠤᠷᠲᠤ᠂2~4.5cm ᠥᠷᠭᠡᠨ᠂ ᠤᠷᠲᠤ ᠱᠣᠪᠬᠣ ᠪᠤᠶᠤ ᠱᠣᠪᠲᠣᠭᠤᠷ ᠦᠵᠦᠭᠦᠷ ᠲᠡᠢ᠂ ᠬᠠᠪᠲᠠᠭᠠᠢ ᠤᠭ ᠲᠠᠢ᠂ ᠪᠦᠲᠦᠨ ᠬᠥᠪᠡᠭᠡ ᠲᠡᠢ᠂ ᠬᠣᠶᠠᠷ ᠲᠠᠯ᠎ᠠ ᠳ᠋ᠤᠨᠢ ᠦᠰᠦ ᠦᠭᠡᠢ ᠪᠤᠶᠤ ᠳᠣᠣᠷ᠎ᠠ ᠲᠠᠯ᠎ᠠ ᠶ᠋ᠢᠨ ᠨᠠᠪᠴᠢᠨ ᠰᠤᠭᠤ ᠳ᠋ᠤᠨᠢ ᠪᠤᠲᠠᠯᠠᠭᠰᠠᠨ ᠦᠰᠦ ᠲᠡᠢ᠃ ᠵᠢᠵᠢᠭ ᠨᠠᠪᠴᠢᠨ ᠪᠠᠷᠢᠭᠤᠯ ᠨᠢ3~5mm ᠤᠷᠲᠤ᠂ ᠣᠷᠣᠢ ᠶ᠋ᠢᠨ ᠨᠢᠭᠡ ᠢᠯᠲᠠᠰᠤ ᠨᠢ10~15mm ᠤᠷᠲᠤ᠃ ᠴᠡᠴᠡᠭ ᠨᠢ ᠬᠣᠯᠢᠮᠠᠭ ᠪᠡᠯᠭᠡ ᠲᠡᠢ᠂ ᠣᠨᠳᠣᠣ ᠭᠡᠷᠲᠡᠢ᠂ ᠡᠷ᠎ᠡ ᠴᠡᠴᠡᠭ ᠪᠠ ᠬᠠᠭᠤᠷᠮᠠᠭ ᠬᠣᠣᠰ ᠪᠡᠯᠭᠡᠲᠦ ᠴᠡᠴᠡᠭ ᠨᠢ ᠭᠦᠢᠬᠡᠨ ᠪᠣᠷᠣ ᠥᠩᠭᠡ ᠲᠡᠢ᠂ ᠳ᠋ᠢᠶᠠᠮᠧᠲ᠋ᠷ ᠨᠢ3~4mm᠂ ᠱᠣᠷᠣᠯᠵᠢᠨ ᠴᠣᠮᠬᠠᠨ ᠪᠠᠭ ᠴᠡᠴᠡᠭ ᠪᠣᠯᠵᠤ ᠪᠦᠷᠢᠯᠳᠦᠳᠡᠭ᠃ ᠡᠮ᠎ᠡ ᠴᠡᠴᠡᠭ ᠨᠢ ᠨᠡᠯᠢᠶᠡᠳ ᠲᠣᠮᠣ᠂ ᠭᠠᠭᠴᠠᠭᠠᠷ ᠢ᠋ᠶ᠋ᠠᠨ ᠳᠡᠭᠡᠷ᠎ᠡ ᠬᠡᠰᠡᠭ ᠦ᠋ᠨ ᠨᠠᠪᠴᠢᠨ ᠤ᠋ ᠰᠤᠭᠤ ᠳ᠋ᠤ᠌ ᠨᠢ ᠳᠡᠯᠭᠡᠷᠡᠨ᠎ᠡ᠂ ᠪᠠᠷᠢᠭᠤᠯ ᠲᠠᠢ᠂ ᠲᠣᠭᠳᠣᠢ ᠨᠢ ᠴᠣᠮᠣ ᠬᠡᠯᠪᠡᠷᠢ ᠲᠡᠢ᠂ ᠮᠣᠬᠣᠭᠣ5 ᠣᠨᠢ ᠲᠠᠢ᠂ ᠴᠡᠴᠡᠭ ᠦ᠋ᠨ ᠬᠡᠯᠲᠡᠰ ᠨᠢ5 ᠪᠠᠢᠳᠠᠭ᠃10 ᠡᠷ᠎ᠡ ᠲᠣᠭᠣᠷᠴᠣᠭ ᠲᠠᠢ᠂ ᠴᠡᠴᠡᠭ ᠦ᠋ᠨ ᠳᠣᠬᠢᠭᠤᠷ ᠤ᠋ᠨ ᠤᠭ ᠨᠢ10 ᠣᠨᠢ ᠪᠦᠬᠦᠢ ᠴᠡᠴᠡᠭ ᠦ᠋ᠨ ᠲᠠᠪᠠᠭ ᠲᠠᠢ ᠪᠠᠨ ᠨᠡᠢᠯᠡᠭᠰᠡᠨ ᠪᠥᠭᠡᠳ ᠬᠠᠭᠤᠷᠮᠠᠭ ᠬᠣᠣᠰ ᠪᠡᠯᠭᠡᠲᠦ ᠴᠡᠴᠡᠭ ᠦ᠋ᠨ ᠳᠣᠲᠣᠷᠠᠬᠢ ᠴᠡᠴᠡᠭ ᠦ᠋ᠨ ᠬᠡᠯᠲᠡᠰ ᠲᠡᠢ ᠪᠡᠨ ᠲᠡᠩᠴᠡᠭᠦᠦ ᠰᠢᠬᠠᠮ ᠤᠷᠲᠤ᠂ ᠡᠷ᠎ᠡ ᠴᠡᠴᠡᠭ ᠦ᠋ᠨ ᠳᠣᠲᠣᠷᠠᠬᠢ ᠨᠢ ᠴᠤᠬᠤᠢᠵᠤ ᠭᠠᠷᠤᠨ᠎ᠠ᠃ ᠤᠮᠠᠢ ᠨᠢ ᠳᠡᠭᠡᠳᠦ ᠣᠷᠣᠨ ᠲᠠᠢ᠂5 ᠲᠠᠰᠤᠭ ᠲᠠᠢ᠂ ᠲᠠᠰᠤᠭ ᠪᠦᠷᠢ ᠳ᠋ᠦ᠍ᠨᠢ ᠤᠨᠵᠢᠭᠰᠠᠨ ᠨᠢᠭᠡ ᠮᠥᠬᠥᠯᠢᠭ ᠬᠥᠪᠦᠷᠡᠯ ᠦ᠋ᠨ ᠨᠠᠬᠢᠶ᠎ᠠ ᠲᠠᠢ᠂ ᠰᠠᠯᠤᠩᠭᠢ5 ᠴᠡᠴᠡᠭ ᠦ᠋ᠨ ᠪᠠᠭᠠᠨ᠎ᠠ ᠲᠠᠢ᠂ ᠰᠢᠭᠦᠰᠦᠯᠢᠭ ᠵᠢᠮᠢᠰ ᠨᠢ ᠵᠤᠤᠪᠠᠩ ᠪᠤᠶᠤ ᠥᠨᠳᠡᠭᠡᠯᠵᠢᠨ ᠬᠡᠯᠪᠡᠷᠢ ᠲᠡᠢ᠂2~3cm ᠤᠷᠲᠤ᠂1.4~2.5cm ᠥᠷᠭᠡᠨ᠂ ᠪᠣᠯᠪᠠᠰᠤᠷᠠᠪᠠᠯ ᠰᠢᠷ᠎ᠠ ᠥᠩᠭᠡ ᠲᠡᠢ ᠪᠣᠯᠳᠠᠭ᠃ ᠴᠥᠮ᠎ᠡ ᠨᠢ ᠪᠡᠬᠢ ᠬᠠᠲᠠᠭᠤ᠂ ᠦᠵᠦᠭᠦᠷ ᠣᠢᠷᠠᠳᠤᠭᠠᠳ4~5 ᠲᠣᠳᠣᠬᠠᠨ ᠨᠢᠳᠦ ᠰᠢᠭ ᠰᠦᠪᠡ ᠲᠡᠢ᠃3~5 ᠳ᠋ᠤᠭᠠᠷ ᠰᠠᠷ᠎ᠠ ᠳ᠋ᠤ᠌ ᠴᠡᠴᠡᠭᠯᠡᠵᠦ᠂8~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠶᠡᠷᠦ ᠳ᠋ᠡᠭᠡᠨ ᠣᠢ ᠰᠢᠭᠤᠢ ᠳᠤᠮᠳᠠ ᠤᠷᠭᠤᠨ᠎ᠠ᠃ ᠵᠧᠵᠢᠶᠠᠩ᠂ ᠬᠤᠪᠧᠢ᠂ ᠬᠤᠨᠠᠨ᠂ ᠭᠤᠸᠠᠩᠳ᠋ᠥ᠋ᠩ᠂ ᠭᠤᠸᠠᠩᠰᠢ᠂ ᠭᠦᠢᠵᠧᠦ᠂ ᠶᠦᠨᠨᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠣᠰᠤᠷᠠᠭᠤᠯᠬᠤ]8~10 ᠳ᠋ᠤᠭᠠᠷ ᠰᠠᠷ᠎ᠠ ᠳ᠋ᠤ᠌ ᠪᠣᠯᠪᠠᠰᠤᠷᠠᠭᠰᠠᠨ ᠵᠢᠮᠢᠰ ᠢ᠋ ᠨᠢ ᠲᠡᠭᠦᠵᠦ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠢᠰᠬᠦᠯᠡᠩ ᠠᠮᠲᠠ ᠲᠠᠢ᠂ ᠲᠡᠭᠰᠢ ᠴᠢᠨᠠᠷ ᠲᠠᠢ᠂ ᠲᠣᠰᠣᠯᠢᠭ᠂ ᠬᠦᠨᠳᠦ᠂ ᠡᠶᠡᠯᠳᠡᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠵᠢᠷᠦᠬᠡᠨ ᠬᠠᠯᠠᠭᠤᠨ ᠢ᠋ ᠠᠷᠢᠯᠭᠠᠬᠤ᠂ ᠵᠢᠷᠦᠬᠡᠨ ᠲᠠᠮᠢᠷ ᠢ᠋ ᠰᠠᠢᠵᠢᠷᠠᠭᠤᠯᠬᠤ ᠴᠢᠳᠠᠯ ᠲᠠᠢ᠃ ᠭᠣᠣᠯᠳᠠᠭᠤ ᠵᠢᠷᠦᠬᠡᠨ ᠳ᠋ᠦ᠍ ᠬᠠᠯᠠᠭᠤᠨ ᠳᠡᠯᠭᠡᠷᠡᠭᠰᠡᠨ᠂ ᠵᠢᠷᠦᠬᠡ ᠴᠡᠴᠡᠷᠡᠬᠦ᠂ ᠵᠢᠷᠦᠬᠡ ᠡᠪᠡᠳᠬᠦ᠂ ᠬᠡᠯᠡᠭᠡᠢᠷᠡᠬᠦ᠂ ᠰᠣᠯᠢᠶᠠᠷᠠᠬᠤ᠂ ᠬᠥᠬᠥ ᠰᠤᠭᠤ ᠪᠠᠷ ᠬᠠᠳᠬᠤᠯᠠᠬᠤ᠂ ᠵᠢᠷᠦᠬᠡᠨ ᠦ᠌ ᠬᠡᠢ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄广枣
   ᠠᠩᠭ᠌ᠯᠢ ᠨᠡᠷ᠎ᠡ᠄Choerospondias axillaris(Roxb.)Burtt et Hill

   ᠦᠰᠦᠭ ᠠᠮᠢᠯᠠᠭᠤᠯᠤᠭᠴᠢ᠄ ᠰᠡᠷᠵᠢᠺᠧᠠ
   ᠬᠢᠨᠠᠭᠴᠢ᠄ ᠲᠤᠶᠠᠭ᠎ᠠ ᠣᠶᠣᠨᠴᠢᠮᠡᠭ