ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ-2025 ᠣᠨ ᠤ᠋ 5 ᠰᠠᠷ᠎ᠠИтгэлт Хамба бламын сургааль
ᠬᠠᠮᠪᠤ ᠪᠯᠠᠮ᠎ᠠ ᠳ᠋ᠠᠮᠪᠠ ᠠᠶᠤᠰᠢᠶᠸᠪ
ᠢᠲᠡᠭᠡᠯᠲᠦ ᠬᠠᠮᠪᠤ ᠪᠯᠠᠮ᠎ᠠ ᠶ᠋ᠢᠨ ᠵᠠᠯᠪᠠᠷᠢᠯ
ᠰᠠᠢᠨ ᠴᠢᠮᠡᠭ ᠲᠡᠢ ᠯᠠᠭᠱᠠᠨ ᠤ᠋ ᠮᠠᠨᠳᠠᠯ ᠳᠡᠯᠭᠡᠷᠡᠭᠰᠡᠨ
ᠥᠯᠵᠡᠢ ᠲᠡᠢ ᠵᠠᠷᠯᠢᠭ ᠢ᠋ᠶ᠋ᠠᠷ ᠮᠠᠨ ᠤ᠋ ᠰᠡᠳᠬᠢᠯ ᠨᠣᠮᠣᠬᠠᠷᠠᠭᠰᠠᠨ
ᠸᠴᠢᠷ ᠮᠡᠲᠦ ᠭᠦᠨᠵᠡᠭᠡᠢ ᠲᠠᠭᠠᠯᠠᠯ ᠡᠷᠬᠡᠰᠢᠶᠡᠭᠰᠡᠨ
ᠢᠲᠡᠭᠡᠯᠲᠦ ᠬᠠᠮᠪᠤ ᠪᠯᠠᠮ᠎ᠠ ᠶ᠋ᠢᠨ ᠥᠯᠮᠡᠢ ᠳ᠋ᠦ᠍ ᠵᠠᠯᠪᠠᠷᠢᠨᠠᠮ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
2025.05.01
ᠮᠣᠭᠠᠢ ᠵᠢᠯ ᠂ ᠯᠤᠤ ᠰᠠᠷ᠎ᠠ ᠶ᠋ᠢᠨ 4 ᠦ᠌ ᠴᠠᠭᠠᠨ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠪᠢᠰᠢᠯᠭᠠᠯ ᠵᠢᠭᠠᠯᠭᠠᠵᠤ ᠪᠠᠢᠨ᠎ᠠ᠃ ᠢᠲᠡᠭᠡᠯᠲᠦ ᠪᠠᠭᠰᠢ ᠄ 《ᠰᠡᠳᠬᠢᠯ ᠢ᠋ ᠣᠳᠣ ᠡᠨᠳᠡ ᠲᠥᠪᠯᠡᠷᠡᠭᠦᠯᠬᠦ ᠪᠣᠯ ᠪᠢᠰᠢᠯᠭᠠᠯ ᠪᠣᠯᠤᠨ᠎ᠠ》ᠭᠡᠮᠡᠨ ᠠᠢᠯᠠᠳᠤᠯ᠎ᠠ᠃
2025.05.02
ᠮᠣᠭᠠᠢ ᠵᠢᠯ᠂ ᠯᠤᠤ ᠰᠠᠷ᠎ᠠ ᠶ᠋ᠢᠨ 5 ᠤ᠋ ᠴᠠᠭᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠢᠲᠡᠭᠡᠯᠲᠦ ᠪᠠᠭᠰᠢ ᠳ᠋ᠤ᠌ ᠰᠣᠶᠣᠷᠬᠠᠯ ᠡᠷᠭᠦᠭᠡ ᠃ ᠢᠲᠡᠭᠡᠯᠲᠦ ᠪᠠᠭᠰᠢ ᠄ 《ᠬᠠᠮᠤᠭ ᠠᠮᠢᠲᠠᠨ ᠤ᠋ ᠤᠬᠠᠭᠠᠨ ᠰᠡᠳᠬᠢᠯ ᠳ᠋ᠦ᠍ ᠭᠡᠭᠡᠷᠡᠬᠦ ᠬᠦᠴᠦ ᠴᠢᠳᠠᠯ ᠪᠠᠢᠨ᠎ᠠ》 ᠭᠡᠮᠡᠨ ᠠᠢᠯᠠᠳᠤᠯ᠎ᠠ᠃
2025.05.03
ᠮᠣᠭᠠᠢ ᠵᠢᠯ᠂ ᠯᠤᠤ ᠰᠠᠷ᠎ᠠ ᠶ᠋ᠢᠨ 6 ᠤ᠋ ᠬᠠᠷ᠎ᠠ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠲᠣᠷᠭᠠᠨ ᠵᠠᠮ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ ᠄ 《ᠪᠣᠳᠢ ᠮᠥᠷ ᠵᠡᠷᠭᠡ ᠶ᠋ᠢ ᠠᠩᠬᠠᠷᠤᠨ ᠠᠪᠬᠤ》ᠭᠡᠮᠡᠨ ᠠᠢᠯᠠᠳᠤᠯ᠎ᠠ᠃
2025.05.04
ᠮᠣᠭᠠᠢ ᠵᠢᠯ᠂ ᠯᠤᠤ ᠰᠠᠷ᠎ᠠ ᠶ᠋ᠢᠨ 7 ᠤ᠋ ᠬᠠᠷᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠵᠢᠷᠦᠬᠡᠨ ᠰᠤᠳᠤᠷ ᠤ᠋ᠨ ᠲᠠᠷᠨᠢ ᠶᠡᠬᠡ ᠪᠡᠷ ᠲᠣᠭᠠᠯᠠᠨ᠎ᠠ᠃ ᠢᠲᠡᠭᠡᠯᠲᠦ ᠪᠠᠭᠰᠢ ᠄ 《ᠬᠤᠷᠴᠠ ᠤᠬᠠᠭᠠᠨ ᠬᠢᠭᠡᠳ ᠠᠷᠢᠭᠤᠨ ᠰᠠᠨᠠᠭ᠎ᠠ ᠰᠡᠳᠬᠢᠯ ᠬᠣᠶᠠᠷ ᠬᠣᠭᠣᠷᠣᠨᠳᠣ ᠪᠠᠨ ᠰᠢᠲᠦᠨ ᠪᠠᠷᠢᠯᠳᠤᠭᠠᠳ ᠲᠡᠭᠦᠰ ᠭᠡᠭᠡᠷᠡᠯ ᠳ᠋ᠦ᠍ ᠬᠦᠷᠦᠨ᠎ᠡ》ᠭᠡᠮᠡᠨ ᠠᠢᠯᠠᠳᠤᠯ᠎ᠠ ᠃
2025.05.05
ᠮᠣᠭᠠᠢ ᠵᠢᠯ᠂ ᠯᠤᠤ ᠰᠠᠷ᠎ᠠ ᠶ᠋ᠢᠨ 8 ᠤ᠋ ᠬᠥᠬᠡ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠪᠯᠠᠮ᠎ᠠ ᠳᠣᠣᠷᠠᠲᠤ ᠶᠢᠷᠲᠢᠨᠴᠦ ᠡᠴᠡ ᠳᠡᠭᠡᠳᠦ ᠶᠢᠷᠲᠢᠨᠴᠦ ᠤᠷᠤᠭᠤ ᠬᠡᠷᠡᠭ ᠢ᠋ᠶ᠋ᠡᠷ ᠶᠠᠪᠤᠬᠤ ᠨᠢ᠃ ᠢᠲᠡᠭᠡᠯᠲᠦ ᠪᠠᠭᠰᠢ ᠄ 《 ᠰᠠᠨᠰᠠᠷ ᠨᠢᠷᠸᠠᠨ ᠤ᠋ ᠦᠢᠯᠡ ᠪᠦᠲᠦᠭᠡᠯ ᠦ᠋ᠳ》ᠭᠡᠮᠡᠨ ᠠᠢᠯᠠᠳᠤᠯ᠎ᠠ᠃
2025.05.06
ᠮᠣᠭᠠᠢ ᠵᠢᠯ᠂ ᠯᠤᠤ ᠰᠠᠷ᠎ᠠ ᠶ᠋ᠢᠨ 9 ᠦ᠌ ᠬᠥᠬᠡᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠦᠢᠯᠡ ᠪᠦᠲᠦᠭᠡᠭᠴᠢ ᠲᠤᠰᠠ ᠡᠷᠳᠡᠮ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ ᠄ 《ᠪᠢ ᠦᠭᠡᠢ ᠶ᠋ᠢ ᠮᠡᠳᠡᠭᠰᠡᠨ ᠮᠥᠨ ᠴᠢᠨᠠᠷ》ᠭᠡᠮᠡᠨ ᠠᠢᠯᠠᠳᠤᠯ᠎ᠠ᠃
2025.05.07
ᠮᠣᠭᠠᠢ ᠵᠢᠯ᠂ ᠯᠤᠤ ᠰᠠᠷ᠎ᠠ ᠶ᠋ᠢᠨ 10 ᠤ᠋ ᠤᠯᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠᠳᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《ᠲᠣᠯᠣᠭᠠᠢ ᠲᠠᠷᠢᠬᠢ ᠡᠪᠡᠳᠦᠯ᠎ᠡ》 - ᠭᠡᠳ᠂ ᠡᠮ ᠠᠰᠠᠭᠤᠭᠠᠳ ᠶᠠᠪᠤᠵᠤ ᠪᠠᠢᠨ᠎ᠠ᠃ᠢᠲᠡᠭᠡᠯᠲᠦ ᠪᠠᠭᠰᠢ ᠄ 《 ᠡᠮ ᠦᠭᠡᠢ ᠪᠡᠷ ᠡᠳᠡᠭᠡᠬᠦ ᠠᠷᠭ᠎ᠠ ᠣᠯᠠᠨ》 ᠭᠡᠮᠡᠨ ᠠᠢᠯᠠᠳᠤᠯ᠎ᠠ᠃
2025.05.08
ᠮᠣᠭᠠᠢ ᠵᠢᠯ᠂ ᠯᠤᠤ ᠰᠠᠷ᠎ᠠ ᠶ᠋ᠢᠨ 11 ᠦ᠌ ᠤᠯᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠦᠢᠯᠡ ᠶ᠋ᠢᠨ ᠦᠷ᠎ᠡ ᠵᠠᠰᠠᠵᠤ ᠬᠣᠢᠲᠤ ᠲᠥᠷᠥᠯ ᠳ᠋ᠦ᠍ ᠪᠡᠯᠡᠳᠦᠭᠲᠢ ﹇бэлдэгты﹈ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ ᠄ 《ᠰᠠᠢᠨ ᠦᠢᠯᠡ ᠶ᠋ᠢᠨ ᠦᠷ᠎ᠡ ᠪᠣᠯᠤᠨ ᠠᠴᠢ ᠲᠤᠰᠠ ᠪᠣᠯ ᠭᠡᠭᠡᠷᠡᠯ》 ᠭᠡᠮᠡᠨ ᠠᠢᠯᠠᠳᠤᠯ᠎ᠠ᠃
2025.05.09
ᠮᠣᠭᠠᠢ ᠵᠢᠯ᠂ ᠯᠤᠤ ᠰᠠᠷ᠎ᠠ ᠶ᠋ᠢᠨ 12 ᠤᠨ ᠰᠢᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠᠳᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠤᠬᠠᠭᠠᠯᠠᠵᠤ ᠴᠢᠳᠠᠳᠠᠭ ᠪᠦᠭᠦᠳᠡ ᠣᠷᠣᠨ ᠣᠷᠣᠨ ᠳ᠋ᠤ᠌ ᠪᠠᠨ ᠴᠤᠭᠯᠠᠷᠠᠵᠤ ᠪᠠᠢᠨ᠎ᠠ᠃ ᠢᠲᠡᠭᠡᠯᠲᠦ ᠪᠠᠭᠰᠢ᠄ 《 ᠰᠦᠵᠢᠭᠲᠡᠨ ᠪᠦᠭᠦᠳᠡ ᠶ᠋ᠢᠨ ᠲᠣᠯᠣᠭᠠᠢ ᠶ᠋ᠢᠨ ᠣᠷᠣᠢ ᠨᠢ ᠴᠠᠭᠠᠨ ᠥᠩᠭᠡ ᠲᠡᠢ ᠣᠮ᠂ ᠬᠣᠭᠣᠯᠠᠢ ᠨᠢ ᠤᠯᠠᠭᠠᠨ ᠥᠩᠭᠡ ᠲᠡᠢ ᠠ᠂ ᠵᠢᠷᠦᠬᠡᠨ ᠨᠢ ᠬᠥᠬᠡ ᠥᠩᠭᠡ ᠲᠡᠢ ᠬᠣᠮ ᠦᠰᠦᠭ ᠦ᠋ᠨ ᠲᠡᠮᠳᠡᠭ ᠲᠡᠢ》 ᠭᠡᠮᠡᠨ ᠠᠢᠯᠠᠳᠤᠯ᠎ᠠ᠃
2025.05.10
ᠮᠣᠭᠠᠢ ᠵᠢᠯ᠂ ᠯᠤᠤ ᠰᠠᠷ᠎ᠠ ᠶ᠋ᠢᠨ 13 ᠤ᠋ ᠰᠢᠷᠠᠭᠴᠢᠨ ᠲᠠᠤᠯᠠᠢ ᠡᠳᠦᠷ ᠦ᠋ᠨ ᠴᠠᠭ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠰᠡᠳᠬᠢᠯ ᠴᠡᠴᠡᠭᠯᠡᠬᠦ ᠶ᠋ᠢᠨ ᠲᠤᠬᠠᠢ ᠶᠠᠷᠢᠵᠤ ᠪᠠᠢᠨ᠎ᠠ᠃ ᠢᠲᠡᠭᠡᠯᠲᠦ ᠪᠠᠭᠰᠢ᠄ 《ᠡᠷᠳᠡᠮ ᠪᠤᠶᠠᠨ ᠤ᠋ ᠰᠢᠯᠲᠠᠭᠠᠨ ᠠ᠋ᠴᠠ ᠪᠣᠯᠬᠤ》 ᠭᠡᠮᠡᠨ ᠠᠢᠯᠠᠳᠤᠯ᠎ᠠ᠃
2025.05.11
ᠮᠣᠭᠠᠢ ᠵᠢᠯ᠂ ᠯᠤᠤ ᠰᠠᠷ᠎ᠠ ᠶ᠋ᠢᠨ 14 ᠦ᠌ ᠴᠠᠭᠠᠨ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠬᠡᠳᠦᠨ ᠬᠥᠮᠦᠨ ᠨᠣᠮ ᠣᠷᠴᠢᠭᠤᠯᠵᠤ ᠪᠠᠢᠨ᠎ᠠ᠃ ᠢᠲᠡᠭᠡᠯᠲᠦ ᠪᠠᠭᠰᠢ᠄ 《ᠬᠠᠷᠰᠢ ᠦᠭᠡ ᠤᠬᠠᠭᠠᠨ ᠠ᠋ᠴᠠ ᠭᠠᠷᠤᠭᠰᠠᠨ ᠦᠭᠡ ᠠᠮᠠ ᠵᠣᠬᠢᠶᠠᠯ ᠤ᠋ᠨ ᠦᠭᠡ ᠰᠡᠳᠬᠢᠯ ᠡᠴᠡ ᠭᠠᠷᠤᠭᠰᠠᠨ ᠦᠭᠡ ᠭᠡᠬᠦ ᠮᠡᠲᠦ ᠶᠠᠩᠵᠤ ᠪᠦᠷᠢ ᠶ᠋ᠢᠨ ᠤᠳᠬ᠎ᠠ ᠴᠢᠨᠠᠷ ᠲᠠᠢ ᠣᠯᠠᠨ》 ᠭᠡᠮᠡᠨ ᠠᠢᠯᠠᠳᠤᠯ᠎ᠠ᠃
2025.05.12
ᠮᠣᠭᠠᠢ ᠵᠢᠯ᠂ ᠯᠤᠤ ᠰᠠᠷ᠎ᠠ ᠶ᠋ᠢᠨ 15 ᠤ᠋ ᠴᠠᠭᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠵᠢᠷᠭᠠᠬᠤ ᠨᠠᠷᠠᠨ ᠡᠭᠡᠯᠵᠢ ᠲᠡᠢ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ ᠄ 《ᠵᠣᠪᠠᠯᠠᠩ ᠢ᠋ ᠠᠮᠤᠭᠤᠯᠠᠩ ᠳ᠋ᠤᠷ ᠦᠵᠡᠬᠦ ᠬᠡᠷᠡᠭᠲᠡᠢ》 ᠭᠡᠮᠡᠨ ᠠᠢᠯᠠᠳᠤᠯ᠎ᠠ᠃
2025.05.13
ᠮᠣᠭᠠᠢ ᠵᠢᠯ᠂ ᠯᠤᠤ ᠰᠠᠷ᠎ᠠ ᠶ᠋ᠢᠨ 16 ᠤ᠋ ᠬᠠᠷ᠎ᠠ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠲᠠᠰᠤᠷᠠᠯ ᠦᠭᠡᠢ ᠲᠠᠬᠢᠭᠳᠠᠭᠴᠢ ᠬᠡᠢᠳ ᠦ᠋ᠨ ᠰᠠᠬᠢᠭᠤᠰᠤ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ ᠄ 《ᠱᠠᠵᠢᠨ ᠢ᠋ ᠲᠡᠳᠬᠦᠭᠴᠢ ᠨᠥᠬᠥᠷ ᠰᠡᠯᠲᠡ ᠴᠣᠭᠲᠤ ᠲᠡᠭᠦᠯᠳᠡᠷ》 ᠭᠡᠮᠡᠨ ᠠᠢᠯᠠᠳᠤᠯ᠎ᠠ᠃
2025.05.14
ᠮᠣᠭᠠᠢ ᠵᠢᠯ᠂ ᠯᠤᠤ ᠰᠠᠷ᠎ᠠ ᠶ᠋ᠢᠨ 17 ᠤ᠋ ᠬᠠᠷᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠦ᠌ ᠤᠬᠠᠭᠠᠨ ᠰᠡᠳᠬᠢᠯ ᠨᠢ ᠰᠣᠨᠣᠷ ᠪᠣᠯᠤᠭᠰᠠᠨ ᠪᠠᠢᠨ᠎ᠠ᠃ ᠢᠲᠡᠭᠡᠯᠲᠦ ᠪᠠᠭᠰᠢ ᠄ 《 ᠠᠮᠤᠷᠯᠢᠩᠭᠤᠢ ᠶ᠋ᠢᠨ ᠮᠥᠨ ᠴᠢᠨᠠᠷ ᠲᠠᠢ ᠪᠣᠯᠤᠭᠰᠠᠨ ᠪᠠᠢᠨ᠎ᠠ 》 ᠭᠡᠮᠡᠨ ᠠᠢᠯᠠᠳᠤᠯ᠎ᠠ᠃
2025.05.15
ᠮᠣᠭᠠᠢ ᠵᠢᠯ ᠂ ᠯᠤᠤ ᠰᠠᠷ᠎ᠠ ᠶ᠋ᠢᠨ 18 ᠤ᠋ ᠬᠥᠬᠡ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠶᠧᠯᠸᠢ ᠲᠡᠢ ᠶᠢᠷᠲᠢᠨᠴᠦ ᠡᠴᠡ ᠮᠤᠯᠲᠤᠷᠠᠬᠤ ᠶ᠋ᠢ ᠬᠦᠰᠡᠨ᠎ᠡ᠃ ᠢᠲᠡᠭᠡᠯᠲᠦ ᠪᠠᠭᠰᠢ᠄ 《ᠣᠭᠲᠠᠷᠭᠤᠢ ᠮᠡᠲᠦ ᠲᠡᠭᠰᠢ ᠴᠢᠨᠠᠷ ᠲᠠᠢ ᠣᠷᠣᠰᠢᠬᠤ ᠬᠡᠷᠡᠭᠲᠡᠢ》ᠭᠡᠮᠡᠨ ᠠᠢᠯᠠᠳᠤᠯ᠎ᠠ᠃
2025.05.16
ᠮᠣᠭᠠᠢ ᠵᠢᠯ ᠂ ᠯᠤᠤ ᠰᠠᠷ᠎ᠠ ᠶ᠋ᠢᠨ 19 ᠦ᠌ ᠬᠥᠬᠡᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠰᠠᠢᠨ ᠰᠠᠢᠨ ᠢ᠋ ᠰᠡᠳᠬᠢᠵᠦ ᠶᠠᠪᠤᠭᠰᠠᠨ ᠬᠥᠮᠦᠨ ᠳ᠋ᠦ᠍ ᠢᠲᠡᠭᠡᠯᠲᠦ ᠪᠠᠭᠰᠢ᠄ 《 ᠠᠷᠢᠭᠤᠨ ᠮᠡᠷᠭᠡᠳ ᠦ᠋ᠨ ᠵᠠᠮ ᠳ᠋ᠤ᠌ ᠣᠷᠣᠵᠤ ᠠᠮᠠ ᠬᠡᠯᠡᠨ ᠦ᠌ ᠪᠤᠵᠠᠷ ᠠᠷᠢᠯᠭ᠎ᠠ》 ᠭᠡᠮᠡᠨ ᠠᠢᠯᠠᠳᠤᠯ᠎ᠠ᠃
2025.05.17
ᠮᠣᠭᠠᠢ ᠵᠢᠯ ᠂ ᠯᠤᠤ ᠰᠠᠷ᠎ᠠ ᠶ᠋ᠢᠨ 20 ᠤ᠋ ᠤᠯᠠᠭᠠᠨ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠥᠷᠯᠥᠭᠡᠨ ᠦ᠌ 4 ᠴᠠᠭ ᠲᠤ᠌ ᠠᠮᠠᠨ ᠤ᠋ ᠤᠩᠰᠢᠯᠭ᠎ᠠ ᠪᠦᠲᠦᠭᠡᠳᠡᠭ ᠯᠠᠮᠠ ᠳ᠋ᠤ᠌ ᠢᠲᠡᠭᠡᠯᠲᠦ ᠪᠠᠭᠰᠢ᠄ 《ᠪᠣᠳᠢ ᠬᠤᠲᠤᠭ ᠤ᠋ᠨ ᠨᠠᠷᠠ ᠮᠠᠨᠳᠤᠬᠤ》ᠭᠡᠮᠡᠨ ᠠᠢᠯᠠᠳᠤᠯ᠎ᠠ᠃
2025.05.18
ᠮᠣᠭᠠᠢ ᠵᠢᠯ ᠂ ᠯᠤᠤ ᠰᠠᠷ᠎ᠠ ᠶ᠋ᠢᠨ 21 ᠦ᠌ ᠤᠯᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠱᠠᠵᠢᠨ ᠳ᠋ᠤ᠌ ᠶᠡᠬᠡ ᠨᠠᠷᠢᠨ ᠯᠠᠮᠠ ᠳ᠋ᠤ᠌ ᠢᠲᠡᠭᠡᠯᠲᠦ ᠪᠠᠭᠰᠢ᠄ 《ᠭᠣᠣᠯ ᠢ᠋ ᠨᠢ ᠪᠠᠷᠢᠭᠠᠳ ᠬᠥᠲᠥᠯ》 ᠭᠡᠮᠡᠨ ᠠᠢᠯᠠᠳᠤᠯ᠎ᠠ᠃
2025.05.19
ᠮᠣᠭᠠᠢ ᠵᠢᠯ ᠂ ᠯᠤᠤ ᠰᠠᠷ᠎ᠠ ᠶ᠋ᠢᠨ 22 ᠤᠨ ᠰᠢᠷ᠎ᠠ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠠᠲᠠᠭ᠎ᠠ ᠵᠢᠲᠥᠭᠡ ᠬᠣᠪ ᠵᠢᠪ ᠭᠠᠷᠬᠤ ᠨᠢ ᠰᠣᠨᠣᠰᠤᠭᠳᠠᠪᠠ᠃ ᠢᠲᠡᠭᠡᠯᠲᠦ ᠪᠠᠭᠰᠢ᠄ 《ᠬᠠᠷ᠎ᠠ ᠬᠡᠯᠡ ᠳᠠᠢᠰᠤᠨ ᠲᠣᠳᠬᠠᠷ ᠢ᠋ ᠦᠨᠡᠰᠦ ᠲᠤᠷᠤᠭ ᠪᠣᠯᠭᠠᠬᠤ ᠲᠠᠷᠨᠢᠴᠢᠨ ᠠᠯᠢ ᠴᠤ᠌ ᠭᠠᠵᠠᠷ ᠲᠤ᠌ ᠪᠠᠢᠳᠠᠭ ᠶᠤᠮ ᠠ》 ᠭᠡᠮᠡᠨ ᠠᠢᠯᠠᠳᠤᠯ᠎ᠠ᠃
2025.05.20
ᠮᠣᠭᠠᠢ ᠵᠢᠯ ᠂ ᠯᠤᠤ ᠰᠠᠷ᠎ᠠ ᠶ᠋ᠢᠨ 23 ᠤ᠋ ᠰᠢᠷᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠪᠯᠠᠮ᠎ᠠ ᠰᠢᠳᠢ ᠦᠵᠡᠭᠦᠯᠦᠨ᠎ᠡ᠃ ᠢᠲᠡᠭᠡᠯᠲᠦ ᠪᠠᠭᠰᠢ᠄ 《ᠠᠴᠢᠲᠠᠢ ᠶᠡᠬᠡ ᠪᠠᠭᠰᠢ ᠶ᠋ᠢᠨ ᠰᠤᠷᠲᠠᠭᠠᠯ》 ᠭᠡᠮᠡᠨ ᠠᠢᠯᠠᠳᠤᠯ᠎ᠠ᠃
2025.05.21
ᠮᠣᠭᠠᠢ ᠵᠢᠯ ᠂ ᠯᠤᠤ ᠰᠠᠷ᠎ᠠ ᠶ᠋ᠢᠨ 24 ᠦ᠌ ᠴᠠᠭᠠᠨ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠭᠣᠷᠣᠭ᠎ᠠ ᠲᠠᠷᠨᠢ ᠶᠡᠬᠡ ᠪᠡᠷ ᠪᠦᠲᠦᠭᠡᠨ᠎ᠡ᠃ ᠢᠲᠡᠭᠡᠯᠲᠦ ᠪᠠᠭᠰᠢ᠄ 《ᠰᠠᠢᠨ ᠲᠠᠷᠨᠢᠴᠢᠨ ᠪᠣᠯᠬᠤ ᠶ᠋ᠢᠨ ᠡᠮᠦᠨ᠎ᠡ ᠭᠣᠷᠣᠭ᠎ᠠ ᠲᠠᠷᠨᠢ ᠪᠦᠲᠦᠭᠡ》 ᠭᠡᠮᠡᠨ ᠠᠢᠯᠠᠳᠤᠯ᠎ᠠ᠃
2025.05.22
ᠮᠣᠭᠠᠢ ᠵᠢᠯ ᠂ ᠯᠤᠤ ᠰᠠᠷ᠎ᠠ ᠶ᠋ᠢᠨ 25 ᠤ᠋ ᠴᠠᠭᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠬᠣᠭᠣᠰᠣᠨ ᠴᠢᠨᠠᠷ ᠪᠢᠰᠢᠯᠭᠠᠨ᠎ᠠ᠃ ᠢᠲᠡᠭᠡᠯᠲᠦ ᠪᠠᠭᠰᠢ᠄ 《 ᠶᠢᠷᠲᠢᠨᠴᠦ ᠳ᠋ᠦ᠍ ᠠᠮᠢᠳᠤᠷᠠᠬᠤ ᠨᠢ ᠬᠣᠭᠣᠰᠣᠨ ᠴᠢᠨᠠᠷ ᠤ᠋ᠨ ᠬᠦᠴᠦ ᠴᠢᠳᠠᠯ》 ᠭᠡᠮᠡᠨ ᠠᠢᠯᠠᠳᠤᠯ᠎ᠠ᠃
2025.05.23
ᠮᠣᠭᠠᠢ ᠵᠢᠯ ᠂ ᠯᠤᠤ ᠰᠠᠷ᠎ᠠ ᠶ᠋ᠢᠨ 26 ᠤ᠋ ᠬᠠᠷ᠎ᠠ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠲᠡᠭᠰᠢ ᠵᠠᠮ ᠲᠠᠢ ᠬᠥᠮᠦᠨ ᠳ᠋ᠦ᠍ ᠢᠲᠡᠭᠡᠯᠲᠦ ᠪᠠᠭᠰᠢ᠄ 《ᠬᠥᠭᠵᠢᠯ ᠦ᠋ᠨ ᠪᠠᠶᠠᠰᠬᠤᠯᠠᠩ ᠳ᠋ᠤ᠌ ᠦᠢᠯᠡ ᠬᠡᠷᠡᠭ ᠬᠥᠩᠭᠡᠨ ᠪᠦᠲᠦᠭ》 ᠭᠡᠮᠡᠨ ᠠᠢᠯᠠᠳᠤᠯ᠎ᠠ᠃
2025.05.24
ᠮᠣᠭᠠᠢ ᠵᠢᠯ ᠂ ᠯᠤᠤ ᠰᠠᠷ᠎ᠠ ᠶ᠋ᠢᠨ 27 ᠤ᠋ ᠬᠠᠷᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠶᠧᠯᠸᠢ ᠶ᠋ᠢᠨ ᠨᠣᠢᠷ ᠠᠴᠠ ᠰᠡᠷᠭᠦᠵᠦ ᠪᠠᠢᠨ᠎ᠠ᠃ ᠢᠲᠡᠭᠡᠯᠲᠦ ᠪᠠᠭᠰᠢ᠄ 《ᠡᠨᠡ ᠨᠠᠰᠤᠨ ᠤ᠋ ᠵᠠᠶᠠᠭᠠᠨ ᠤ᠋ ᠠᠮᠢᠳᠤᠷᠠᠯ ᠢᠯᠡᠷᠬᠡᠢᠯᠡᠬᠦ》 ᠭᠡᠮᠡᠨ ᠠᠢᠯᠠᠳᠤᠯ᠎ᠠ᠃
2025.05.25
ᠮᠣᠭᠠᠢ ᠵᠢᠯ ᠂ ᠯᠤᠤ ᠰᠠᠷ᠎ᠠ ᠶ᠋ᠢᠨ 28 ᠤ᠋ ᠬᠥᠬᠡ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠵᠠᠯᠬᠠᠭᠤᠷᠠᠬᠤ ᠦᠭᠡᠢ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄ 《ᠡᠷᠡᠮᠡᠯᠵᠡᠯ ᠲᠡᠢ ᠪᠠᠢᠬᠤ ᠨᠢ ᠠᠷᠭ᠎ᠠ ᠪᠢᠯᠢᠭ》 ᠭᠡᠮᠡᠨ ᠠᠢᠯᠠᠳᠤᠯ᠎ᠠ᠃
2025.05.26
ᠮᠣᠭᠠᠢ ᠵᠢᠯ ᠂ ᠯᠤᠤ ᠰᠠᠷ᠎ᠠ ᠶ᠋ᠢᠨ 29 ᠦ᠌ ᠬᠥᠬᠡᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠡᠭᠡᠯ ᠬᠥᠮᠦᠨ ᠦ᠌ ᠠᠮᠢᠳᠤᠷᠠᠯ ᠠ᠋ᠴᠠ ᠰᠠᠢᠬᠠᠨ ᠶᠠᠭᠤᠮᠠᠨ ᠦᠭᠡᠢ ᠭᠡᠵᠦ ᠰᠣᠨᠣᠰᠤᠭᠳᠠᠭ᠎ᠠ᠃ᠢᠲᠡᠭᠡᠯᠲᠦ ᠪᠠᠭᠰᠢ᠄《 ᠴᠢᠯᠥᠭᠡ ᠤᠴᠠᠷᠠᠯ ᠤ᠋ᠨ ᠡᠷᠳᠡᠮ》 ᠭᠡᠮᠡᠨ ᠠᠢᠯᠠᠳᠤᠯ᠎ᠠ᠃
2025.05.27
ᠮᠣᠭᠠᠢ ᠵᠢᠯ ᠂ ᠯᠤᠤ ᠰᠠᠷ᠎ᠠ ᠶ᠋ᠢᠨ 30 ᠤ᠋ ᠤᠯᠠᠭᠠᠨ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠣᠯᠠᠨ ᠬᠥᠮᠦᠰ ᠬᠡᠷᠡᠭ ᠪᠦᠲᠦᠬᠦ ᠶ᠋ᠢᠨ ᠲᠥᠯᠥᠭᠡ ᠤᠩᠰᠢᠯᠭ᠎ᠠ ᠳ᠋ᠤ᠌ ᠳᠠᠭᠠᠳᠬᠠᠨ᠎ᠠ᠃ ᠢᠲᠡᠭᠡᠯᠲᠦ ᠪᠠᠭᠰᠢ᠄ 《ᠱᠠᠵᠢᠨ ᠳᠡᠯᠭᠡᠷᠡᠭᠦᠯᠬᠦ ᠶ᠋ᠢᠨ ᠠᠴᠢ ᠲᠤᠰᠠ》 ᠭᠡᠮᠡᠨ ᠠᠢᠯᠠᠳᠤᠯ᠎ᠠ᠃
2025.05.28
ᠮᠣᠭᠠᠢ ᠵᠢᠯ ᠂ ᠮᠣᠭᠠᠢ ᠰᠠᠷ᠎ᠠ ᠶ᠋ᠢᠨ 1 ᠦ᠌ ᠤᠯᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄ 《 ᠯᠠᠮᠠ ᠪᠥᠬᠡ ᠬᠣᠶᠠᠷ ᠤ᠋ᠨ ᠬᠣᠭᠣᠷᠣᠨᠳᠣ ᠢᠯᠭᠠᠭ᠎ᠠ ᠶᠠᠭᠤᠨ ᠪᠣᠢ?》 ᠭᠡᠵᠦ ᠠᠰᠠᠭᠤᠨ᠎ᠠ᠃ ᠢᠲᠡᠭᠡᠯᠲᠦ ᠪᠠᠭᠰᠢ᠄ 《ᠲᠡᠭᠦᠰ ᠪᠠᠶᠠᠰᠬᠤᠯᠠᠩᠲᠤ ᠲᠣᠭ᠎ᠠ ᠦᠭᠡᠢ ᠣᠯᠠᠨ ᠲᠩᠷᠢ ᠶ᠋ᠢᠨ ᠨᠥᠬᠥᠷ ᠯᠦ᠍ᠭᠡ ᠰᠡᠯᠲᠡ ᠨᠤᠭᠦᠳ ᠲᠦ᠍ ᠪᠦᠭᠦᠳᠡ ᠪᠠᠭᠲᠠᠨ᠎ᠠ》 ᠭᠡᠮᠡᠨ ᠠᠢᠯᠠᠳᠤᠯ᠎ᠠ᠃
2025.05.29
ᠮᠣᠭᠠᠢ ᠵᠢᠯ ᠂ ᠮᠣᠭᠠᠢ ᠰᠠᠷ᠎ᠠ ᠶ᠋ᠢᠨ 3 ᠤ᠋ ᠰᠢᠷ᠎ᠠ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠪᠠᠶᠠᠷ ᠬᠥᠷ ᠲᠡᠢ ᠪᠡᠶᠡᠰᠴᠦ ᠶᠠᠪᠤᠨ᠎ᠠ᠃ ᠢᠲᠡᠭᠡᠯᠲᠦ ᠪᠠᠭᠰᠢ᠄ 《 ᠠᠮᠤᠭᠤᠯᠠᠩ ᠳ᠋ᠤ᠌ ᠣᠷᠣᠰᠢᠬᠤ ᠨᠢ ᠰᠡᠳᠬᠢᠯ ᠦ᠋ᠨ ᠬᠦᠴᠦ》 ᠭᠡᠮᠡᠨ ᠠᠢᠯᠠᠳᠤᠯ᠎ᠠ᠃
2025.05.30
ᠮᠣᠭᠠᠢ ᠵᠢᠯ ᠂ ᠮᠣᠭᠠᠢ ᠰᠠᠷ᠎ᠠ ᠶ᠋ᠢᠨ 4 ᠦ᠌ ᠰᠢᠷᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄ 《 ᠬᠥᠮᠦᠨ ᠦ᠌ ᠤᠬᠠᠭᠠᠨ ᠪᠣᠳᠣᠯ ᠢ᠋ᠶ᠋ᠠᠷ ᠪᠠᠢᠬᠤ ᠦᠭᠡᠢ ᠳ᠋ᠦ᠍᠂ ᠥᠪᠡᠷ ᠦ᠋ᠨ ᠤᠬᠠᠭᠠᠨ ᠪᠣᠳᠣᠯ ᠬᠥᠮᠦᠨ ᠳ᠋ᠦ᠍ ᠣᠷᠣᠭᠤᠯᠬᠤ ᠦᠭᠡᠢ》 ᠭᠡᠨ᠎ᠡ᠃ᠢᠲᠡᠭᠡᠯᠲᠦ ᠪᠠᠭᠰᠢ᠄ 《 ᠤᠬᠠᠭᠠᠨ ᠨᠣᠮᠣᠬᠠᠷᠠᠭᠤᠯᠵᠤ ᠲᠣᠭᠲᠠᠭᠠᠬᠤ ᠨᠢ ᠠᠴᠢ ᠲᠤᠰᠠᠲᠠᠢ》 ᠭᠡᠮᠡᠨ ᠠᠢᠯᠠᠳᠤᠯ᠎ᠠ᠃
2025.05.31
ᠮᠣᠭᠠᠢ ᠵᠢᠯ ᠂ ᠮᠣᠭᠠᠢ ᠰᠠᠷ᠎ᠠ ᠶ᠋ᠢᠨ 5 ᠤ᠋ ᠴᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠪᠯᠠᠮ᠎ᠠ ᠰᠢᠷᠣᠢ ᠤᠰᠤ ᠭᠠᠯ ᠬᠡᠢ ᠰᠤᠳᠠᠯ ᠢ᠋ᠶ᠋ᠠᠨ ᠲᠡᠭᠰᠢᠷᠡᠭᠦᠯᠦᠭᠰᠡᠨ ᠠᠭᠠᠷ ᠲᠤ᠌ ᠦᠵᠡᠭᠳᠡᠨ᠎ᠡ᠃ᠢᠲᠡᠭᠡᠯᠲᠦ ᠪᠠᠭᠰᠢ᠄ 《 ᠣᠭᠲᠠᠷᠭᠤᠢ ᠵᠢᠨ ᠬᠣᠭᠣᠰᠣᠨ ᠴᠢᠨᠠᠷ ᠬᠣᠭᠣᠰᠣᠨ ᠴᠢᠨᠠᠷ ᠨᠢ ᠣᠭᠲᠠᠷᠭᠤᠢ》ᠭᠡᠮᠡᠨ ᠠᠢᠯᠠᠳᠤᠯ᠎ᠠ᠃ ᠣᠭᠲᠣ ᠦᠭᠡᠢ ᠶ᠋ᠢᠨ ᠮᠥᠨ ᠴᠢᠨᠠᠷ ᠨᠢ ᠡᠭᠦᠷᠢᠳᠡ ᠮᠥᠩᠬᠡ᠃
ᠢᠷᠡᠯᠲᠡ᠄ ᠢᠪᠠᠯᠭ᠎ᠠ ᠶ᠋ᠢᠨ ᠳ᠋ᠠᠼᠠᠩ 《 ᠬᠠᠮᠪᠤ ᠶ᠋ᠢᠨ ᠬᠦᠷᠢᠶ᠎ᠡ》
ᠦᠰᠦᠭ ᠠᠮᠢᠯᠠᠭᠤᠯᠤᠭᠴᠢ᠄ ᠠᠯᠲᠠᠨᠨᠠᠪᠴᠢ
ᠬᠢᠨᠠᠭᠴᠢ᠄ ᠣᠳᠬᠠᠨᠰᠣ᠎ᠠ
