ᠶᠡᠬᠡ ᠶᠤᠸᠠᠨ ᠤ᠋ ᠥᠭᠡᠳᠡᠯᠡᠨ ᠮᠠᠨᠳᠤᠭᠰᠠᠨИх юаны өөдлөн мандсан
ᠶᠤᠸᠠᠨ ᠭᠡᠳᠡᠭ ᠨᠡᠷ᠎ᠡ ᠪᠣᠯ ᠬᠢᠲᠠᠳ ᠤ᠋ᠨ 《ᠵᠢᠷᠤᠬᠠᠢᠲᠤ ᠨᠣᠮ》 ᠤ᠋ᠨ 《ᠴᠢᠨᠢ ᠶᠤᠸᠠᠨ》 ᠪᠤᠶᠤ 《ᠲᠩᠷᠢ ᠮᠡᠲᠦ ᠶᠡᠬᠡ》 ᠬᠡᠮᠡᠬᠦ ᠤᠳᠬ᠎ᠠ ᠶ᠋ᠢ ᠦᠨᠳᠦᠰᠦᠯᠡᠵᠦ ᠥᠭᠭᠦᠭᠰᠡᠨ ᠨᠡᠷ᠎ᠡ ᠪᠣᠯᠤᠨ᠎ᠠ᠃ ᠥᠭᠡᠷ᠎ᠡ ᠪᠡᠷ ᠬᠡᠯᠡᠪᠡᠯ ᠶᠤᠸᠠᠨ ᠭᠡᠳᠡᠭ ᠨᠢ ᠲᠩᠷᠢ ᠮᠡᠲᠦ ᠶᠡᠬᠡ ᠭᠡᠰᠡᠨ ᠦᠭᠡ ᠪᠣᠯᠬᠤ ᠶᠤᠮ᠃ ᠬᠤᠪᠢᠯᠠᠢ ᠬᠠᠭᠠᠨ ᠶᠡᠬᠡ ᠶᠤᠸᠠᠨ ᠤᠯᠤᠰ ᠢ᠋ ᠪᠠᠢᠭᠤᠯᠤᠭᠰᠠᠨ ᠤ᠋ ᠳᠠᠷᠠᠭ᠎ᠠ ᠮᠣᠩᠭᠣᠯᠴᠤᠳ ᠤ᠋ᠨ ᠨᠣᠶᠠᠷᠬᠠᠯ ᠢ᠋ ᠪᠡᠬᠢᠵᠢᠭᠦᠯᠬᠦ ᠶ᠋ᠢᠨ ᠲᠥᠯᠥᠭᠡ ᠨᠡᠢᠰᠯᠡᠯ ᠬᠣᠲᠠ ᠳ᠋ᠤ᠌ ᠲᠥᠪ ᠪᠢᠴᠢᠭ ᠦ᠋ᠨ ᠮᠣᠵᠢ ᠪᠠᠢᠭᠤᠯᠵᠤ ᠲᠥᠪᠯᠡᠷᠡᠭᠰᠡᠨ ᠡᠷᠬᠡ ᠶ᠋ᠢ ᠴᠢᠩᠭᠠᠳᠬᠠᠭᠰᠠᠨ ᠪᠥᠭᠡᠳ ᠣᠷᠣᠨ ᠨᠤᠲᠤᠭ ᠲᠤ᠌ ᠰᠠᠯᠪᠤᠷᠢ ᠮᠣᠵᠢ ᠪᠠᠢᠭᠤᠯᠵᠤ ᠨᠣᠶᠠᠷᠬᠠᠯ ᠤ᠋ᠨ ᠲᠣᠭᠲᠠᠯᠴᠠᠭ᠎ᠠ ᠶ᠋ᠢ ᠪᠠᠲᠤᠳᠬᠠᠵᠠᠢ᠃ ᠶᠤᠸᠠᠨ ᠤᠯᠤᠰ ᠤ᠋ᠨ ᠦᠶ᠎ᠡ ᠳ᠋ᠦ᠍ ᠬᠥᠳᠡᠭᠡ ᠠᠵᠤ ᠠᠬᠤᠢ ᠶ᠋ᠢ ᠦᠨᠳᠦᠰᠦ ᠪᠣᠯᠭᠠᠭᠰᠠᠨ ᠣᠯᠠᠨ ᠲᠥᠷᠥᠯ ᠦ᠋ᠨ ᠠᠵᠤ ᠠᠬᠤᠢ ᠶ᠋ᠢ ᠵᠡᠷᠭᠡ ᠬᠥᠭᠵᠢᠭᠦᠯᠬᠦ ᠪᠣᠳᠣᠯᠭ᠎ᠠ ᠪᠠᠷᠢᠮᠲᠠᠯᠠᠭᠰᠠᠨ ᠤ᠋ ᠳ᠋ᠦᠩ ᠳ᠋ᠦ᠍ ᠲᠠᠷᠢᠮᠠᠯ ᠤ᠋ᠨ ᠲᠥᠷᠥᠯ ᠵᠦᠢᠯ ᠣᠯᠠᠰᠢᠷᠠᠵᠤ ᠲᠠᠷᠢᠶ᠎ᠠ ᠪᠤᠳᠠᠭ᠎ᠠ ᠶ᠋ᠢ ᠡᠯᠪᠡᠭ ᠬᠤᠷᠢᠶᠠᠬᠤ ᠪᠣᠯᠤᠭᠰᠠᠨ ᠪᠥᠭᠡᠳ ᠮᠠᠯ ᠰᠦᠷᠦᠭ ᠴᠦ᠍ ᠥᠨᠢᠷ ᠥᠰᠦᠭᠰᠡᠨ ᠪᠠᠢᠨ᠎ᠠ᠃ ᠶᠤᠸᠠᠨ ᠤᠯᠤᠰ ᠤ᠋ᠨ ᠦᠶ᠎ᠡ ᠳ᠋ᠦ᠍ ᠭᠠᠷ ᠦᠢᠯᠡᠳᠪᠦᠷᠢ ᠶᠡᠬᠡᠬᠡᠨ ᠬᠥᠭᠵᠢᠵᠡᠢ᠃ ᠵᠢᠰᠢᠶ᠎ᠠ ᠨᠢ᠄ ᠬᠥᠬᠡ ᠴᠡᠴᠡᠭ ᠲᠡᠢ ᠴᠠᠭᠠᠨ ᠱᠠᠭᠠᠵᠠᠩ ᠨᠢᠭᠡᠨᠲᠡ ᠳᠡᠯᠡᠬᠡᠢ ᠶ᠋ᠢᠨ ᠬᠡᠮᠵᠢᠶᠡᠨ ᠦ᠌ ᠰᠢᠯᠢᠳᠡᠭ ᠪᠦᠲᠦᠭᠡᠭᠳᠡᠬᠦᠨ ᠪᠣᠯᠵᠤ ᠣᠯᠠᠨ ᠣᠷᠣᠨ ᠳ᠋ᠤ᠌ ᠪᠣᠷᠣᠯᠠᠭᠤᠯᠤᠭᠳᠠᠵᠤ ᠪᠠᠢᠵᠠᠢ᠃ ᠣᠩᠭᠣᠴᠠ ᠬᠢᠬᠦ ᠮᠡᠷᠭᠡᠵᠢᠯ ᠳᠡᠭᠡᠭᠰᠢᠯᠡᠵᠦ ᠤᠰᠤᠨ ᠹᠯᠣᠲ ᠲᠠᠢ ᠪᠣᠯᠵᠠᠢ᠃ ᠬᠤᠪᠢᠯᠠᠢ ᠬᠠᠭᠠᠨ ᠠᠩᠬ᠎ᠠ ᠤᠳᠠᠭ᠎ᠠ ᠬᠠᠤᠯᠢ ᠶᠣᠰᠣᠨ ᠤ᠋ ᠪᠠᠲᠤᠯᠠᠭ᠎ᠠ ᠲᠠᠢ ᠴᠠᠭᠠᠰᠤᠨ ᠮᠥᠩᠭᠥ ᠶ᠋ᠢ ᠭᠦᠢᠯᠭᠡᠭᠡᠨ ᠳ᠋ᠦ᠍ ᠭᠠᠷᠭᠠᠭᠰᠠᠨ ᠨᠢ ᠣᠯᠠᠨ ᠤᠯᠤᠰ ᠤ᠋ᠨ ᠬᠤᠳᠠᠯᠳᠤᠭ᠎ᠠ ᠶ᠋ᠢ ᠬᠥᠭᠵᠢᠭᠦᠯᠬᠦ ᠳ᠋ᠦ᠍ ᠴᠢᠬᠤᠯᠠ ᠠᠴᠢ ᠬᠣᠯᠪᠣᠭᠳᠠᠯ ᠲᠠᠢ ᠵᠦᠢᠯ ᠪᠣᠯᠤᠭᠰᠠᠨ ᠪᠠᠢᠨ᠎ᠠ᠃ ᠶᠤᠸᠠᠨ ᠤᠯᠤᠰ ᠤ᠋ᠨ ᠦᠶ᠎ᠡ ᠳ᠋ᠦ᠍ ᠬᠠᠨᠴᠢᠵᠢᠭᠤ ᠡᠴᠡ ᠪᠡᠭᠡᠵᠢᠩ ᠬᠦᠷᠬᠦ ᠤᠰᠤᠨ ᠰᠤᠪᠠᠭ ᠢ᠋ ᠬᠣᠯᠪᠣᠭᠰᠠᠨ ᠪᠥᠭᠡᠳ ᠱᠠᠩᠬᠠᠢ᠂ ᠬᠠᠩᠵᠧᠦ᠂ ᠭᠤᠸᠠᠩᠵᠧᠦ ᠵᠡᠷᠭᠡ ᠨᠡᠯᠢᠶᠡᠳ ᠣᠯᠠᠨ ᠭᠠᠵᠠᠷ ᠢ᠋ ᠬᠤᠳᠠᠯᠳᠤᠭᠠᠨ ᠤ᠋ ᠴᠢᠯᠥᠭᠡᠲᠦ ᠪᠦᠰᠡ ᠨᠤᠲᠤᠭ ᠪᠣᠯᠭᠠᠵᠤ ᠤᠰᠤ ᠬᠠᠭᠤᠷᠠᠢ ᠬᠣᠣᠰᠯᠠᠭᠰᠠᠨ ᠰᠢᠨ᠎ᠡ ᠲᠣᠷᠭᠠᠨ ᠤ᠋ ᠵᠠᠮ ᠢ᠋ ᠨᠡᠭᠡᠭᠡᠵᠦ ᠳᠡᠯᠡᠬᠡᠢ ᠣᠯᠠᠨ ᠣᠷᠣᠨ ᠤ᠋ ᠡᠳ᠋ ᠦ᠋ᠨ ᠵᠠᠰᠠᠭ ᠰᠣᠶᠣᠯ ᠤ᠋ᠨ ᠰᠣᠯᠢᠯᠴᠠᠭᠠᠨ ᠳ᠋ᠤ᠌ ᠴᠢᠬᠤᠯᠠ ᠬᠤᠪᠢ ᠨᠡᠮᠡᠷᠢ ᠣᠷᠣᠭᠤᠯᠵᠠᠢ᠃
ᠬᠤᠪᠢᠯᠠᠢ ᠬᠠᠭᠠᠨ 1261 ᠣᠨ ᠡᠴᠡ ᠡᠬᠢᠯᠡᠨ ᠪᠢᠴᠢᠭ ᠦ᠋ᠨ ᠤᠳᠬᠠᠴᠢ ᠶ᠋ᠢ ᠬᠠᠪᠰᠤᠷᠭᠠᠭᠰᠠᠨ ᠤᠯᠤᠰ ᠤ᠋ᠨ ᠰᠤᠳᠤᠷ ᠪᠢᠴᠢᠭ ᠦ᠋ᠨ ᠬᠦᠷᠢᠶᠡᠯᠡᠩ ᠢ᠋ ᠪᠠᠢᠭᠤᠯᠵᠤ ᠴᠢᠩᠭᠢᠰ ᠬᠠᠭᠠᠨ ᠲᠡᠷᠢᠭᠦᠲᠡᠢ ᠬᠠᠭᠠᠳ ᠨᠣᠶᠠᠳ ᠤ᠋ᠨ ᠦᠨᠡᠨ ᠲᠡᠮᠳᠡᠭᠯᠡᠯ ᠢ᠋ ᠪᠢᠴᠢᠭᠦᠯᠵᠦ ᠲᠡᠦᠬᠡ ᠰᠣᠶᠣᠯ ᠢ᠋ᠶ᠋ᠠᠨ ᠥᠪᠯᠡᠭᠦᠯᠦᠨ ᠦᠯᠡᠳᠡᠭᠡᠵᠡᠢ᠃ ᠮᠥᠨ ᠶᠤᠸᠠᠨ ᠤᠯᠤᠰ ᠤ᠋ᠨ ᠦᠶ᠎ᠡ ᠳ᠋ᠦ᠍ 《ᠯᠢᠶᠣᠣ ᠤᠯᠤᠰ ᠤ᠋ᠨ ᠲᠡᠦᠬᠡ》᠂ 《ᠠᠯᠲᠠᠨ ᠤᠯᠤᠰ ᠤ᠋ᠨ ᠲᠡᠦᠬᠡ》᠂ 《ᠰᠥᠩ ᠤᠯᠤᠰ ᠤ᠋ᠨ ᠲᠡᠦᠬᠡ》 ᠵᠡᠷᠭᠡ ᠭᠤᠷᠪᠠᠨ ᠲᠥᠷᠥ ᠶ᠋ᠢᠨ ᠲᠡᠦᠬᠡ ᠶ᠋ᠢ ᠪᠢᠴᠢᠭᠦᠯᠵᠦ ᠦᠯᠡᠳᠡᠭᠡᠭᠰᠡᠨ ᠪᠥᠭᠡᠳ ᠬᠢᠲᠠᠳ ᠪᠣᠯᠤᠨ ᠪᠤᠷᠬᠠᠨ ᠤ᠋ ᠱᠠᠰᠢᠨ ᠤ᠋ ᠨᠣᠮ ᠵᠣᠬᠢᠶᠠᠯ ᠡᠴᠡ ᠣᠯᠠᠨ ᠪᠣᠳᠢ᠂ ᠰᠣᠩᠭᠣᠳᠠᠭ ᠨᠣᠮ ᠵᠣᠬᠢᠶᠠᠯ ᠤ᠋ᠳ ᠢ᠋ ᠬᠡᠪᠯᠡᠭᠦᠯᠵᠦ ᠪᠠᠢᠵᠠᠢ᠃ ᠶᠤᠸᠠᠨ ᠤᠯᠤᠰ ᠤ᠋ᠨ ᠦᠶ᠎ᠡ ᠳ᠋ᠦ᠍ ᠬᠤᠪᠢᠯᠠᠢ ᠬᠠᠭᠠᠨ ᠮᠣᠩᠭᠣᠯ ᠤ᠋ᠨ ᠤᠳᠬ᠎ᠠ ᠰᠣᠶᠣᠯ ᠢ᠋ ᠬᠥᠭᠵᠢᠭᠦᠯᠬᠦ ᠵᠣᠷᠢᠯᠭ᠎ᠠ ᠪᠠᠷ ᠤᠯᠤᠰ ᠤ᠋ᠨ ᠪᠠᠭᠰᠢ ᠫᠠᠭᠪᠠ ᠯᠠᠮᠠ ᠳ᠋ᠤ᠌ ᠡᠭᠦᠷᠭᠡ ᠪᠣᠯᠭᠠᠵᠤ 1269 ᠣᠨ ᠳ᠋ᠤ᠌ ᠤᠯᠤᠰ ᠤ᠋ᠨ ᠰᠢᠨ᠎ᠡ ᠪᠢᠴᠢᠭ ᠪᠤᠶᠤ ᠳᠥᠷᠪᠡᠯᠵᠢᠨ ᠪᠢᠴᠢᠭ ᠢ᠋ ᠵᠣᠬᠢᠶᠠᠯᠭᠠᠵᠤ ᠲᠥᠷᠥ ᠶ᠋ᠢᠨ ᠦᠢᠯᠡ ᠬᠡᠷᠡᠭ ᠢ᠋ ᠬᠥᠲᠥᠯᠦᠨ ᠶᠠᠪᠤᠭᠤᠯᠵᠤ ᠪᠠᠢᠭᠰᠠᠨ ᠪᠢᠯᠡ᠃ ᠬᠤᠪᠢᠯᠠᠢ ᠬᠠᠭᠠᠨ ᠬᠥᠮᠦᠨ ᠠᠮᠠ ᠶᠡᠬᠡ ᠲᠡᠢ ᠬᠢᠲᠠᠳ ᠣᠷᠣᠨ ᠢ᠋ ᠡᠵᠡᠮᠰᠢᠨ ᠵᠠᠬᠢᠷᠬᠤ ᠵᠣᠷᠢᠯᠭ᠎ᠠ ᠪᠠᠷ ᠮᠣᠩᠭᠣᠯ ᠤ᠋ᠨ ᠨᠡᠢᠰᠯᠡᠯ ᠢ᠋ ᠬᠠᠷᠠᠬᠣᠷᠣᠮ ᠡᠴᠡ ᠱᠠᠩᠳᠤ ᠳ᠋ᠤ᠌᠂ ᠱᠠᠩᠳᠤ ᠡᠴᠡ ᠳᠠᠬᠢᠨ ᠳᠠᠢᠳᠤ ᠪᠤᠶᠤ ᠪᠡᠭᠡᠵᠢᠩ ᠳ᠋ᠦ᠍ ᠰᠢᠯᠵᠢᠭᠦᠯᠦᠭᠰᠡᠨ ᠪᠣᠯᠪᠠᠴᠤ ᠥᠪᠡᠷ ᠦ᠋ᠨ ᠦᠨᠳᠦᠰᠦᠲᠡᠨ ᠦ᠌ ᠪᠡᠨ ᠥᠪ ᠤᠯᠠᠮᠵᠢᠯᠠᠯ ᠢ᠋ ᠪᠠᠲᠤ ᠪᠠᠷᠢᠮᠲᠠᠯᠠᠵᠤ ᠰᠢᠨ᠎ᠡ ᠴᠠᠭᠠᠨ ᠰᠠᠷ᠎ᠠ᠂ ᠳᠡᠭᠡᠳᠦᠰ ᠦ᠋ᠨ ᠲᠠᠬᠢᠯᠭ᠎ᠠ᠂ ᠲᠩᠷᠢ ᠲᠠᠬᠢᠯᠭ᠎ᠠ᠂ ᠬᠤᠷᠢᠮ ᠨᠠᠢᠷ ᠪᠦᠭᠦᠳᠡ ᠮᠣᠩᠭᠣᠯ ᠤᠯᠠᠮᠵᠢᠯᠠᠯ ᠤ᠋ᠨ ᠳᠠᠭᠠᠤ ᠬᠢᠳᠡᠭ ᠪᠠᠢᠭᠰᠠᠨ ᠪᠢᠯᠡ᠃ ᠶᠤᠸᠠᠨ ᠤᠯᠤᠰ ᠤ᠋ᠨ ᠦᠶ᠎ᠡ ᠳ᠋ᠦ᠍ ᠲᠠᠷᠢᠶᠠᠯᠠᠩ ᠤ᠋ᠨ ᠮᠡᠷᠭᠡᠵᠢᠯ᠂ ᠣᠳᠣᠨ ᠣᠷᠣᠨ ᠤ᠋ ᠰᠤᠳᠤᠯᠤᠯ᠂ ᠤᠰᠤ ᠰᠤᠪᠠᠭ ᠠᠰᠢᠭᠯᠠᠯᠲᠠ᠂ ᠤᠷᠠᠯᠢᠭ ᠵᠡᠷᠭᠡ ᠣᠯᠠᠨ ᠵᠦᠢᠯ ᠨᠢ ᠳᠡᠯᠡᠬᠡᠢ ᠶ᠋ᠢᠨ ᠲᠡᠷᠢᠭᠦᠨ ᠦ᠌ ᠡᠩᠨᠡᠭᠡᠨ ᠳ᠋ᠦ᠍ ᠬᠦᠷᠴᠡᠢ᠃ ᠶᠤᠸᠠᠨ ᠤᠯᠤᠰ ᠤ᠋ᠨ ᠦᠶ᠎ᠡ ᠳ᠋ᠦ᠍ ᠪᠤᠷᠬᠠᠨ ᠤ᠋ ᠱᠠᠰᠢᠨ ᠢ᠋ ᠲᠥᠷᠥ ᠶ᠋ᠢᠨ ᠱᠠᠰᠢᠨ ᠪᠣᠯᠭᠠᠵᠤ ᠡᠷᠬᠢᠮᠯᠡᠨ ᠳᠡᠭᠡᠳᠦᠯᠡᠵᠦ ᠪᠠᠢᠭᠰᠠᠨ ᠪᠣᠯᠪᠠᠴᠤ ᠪᠤᠰᠤᠳ ᠱᠠᠰᠢᠨ ᠤ᠋ ᠲᠡᠭᠰᠢ ᠡᠷᠬᠡ ᠶ᠋ᠢ ᠴᠦ᠍ ᠪᠠᠲᠤᠯᠠᠵᠤ ᠣᠯᠠᠨ ᠰᠣᠶᠣᠯ ᠵᠡᠷᠭᠡᠴᠡᠨ ᠣᠷᠣᠰᠢᠬᠤ ᠳ᠋ᠤ᠌ ᠲᠠᠭᠠᠲᠠᠢ ᠨᠥᠬᠥᠴᠡᠯ ᠢ᠋ ᠪᠦᠷᠢᠳᠦᠭᠦᠯᠵᠦ ᠪᠠᠢᠭᠰᠠᠨ ᠶᠤᠮ᠃ ᠶᠤᠸᠠᠨ ᠤᠯᠤᠰ ᠪᠣᠯ ᠮᠣᠩᠭᠣᠯ ᠤ᠋ᠨ ᠡᠵᠡᠨᠲᠦ ᠭᠦᠷᠦᠨ ᠦ᠌ ᠣᠷᠭᠢᠯ ᠦᠶ᠎ᠡ ᠪᠥᠭᠡᠳ ᠮᠣᠩᠭᠣᠯᠴᠤᠳ ᠡᠴᠡ ᠳᠡᠯᠡᠬᠡᠢ ᠶ᠋ᠢᠨ ᠲᠡᠦᠬᠡᠨ ᠳ᠋ᠦ᠍ ᠪᠠᠯᠠᠷᠠᠰᠢ ᠦᠭᠡᠢ ᠬᠤᠪᠢ ᠨᠡᠮᠡᠷᠢ ᠣᠷᠣᠭᠤᠯᠤᠭᠰᠠᠨ ᠭᠡᠷᠡᠯ ᠰᠠᠴᠤᠷᠠᠩᠭᠤᠢ ᠦᠶ᠎ᠡ ᠪᠠᠢᠵᠠᠢ᠃

