ᠸᠠᠩ ᠴᠦᠨ ᠬᠤᠸᠠ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Ван чүн хуа ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠸᠠᠩ ᠴᠦᠨ ᠬᠤᠸᠠ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Ван чүн хуа

ᠸᠠᠩ ᠴᠦᠨ ᠬᠤᠸᠠ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Ван чүн хуа

ᠠᠩᠭᠢᠯᠠᠯ:ᠤᠷᠠᠨ ᠪᠢᠴᠢᠯᠭᠡ
2025-06-07

249

ᠸᠠᠩ ᠴᠦᠨ ᠬᠤᠸᠠ


       ᠸᠠᠩ ᠴᠦᠨ ᠬᠤᠸᠠ ᠂ ᠡᠮᠡᠭᠲᠡᠢ ᠂ ᠮᠣᠩᠭᠣᠯ ᠦᠨᠳᠦᠰᠦᠲᠡᠨ ᠂ 1975 ᠣᠨ ᠳ᠋ᠤ᠌ ᠤᠤᠯ ᠤ᠋ᠨ ᠵᠢᠷᠢᠮ ᠠᠢᠮᠠᠭ ᠤ᠋ᠨ ᠬᠣᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ᠋ ᠬᠤᠸᠠᠬᠤᠰᠢᠭᠤ ᠰᠤᠮᠤᠨ ᠤ᠋ ᠳᠠ ᠾᠦᠸᠧ ᠹᠠᠩ ᠭᠠᠴᠠᠭᠠᠨ ᠳ᠋ᠤ᠌ ᠲᠥᠷᠥᠵᠡᠢ᠃ 1996 ᠣᠨ ᠳ᠋ᠤ᠌ ᠵᠢᠷᠢᠮ ᠠᠢᠮᠠᠭ ᠤ᠋ᠨ ᠪᠠᠭᠰᠢ ᠶ᠋ᠢᠨ ᠰᠤᠷᠭᠠᠭᠤᠯᠢ ᠠ᠋ᠴᠠ ᠲᠡᠭᠦᠰᠴᠦ ᠬᠣᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ᠋ ᠬᠤᠸᠠᠬᠤᠰᠢᠭᠤ ᠰᠤᠮᠤ ᠶ᠋ᠢᠨ ᠭᠣᠣᠯ ᠪᠠᠭ᠎ᠠ ᠰᠤᠷᠭᠠᠭᠤᠯᠢ ᠳ᠋ᠤ᠌ ᠪᠠᠭᠰᠢᠯᠠᠵᠤ ᠡᠳᠦᠭᠡ ᠪᠣᠯᠲᠠᠯ᠎ᠠ ᠬᠣᠷᠢ ᠶᠢᠰᠦᠨ ᠵᠢᠯ ᠦ᠋ᠨ ᠵᠢᠭᠠᠨ ᠰᠤᠷᠭᠠᠯᠲᠠ ᠶ᠋ᠢᠨ ᠠᠵᠢᠯ ᠳ᠋ᠤ᠌ ᠭᠠᠪᠰᠢᠭᠠᠢᠯᠠᠵᠤ ᠪᠠᠢᠨ᠎ᠠ᠃ ᠳᠤᠮᠳᠠᠳᠤ ᠪᠠᠭ᠎ᠠ ᠰᠤᠷᠭᠠᠭᠤᠯᠢ ᠶ᠋ᠢᠨ ᠳᠡᠭᠡᠳᠦ ᠳᠡᠰ ᠦ᠋ᠨ ᠵᠡᠷᠭᠡ ᠭᠡᠮ ᠲᠡᠢ ᠪᠠᠭᠰᠢ᠂ ᠤᠯᠤᠰ ᠤ᠋ᠨ ᠬᠣᠶᠠᠳᠤᠭᠠᠷ ᠳᠡᠰ ᠦ᠋ᠨ ᠰᠡᠳᠬᠢᠴᠡ ᠶ᠋ᠢᠨ ᠵᠥᠪᠯᠡᠭᠴᠢ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠯᠠᠮᠵᠢᠯᠠᠯᠲᠤ ᠭᠡᠷ ᠦ᠋ᠨ ᠬᠥᠮᠦᠵᠢᠯ ᠦ᠋ᠨ ᠰᠠᠯᠪᠤᠷᠢ ᠨᠡᠢᠭᠡᠮᠯᠢᠭ ᠦ᠋ᠨ ᠬᠡᠷᠡᠭ ᠡᠷᠬᠢᠯᠡᠭᠴᠢ᠂ ᠤᠷᠢᠳ ᠬᠣᠵᠢᠳ ᠬᠣᠲᠠ ᠶ᠋ᠢᠨ ᠳᠡᠰ ᠦ᠋ᠨ ᠬᠢᠴᠢᠶᠡᠯ ᠲᠥᠷᠥᠯ ᠦ᠋ᠨ ᠳᠠᠭᠠᠭᠤᠯᠤᠭᠴᠢ᠂ ᠬᠣᠲᠠ ᠶ᠋ᠢᠨ ᠳᠡᠰ ᠦ᠋ᠨ ᠰᠢᠯᠢᠳᠡᠭ ᠵᠢᠭᠠᠨ ᠵᠢᠯᠣᠭᠣᠳᠤᠭᠴᠢ᠂ ᠬᠤᠰᠢᠭᠤᠨ ᠳᠡᠰ ᠦ᠋ᠨ ᠰᠢᠯᠢᠳᠡᠭ ᠪᠠᠭᠰᠢ᠂ ᠨᠡᠷᠡᠲᠦ ᠪᠠᠭᠰᠢ᠂ ᠵᠢᠭᠠᠨ ᠰᠤᠷᠭᠠᠬᠤ ᠴᠢᠳᠠᠪᠤᠷᠢᠲᠠᠨ ᠢ᠋ᠶ᠋ᠠᠷ ᠦᠨᠡᠯᠡᠭᠳᠡᠵᠡᠢ᠃   
       ᠸᠠᠩ ᠴᠦᠨ ᠬᠤᠸᠠ ᠵᠢᠭᠠᠨ ᠰᠤᠷᠭᠠᠬᠤ ᠠᠵᠢᠯ ᠤ᠋ᠨ ᠴᠢᠯᠥᠭᠡ ᠪᠡᠷ ᠢ᠋ᠶ᠋ᠡᠨ ᠪᠠᠭᠰᠢ ᠶ᠋ᠢᠨ ᠰᠤᠷᠭᠠᠭᠤᠯᠢ ᠳ᠋ᠤ᠌ ᠰᠤᠷᠤᠭᠰᠠᠨ ᠦᠰᠦᠨ ᠪᠢᠷ ᠦ᠋ᠨ ᠡᠷᠳᠡᠮ ᠮᠡᠷᠭᠡᠵᠢᠯ ᠢ᠋ᠶ᠋ᠡᠨ ᠬᠠᠶᠠᠭᠰᠠᠨ ᠦᠭᠡᠢ ᠪᠠᠢᠩᠭᠤ ᠪᠠᠷᠢᠮᠲᠠᠯᠠᠨ ᠪᠣᠯᠪᠠᠰᠤᠷᠠᠭᠰᠠᠭᠠᠷ ᠢᠷᠡᠭᠰᠡᠨ ᠶᠦᠮ᠃ ᠥᠨᠥ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠡᠮᠡᠭᠲᠡᠢ ᠤᠷᠠᠨ ᠪᠢᠴᠢᠯᠭᠡᠲᠡᠳ ᠦ᠋ᠨ ᠵᠥᠪᠯᠡᠯ ᠦ᠋ᠨ ᠡᠷᠬᠢᠯᠡᠭᠴᠢ᠂ ᠲᠦᠩᠯᠢᠶᠣᠣ ᠬᠣᠲᠠ ᠶ᠋ᠢᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠭᠡᠰᠢᠭᠦᠨ᠂ ᠬᠣᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠭᠡᠰᠢᠭᠦᠨ᠂ ᠤᠷᠠᠨ ᠪᠢᠴᠢᠯᠭᠡ ᠶ᠋ᠢᠨ ᠪᠦᠲᠦᠭᠡᠯ ᠨᠢ ᠤᠷᠢᠳ ᠬᠣᠵᠢᠳ ᠬᠣᠰᠢᠭᠤ᠂ ᠠᠢᠮᠠᠭ᠂ ᠮᠣᠵᠢ᠂ ᠣᠯᠠᠨ ᠤᠯᠤᠰ ᠤ᠋ᠨ ᠦᠵᠡᠬᠦᠯᠭᠡ ᠳ᠋ᠦ᠍ ᠣᠷᠣᠵᠤ ᠱᠠᠩᠨᠠᠭᠳᠠᠭᠰᠠᠨ ᠪᠠᠢᠨ᠎ᠠ᠃   
       2020 ᠣᠨ ᠤ᠋ 3 ᠰᠠᠷ᠎ᠠ ᠳ᠋ᠤ᠌ ᠬᠣᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ᠋《ᠲᠦᠮᠡᠨ ᠣᠯᠠᠨ ᠨᠢᠭᠡᠳᠴᠦ ᠲᠦᠢᠳᠬᠡᠷ ᠬᠢᠵᠢᠭ ᠲᠡᠢ ᠲᠡᠮᠡᠴᠡᠶ᠎ᠡ》 ᠮᠣᠩᠭᠣᠯ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠬᠣᠶᠠᠳᠤᠭᠠᠷ ᠳᠡᠰ ᠦ᠋ᠨ ᠱᠠᠩᠨᠠᠯ ᠬᠦᠷᠲᠡᠪᠡ᠃ 2021 ᠣᠨ ᠤ᠋ 12 ᠰᠠᠷ᠎ᠠ ᠳ᠋ᠤ᠌《ᠬᠡᠰᠢᠬᠪᠠᠲᠤ》 ᠬᠤᠨᠳᠠᠭᠠᠲᠤ ᠮᠣᠩᠭᠣᠯ ᠤᠷᠠᠨ ᠪᠢᠴᠢᠯᠭᠡ ᠶ᠋ᠢᠨ ᠦᠵᠡᠬᠦᠯᠭᠡ ᠳ᠋ᠦ᠍ ᠪᠦᠲᠦᠭᠡᠯ ᠨᠢ ᠡᠯᠰᠡᠭᠳᠡᠵᠦ《ᠥᠨᠳᠥᠷ ᠬᠥᠬᠡ ᠣᠭᠲᠠᠷᠭᠤᠢ》ᠨᠣᠮ ᠬᠡᠪᠯᠡᠯ ᠳ᠋ᠦ᠍ ᠰᠣᠩᠭᠣᠭᠳᠠᠨ ᠬᠡᠪᠯᠡᠭᠳᠡᠭᠰᠡᠨ ᠪᠠᠢᠨ᠎ᠠ᠃ 2022 ᠣᠨ ᠤ᠋ 7 ᠰᠠᠷ᠎ᠠ ᠶ᠋ᠢᠨ 12 ᠤ᠋ ᠡᠳᠦᠷ《ᠨᠠᠢ᠍ᠮᠠᠨ ᠮᠣᠵᠢ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠮᠣᠩᠭᠣᠯ ᠤᠷᠠᠨ ᠪᠢᠴᠢᠯᠭᠡ ᠶ᠋ᠢᠨ ᠤᠷᠤᠯᠳᠤᠭᠠᠨ》 ᠤ᠋ ᠦᠵᠡᠰᠬᠦᠯᠡᠩ ᠳ᠋ᠦ᠍ ᠪᠦᠲᠦᠭᠡᠯ ᠨᠢ ᠰᠣᠩᠭᠣᠭᠳᠠᠨ ᠳᠡᠯᠭᠡᠭᠳᠡᠵᠡᠢ᠃ 
       2022 ᠣᠨ ᠤ᠋ 9 ᠰᠠᠷ᠎ᠠ ᠶ᠋ᠢᠨ 23 ᠤ᠋ ᠡᠳᠦᠷ ᠲᠦᠩᠯᠢᠶᠣᠣ ᠬᠣᠲᠠ ᠶ᠋ᠢᠨ ᠬᠣᠶᠠᠳᠤᠭᠠᠷ ᠬᠤᠭᠤᠴᠠᠭᠠᠨ ᠤ᠋《ᠳᠤᠮᠳᠠᠳᠤ ᠪᠠᠭ᠎ᠠ ᠰᠤᠷᠭᠠᠭᠤᠯᠢ ᠶ᠋ᠢᠨ ᠪᠠᠭᠰᠢ ᠰᠤᠷᠤᠭᠴᠢᠳ ᠤ᠋ᠨ ᠤᠷᠠᠨ ᠪᠢᠴᠢᠯᠭᠡ ᠶ᠋ᠢᠨ ᠤᠷᠤᠯᠳᠤᠭᠠᠨ》 ᠳ᠋ᠤ᠌ ᠦᠰᠦᠨ ᠪᠢᠷ ᠦ᠋ᠨ ᠪᠢᠴᠢᠯᠭᠡ ᠨᠢ《ᠪᠠᠭᠰᠢ ᠶ᠋ᠢᠨ ᠳᠤᠭᠤᠢᠯᠠᠩ ᠤ᠋ᠨ ᠭᠤᠷᠪᠠᠳᠤᠭᠠᠷ ᠳᠡᠰ᠂ ᠪᠣᠯᠣᠳ ᠪᠢᠷ ᠦ᠋ᠨ ᠪᠢᠴᠢᠯᠭᠡ ᠨᠢ《ᠪᠠᠭᠰᠢ ᠶ᠋ᠢᠨ ᠳᠤᠭᠤᠢᠯᠠᠩ ᠣᠨ ᠬᠣᠶᠠᠳᠤᠭᠠᠷ ᠳᠡᠰ》 ᠲᠦ᠍ ᠣᠷᠣᠪᠠ᠃ 
       2022 ᠣᠨ ᠤ᠋10 ᠰᠠᠷ᠎ᠠ ᠳ᠋ᠤ᠌ ᠤᠷᠠᠨ ᠪᠢᠴᠢᠯᠭᠡ ᠶ᠋ᠢᠨ ᠪᠦᠲᠦᠭᠡᠯ《ᠭᠠᠩᠭᠠᠷ ᠴᠠᠭᠠᠨ ᠭᠠᠯᠠᠭᠤ》ᠨᠢ《ᠮᠥᠩᠬᠡ ᠲᠡᠭᠷᠢ ᠶ᠋ᠢᠨ ᠪᠢᠴᠢᠭ》ᠣᠯᠠᠨ ᠤᠯᠤᠰ ᠤ᠋ᠨ ᠤᠷᠠᠨ ᠪᠢᠴᠢᠯᠭᠡ ᠶ᠋ᠢᠨ ᠦᠵᠡᠰᠬᠦᠯᠡᠩ ᠳ᠋ᠦ᠍ ᠡᠯᠰᠡᠭᠳᠡᠨ ᠳᠡᠯᠭᠡᠭᠳᠡᠪᠡ᠃  
       2023 ᠣᠨ ᠤ᠋ 7 ᠰᠠᠷ᠎ᠠ ᠳ᠋ᠤ᠌ ᠲᠩᠷᠢᠯᠢᠭ ᠪᠣᠰᠤᠭ᠎ᠠ ᠮᠣᠩᠭᠣᠯ ᠦᠰᠦᠭ ᠦ᠋ᠨ ᠢ᠋ᠶ᠋ᠡᠨ ᠰᠦᠷ ᠰᠦᠯᠳᠡ ᠶ᠋ᠢ ᠭᠠᠢᠬᠠᠭᠤᠯᠵᠤ ᠲᠦᠪᠰᠢᠨ ᠵᠢᠷᠭᠠᠯᠲᠤ ᠮᠣᠩᠭᠣᠯᠴᠤᠳ ᠤ᠋ᠨ ᠢ᠋ᠶ᠋ᠠᠨ ᠵᠢᠷᠦᠬᠡᠨ ᠦ᠌ ᠤᠶᠠᠩᠭ᠎ᠠ ᠶ᠋ᠢ ᠴᠢᠪᠬᠠᠳᠠᠵᠤ ᠢᠷᠡᠭᠰᠡᠨ ᠲᠦᠩᠯᠢᠶᠣᠣ ᠮᠣᠩᠭᠣᠯ ᠤᠷᠠᠨ ᠪᠢᠴᠢᠯᠭᠡᠳᠡᠨ ᠦ᠌ ᠨᠡᠢᠭᠡᠮᠯᠢᠭ ᠪᠠᠢᠭᠤᠯᠤᠭᠳᠠᠭᠰᠠᠨ13 ᠵᠢᠯ ᠦ᠋ᠨ ᠣᠢ ᠶ᠋ᠢ ᠪᠡᠯᠭᠡᠯᠡᠵᠦ᠂ ᠳᠡᠯᠡᠬᠡᠢ ᠶ᠋ᠢᠨ ᠳᠡᠰ ᠦ᠋ᠨ ᠪᠣᠳᠠᠰ ᠤ᠋ᠨ ᠪᠤᠰᠤ ᠰᠣᠶᠣᠯ ᠤ᠋ᠨ ᠥᠪ ᠪᠣᠯᠤᠭᠰᠠᠨ ᠮᠣᠩᠭᠣᠯ ᠤᠷᠠᠨ ᠪᠢᠴᠢᠯᠭᠡ ᠶ᠋ᠢᠨ ᠬᠥᠭᠵᠢᠯᠲᠡ ᠳ᠋ᠦ᠍ ᠢᠳᠡ ᠬᠦᠴᠦ ᠨᠡᠮᠡᠷᠢᠯᠡᠬᠦ ᠶ᠋ᠢᠨ ᠲᠥᠯᠥᠭᠡ ᠪᠦᠬᠦ ᠨᠡᠢᠭᠡᠮᠯᠢᠭ ᠦ᠋ᠨ ᠭᠡᠰᠢᠭᠦᠳ ᠦ᠋ᠨ ᠬᠠᠮᠲᠤᠷᠠᠨ ᠣᠷᠣᠯᠴᠠᠭᠰᠠᠨ《ᠵᠢᠷᠢᠮ ᠤᠷᠠᠨ ᠪᠢᠴᠢᠯᠭᠡ》ᠭᠡᠬᠦ ᠨᠣᠮ ᠳ᠋ᠤ᠌ ᠪᠦᠲᠦᠭᠡᠯ ᠨᠢ ᠰᠣᠩᠭᠣᠭᠳᠠᠨ ᠬᠡᠪᠯᠡᠭᠳᠡᠵᠡᠢ᠃2023 ᠣᠨ ᠤ᠋10 ᠰᠠᠷ᠎ᠠ ᠶ᠋ᠢᠨ10 ᠤ᠋ ᠡᠳᠦᠷ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠡᠷᠬᠢᠯᠡᠭᠰᠡᠨ《ᠰᠢᠨ᠎ᠡ ᠴᠠᠭ ᠡᠷᠡᠨ ᠰᠢᠨ᠎ᠡ ᠠᠶᠠᠨ》ᠪᠦᠬᠦ ᠣᠷᠣᠨ ᠤ᠋ ᠪᠣᠯᠣᠳ ᠪᠢᠷ ᠦ᠋ᠨ ᠤᠷᠠᠨ ᠪᠢᠴᠢᠯᠭᠡ ᠶ᠋ᠢᠨ ᠰᠦᠯᠵᠢᠶᠡᠨ ᠦ᠌ ᠦᠵᠡᠰᠬᠦᠯᠡᠩ ᠳ᠋ᠦ᠍ ᠪᠦᠲᠦᠭᠡᠯ ( ᠪᠠᠭᠰᠢ ᠶ᠋ᠢᠨ ᠳᠤᠭᠤᠢᠯᠠᠩ )ᠨᠢ ᠰᠣᠩᠭᠣᠭᠳᠠᠨ ᠳᠡᠯᠭᠡᠭᠳᠡᠭᠰᠡᠨ ᠪᠠᠢᠨ᠎ᠠ᠃  
       2023 ᠣᠨ ᠤ᠋11 ᠰᠠᠷ᠎ᠠ ᠶ᠋ᠢᠨ1 ᠦ᠌ ᠡᠳᠦᠷ ᠤᠷᠠᠨ ᠪᠢᠴᠢᠯᠭᠡ ᠶ᠋ᠢᠨ ᠪᠦᠲᠦᠭᠡᠯ ᠨᠢ《ᠮᠥᠩᠬᠡ ᠲᠡᠭᠷᠢ ᠶ᠋ᠢᠨ ᠪᠢᠴᠢᠭ》ᠣᠯᠠᠨ ᠤᠯᠤᠰ ᠤ᠋ᠨ ᠤᠷᠠᠨ ᠪᠢᠴᠢᠯᠭᠡ ᠶ᠋ᠢᠨ ᠦᠵᠡᠰᠬᠦᠯᠡᠩ ᠳ᠋ᠦ᠍ ᠳᠡᠯᠭᠡᠭᠳᠡᠵᠦ᠂ ᠨᠣᠮ ᠬᠡᠪᠯᠡᠯ ᠳ᠋ᠦ᠍ ᠰᠣᠩᠭᠣᠭᠳᠠᠨ ᠬᠡᠪᠯᠡᠭᠳᠡᠭᠰᠡᠨ ᠪᠠᠢᠨ᠎ᠠ᠃  
       2024 ᠣᠨ ᠤ᠋ 2 ᠰᠠᠷ᠎ᠠ ᠶ᠋ᠢᠨ10 ᠤ᠋ ᠡᠳᠦᠷ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠡᠷᠬᠢᠯᠡᠭᠰᠡᠨ《ᠥᠩᠭᠡ ᠲᠡᠢ ᠣᠨ ᠥᠭᠡᠳᠡ ᠲᠡᠢ ᠵᠢᠯ》ᠬᠣᠣᠰ ᠤᠶᠠᠩᠭ᠎ᠠ ᠶ᠋ᠢᠨ ᠰᠦᠯᠵᠢᠶᠡᠨ ᠦ᠌ ᠦᠵᠡᠰᠬᠦᠯᠡᠩ (ᠲᠣᠮᠣᠴᠤᠤᠯ ᠤ᠋ᠨ ᠳᠤᠭᠤᠢᠯᠠᠩ ) ᠳ᠋ᠤ᠌ ᠰᠣᠩᠭᠣᠭᠳᠠᠨ ᠳᠡᠯᠭᠡᠭᠳᠡᠵᠡᠢ᠃  
       2024 ᠣᠨ ᠤ᠋ 3 ᠰᠠᠷ᠎ᠠ ᠶ᠋ᠢᠨ10 ᠤ᠋ ᠡᠳᠦᠷ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠡᠷᠬᠢᠯᠡᠭᠰᠡᠨ《ᠮᠣᠩᠭᠣᠯᠵᠢᠨ ᠭᠤᠸ᠎ᠠ》ᠳᠡᠯᠡᠬᠡᠢ ᠶ᠋ᠢᠨ ᠡᠮᠡᠭᠲᠡᠢᠴᠦᠳ ᠦ᠋ᠨ ᠪᠠᠶᠠᠷ ᠢ᠋ ᠪᠡᠯᠭᠡᠯᠡᠬᠦ ᠮᠣᠩᠭᠣᠯ ᠤᠷᠠᠨ ᠪᠢᠴᠢᠯᠭᠡ ᠶ᠋ᠢᠨ ᠪᠦᠲᠦᠭᠡᠯ ᠦ᠋ᠨ ᠰᠦᠯᠵᠢᠶᠡᠨ ᠦ᠌ ᠦᠵᠡᠰᠬᠦᠯᠡᠩ ᠳ᠋ᠦ᠍ ᠤᠷᠠᠨ ᠪᠢᠴᠢᠯᠭᠡ ᠶ᠋ᠢᠨ ᠪᠦᠲᠦᠭᠡᠯ ᠨᠢ ᠰᠣᠩᠭᠣᠭᠳᠠᠨ ᠳᠡᠯᠭᠡᠭᠳᠡᠵᠡᠢ᠃ 
       2024 ᠣᠨ ᠤ᠋11 ᠰᠠᠷ᠎ᠠ ᠶ᠋ᠢᠨ16 ᠤ᠋ ᠡᠳᠦᠷ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠦᠩᠯᠢᠶᠣᠣ ᠬᠣᠲᠠ ᠶ᠋ᠢᠨ ᠬᠣᠷᠢᠶ᠎ᠠ᠂ ᠲᠦᠩᠯᠢᠶᠣᠣ ᠬᠣᠲᠠ ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠦ᠋ᠨ ᠲᠣᠪᠴᠢᠶ᠎ᠠ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ᠂ ᠲᠦᠩᠯᠢᠶᠣᠣ ᠮᠣᠩᠭᠣᠯ ᠤᠷᠠᠨ ᠪᠢᠴᠢᠯᠭᠡᠳᠡᠨ ᠦ᠌ ᠨᠡᠢᠭᠡᠮᠯᠢᠭ ᠂ ᠲᠦᠩᠯᠢᠶᠣᠣ ᠬᠣᠲᠠ ᠶ᠋ᠢᠨ ᠨᠣᠮ ᠤ᠋ᠨ ᠰᠠᠩ ᠬᠠᠮᠲᠤᠷᠠᠨ ᠡᠷᠬᠢᠯᠡᠭᠰᠡᠨ《ᠰᠣᠳᠣᠨ ᠤᠷᠠᠯᠢᠭ᠂ ᠤᠮᠠᠷᠠᠲᠤ ᠬᠢᠯᠢ》ᠨᠡᠷᠡᠲᠦ ᠤᠷᠠᠨ ᠪᠢᠴᠢᠯᠭᠡᠲᠡᠨ ᠦ᠌ ᠰᠣᠳᠣᠨ ᠪᠦᠲᠦᠭᠡᠯ ᠦ᠋ᠨ ᠦᠵᠡᠬᠦᠯᠭᠡ ᠵᠢᠴᠢ ᠰᠢᠨ᠎ᠡ ᠤᠷᠠᠨ ᠪᠢᠴᠢᠯᠭᠡᠲᠡᠳ ᠦ᠋ᠨ ᠰᠢᠯᠢᠳᠡᠭ ᠪᠦᠲᠦᠭᠡᠯ ᠦ᠋ᠨ ᠤᠷᠤᠯᠳᠤᠭᠠᠨ ᠳ᠋ᠤ᠌ ᠰᠢᠯᠢᠳᠡᠭ ᠱᠠᠩᠨᠠᠯ ᠬᠦᠷᠲᠡᠪᠡ᠃   
       2024 ᠣᠨ ᠤ᠋12 ᠰᠠᠷ᠎ᠠ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠡᠷᠬᠢᠯᠡᠭᠰᠡᠨ《ᠤᠮᠠᠷᠠᠲᠤ ᠬᠢᠯᠢ ᠶ᠋ᠢᠨ ᠴᠣᠭ ᠵᠢᠪᠬᠤᠭ᠎ᠠ》ᠪᠦᠬᠦ ᠣᠷᠣᠨ ᠤ᠋ ᠪᠣᠯᠣᠳ ᠪᠢᠷ ᠦ᠋ᠨ ᠤᠷᠠᠨ ᠪᠢᠴᠢᠯᠭᠡ ᠶ᠋ᠢᠨ ᠰᠦᠯᠵᠢᠶᠡᠨ ᠦ᠌ ᠰᠢᠷᠢᠰ ᠦᠵᠡᠬᠦᠯᠭᠡ (ᠪᠠᠭᠰᠢ ᠨᠠᠷ ᠤ᠋ᠨ ᠳᠤᠭᠤᠢᠯᠠᠩ) ᠳ᠋ᠤ᠌ ᠪᠣᠯᠣᠳ ᠪᠢᠷ ᠦ᠋ᠨ ᠪᠢᠴᠢᠯᠭᠡ ᠶ᠋ᠢᠨ ᠪᠦᠲᠦᠭᠡᠯ ᠨᠢ ᠰᠣᠩᠭᠣᠭᠳᠠᠨ ᠳᠡᠯᠭᠡᠭᠳᠡᠵᠡᠢ᠃