ᠶᠠᠩ ᠂ ᠵᠢᠷᠤᠮᠲᠤ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Ян ᠂ Журамт ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠶᠠᠩ ᠂ ᠵᠢᠷᠤᠮᠲᠤ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Ян ᠂ Журамт

ᠶᠠᠩ ᠂ ᠵᠢᠷᠤᠮᠲᠤ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Ян ᠂ Журамт

ᠠᠩᠭᠢᠯᠠᠯ:ᠤᠷᠠᠨ ᠪᠢᠴᠢᠯᠭᠡ
2025-06-09

1012

ᠶᠠᠩ ᠂ ᠵᠢᠷᠤᠮᠲᠤ


       ᠶᠠᠩ ᠵᠢᠷᠤᠮᠲᠤ ᠂ ᠡᠷᠡᠭᠲᠡᠢ ᠂ ᠮᠣᠩᠭᠣᠯ ᠦᠨᠳᠦᠰᠦᠲᠡᠨ᠂ 1963 ᠣᠨ ᠤ᠋ 5 ᠰᠠᠷ᠎ᠠ ᠳ᠋ᠤ᠌ ᠣᠲᠣᠭ ᠬᠤᠰᠢᠭᠤᠨ ᠤ᠋ ᠤᠤᠯ ᠤ᠋ᠨ ᠰᠦᠮᠡᠳᠤ ᠰᠤᠮᠤᠨ ᠤ᠋ ᠴᠠᠭᠠᠡᠳᠤᠯᠤᠭᠠᠢ ᠭᠠᠴᠠᠭᠠᠨ ᠤ᠋ ᠪᠠᠶᠠᠡᠳᠤᠭᠳᠠᠬᠤ᠂ ᠪᠠᠶᠡᠡᠴᠢᠮᠡᠭ ᠦ᠋ᠨ ᠬᠣᠶᠠᠳᠤᠭᠠᠷ ᠬᠥᠪᠡᠭᠦᠨ ᠪᠣᠯᠤᠨ ᠮᠡᠨᠳᠦᠯᠡᠵᠡᠢ᠃ 1981 ᠣᠨ ᠠ᠋ᠴᠠ1986 ᠣᠨ ᠪᠣᠯᠲᠠᠯ᠎ᠠ ᠣᠲᠣᠭ ᠬᠤᠰᠢᠭᠤᠨ ᠤ᠋ ᠦᠨᠳᠦᠰᠦᠲᠡᠨ ᠦ᠌ ᠮᠣᠳᠣᠨ ᠡᠳ᠋ᠯᠡᠯ ᠦ᠋ᠨ ᠦᠢᠯᠡᠳᠪᠦᠷᠢ ᠶ᠋ᠢᠨ ᠲᠠᠮᠠᠭ᠎ᠠ ᠰᠡᠢᠯᠦᠮᠡᠯ ᠦ᠋ᠨ ᠭᠠᠵᠠᠷ ᠲᠤ᠌ ᠠᠵᠢᠯᠯᠠᠵᠤ᠂ 1987 ᠣᠨ ᠠ᠋ᠴᠠ ᠣᠲᠣᠭ ᠬᠤᠰᠢᠭᠤᠨ ᠤ᠋ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠨ ᠤ᠋ ᠵᠢᠭᠠᠨ ᠲᠣᠭᠲᠠᠭᠠᠭᠰᠠᠨ ᠲᠤᠰᠬᠠᠢ ᠲᠠᠮᠠᠭ᠎ᠠ ᠰᠡᠢᠯᠬᠦ ᠭᠠᠵᠠᠷ ᠲᠤ᠌ ᠠᠵᠢᠯᠯᠠᠵᠤ ᠪᠠᠢᠭᠠᠳ 2023 ᠣᠨ ᠤ᠋ 5 ᠰᠠᠷ᠎ᠠ ᠶ᠋ᠢᠨ 5 ᠤ᠋ ᠡᠳᠦᠷ ᠲᠦ᠍ ᠠᠵᠢᠯ ᠤ᠋ᠨ ᠠᠮᠠᠷᠠᠯᠲᠠ ᠪᠠᠨ ᠠᠪᠤᠪᠠ᠃ 


       
       2007 ᠣᠨ ᠤ᠋ 7 ᠰᠠᠷ᠎ᠠ ᠶ᠋ᠢᠨ12 ᠤ᠋ ᠡᠳᠦᠷ ᠲᠦ᠍ ᠪᠦᠬᠦ ᠤᠯᠤᠰ ᠤ᠋ᠨ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠠᠯᠲᠠᠨ ᠮᠧᠳᠠᠯ ᠭᠠᠷᠳᠠᠵᠠᠢ᠃ ᠮᠥᠨ《ᠴᠠᠭ ᠦᠶ᠎ᠡ ᠳ᠋ᠦ᠍ ᠲᠣᠬᠢᠷᠠᠭᠰᠠᠨ ᠤᠷᠠᠯᠢᠭ ᠤ᠋ᠨ ᠶᠡᠬᠡ ᠪᠠᠭᠰᠢ》 ᠭᠡᠰᠡᠨ ᠴᠣᠯᠠ ᠬᠦᠷᠲᠡᠵᠡᠢ᠃ 2008 ᠣᠨ ᠤ᠋ ᠪᠦᠬᠦ ᠤᠯᠤᠰ ᠤ᠋ᠨ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠠᠯᠲᠠᠨ ᠮᠧᠳᠠᠯ ᠭᠠᠷᠳᠠᠨ《1978 — 2008 ᠣᠨ ᠤ᠋ ᠳᠤᠮᠳᠠᠳᠤ ᠤᠯᠤᠰ ᠤ᠋ᠨ ᠵᠠᠭᠤᠨ ᠬᠦᠴᠦᠷᠬᠡᠭ《ᠤᠷᠠᠯᠢᠭᠴᠢᠨ》ᠭᠡᠰᠡᠨ ᠴᠣᠯᠠ ᠬᠦᠷᠲᠡᠵᠡᠢ᠃ ᠡᠳᠡᠭᠡᠷ ᠪᠦᠲᠦᠭᠡᠯ ᠦ᠋ᠳ ᠨᠢ《ᠳᠤᠮᠳᠠᠳᠤ ᠤᠯᠤᠰ ᠤ᠋ᠨ ᠨᠡᠷᠡᠲᠦ ᠬᠥᠮᠦᠨ》ᠭᠡᠰᠡᠨ ᠨᠣᠮ ᠳ᠋ᠤ᠌ ᠲᠡᠮᠳᠡᠭᠯᠡᠭᠳᠡᠵᠦ᠂ ᠨᠠᠰᠤᠨ ᠲᠤᠷᠰᠢ ᠶ᠋ᠢᠨ ᠬᠢᠨᠠᠭᠴᠢ ᠶ᠋ᠢᠨ ᠬᠢᠷᠢ ᠭᠡᠮ ᠢ ᠣᠯᠵᠠᠢ᠃ 
       ᠳᠤᠮᠳᠠᠳᠤ ᠤᠯᠤᠰ ᠤ᠋ᠨ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠭᠡᠰᠢᠭᠦᠨ᠂ 2010 ᠣᠨ ᠠ᠋ᠴᠠ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠮᠠᠭ᠎ᠠ ᠰᠡᠢᠯᠦᠮᠡᠯ ᠦ᠋ᠨ ᠨᠡᠢᠭᠡᠮᠯᠢᠭ ᠦ᠋ᠨ ᠬᠡᠷᠡᠭ ᠮᠡᠳᠡᠭᠴᠢ᠂ ᠣᠷᠳᠣᠰ ᠬᠣᠲᠠ ᠶ᠋ᠢᠨ ᠲᠠᠮᠠᠭ᠎ᠠ ᠰᠡᠢᠯᠦᠮᠡᠯ ᠦ᠋ᠨ ᠨᠡᠢᠭᠡᠮᠯᠢᠭ ᠦ᠋ᠨ ᠳᠡᠳ᠋ ᠳᠠᠷᠤᠭ᠎ᠠ᠂ ᠣᠷᠳᠣᠰ ᠬᠣᠲᠠ ᠶ᠋ᠢᠨ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠭᠡᠰᠢᠭᠦᠨ᠂ ᠣᠷᠳᠣᠰ ᠬᠣᠲᠠ ᠶ᠋ᠢᠨ ᠮᠣᠩᠭᠣᠯ ᠤᠷᠠᠨ ᠪᠢᠴᠢᠯᠭᠡ ᠶ᠋ᠢᠨ ᠰᠤᠳᠤᠯᠭᠠᠨ ᠤ᠋ ᠨᠡᠢᠭᠡᠮᠯᠢᠭ ᠦ᠋ᠨ ᠳᠡᠳ᠋ ᠲᠡᠷᠢᠭᠦᠯᠡᠭᠴᠢ ᠵᠡᠷᠭᠡ ᠨᠡᠢᠭᠡᠮ ᠦ᠋ᠨ ᠲᠤᠰᠢᠶᠠᠯ ᠢ ᠬᠠᠷᠢᠭᠤᠴᠠᠵᠤ ᠪᠠᠢᠨ᠎ᠠ᠃   
       2015 ᠣᠨ ᠳ᠋ᠤ᠌ ᠳᠤᠮᠳᠠᠳᠤ ᠮᠣᠩᠭᠣᠯ ᠬᠣᠶᠠᠷ ᠤᠯᠤᠰ ᠤ᠋ᠨ ᠮᠣᠩᠭᠣᠯ ᠤᠷᠠᠨ ᠪᠢᠴᠢᠯᠭᠡ ᠶ᠋ᠢᠨ ᠦᠵᠡᠰᠬᠦᠯᠡᠩ ᠢ ᠤᠯᠠᠭᠠᠨᠪᠠᠭᠠᠲᠤᠷ ᠬᠣᠲᠠᠨ ᠳ᠋ᠤ᠌ ᠠᠮᠵᠢᠯᠲᠠᠲᠠᠢ ᠬᠠᠷᠢᠭᠤᠴᠠᠨ ᠬᠢᠵᠦ᠂ ᠮᠣᠩᠭᠣᠯ ᠤᠯᠤᠰ ᠤ᠋ᠨ ᠬᠦᠨᠳᠦᠲᠦ ᠡᠷᠭᠦᠮᠵᠢᠯᠡᠯ ᠦ᠋ᠨ ᠱᠠᠩᠨᠠᠯ ᠢ ᠬᠦᠷᠲᠡᠵᠦ᠂ ᠪᠦᠲᠦᠭᠡᠯ ᠨᠢ ᠮᠣᠩᠭᠣᠯ ᠤᠯᠤᠰ ᠤ᠋ᠨ ᠷ᠂ ᠴᠣᠢᠨᠣᠮ ᠤ᠋ᠨ ᠰᠣᠶᠣᠯ ᠤ᠋ᠨ ᠥᠪ ᠢ ᠬᠠᠮᠠᠭᠠᠯᠠᠬᠤ ᠥᠳᠥ ᠶ᠋ᠢᠨ ᠰᠠᠩ᠂ ᠤᠯᠠᠭᠠᠨᠪᠠᠭᠠᠲᠤᠷ ᠶᠡᠬᠡ ᠰᠤᠷᠭᠠᠭᠤᠯᠢ ᠳ᠋ᠤ᠌ ᠲᠤᠰ ᠲᠤᠰ ᠬᠠᠳᠠᠭᠠᠯᠠᠭᠳᠠᠪᠠ᠃ ᠲᠤᠰ ᠵᠢᠯ ᠳ᠋ᠦ᠍ ᠪᠠᠰᠠ ᠳᠤᠮᠳᠠᠳᠤ ᠤᠯᠤᠰ ᠤ᠋ᠨ《ᠲᠠᠪᠤᠨ ᠵᠠᠭᠤᠨ ᠬᠦᠴᠦᠷᠬᠡᠭ ᠤᠷᠠᠯᠢᠭᠴᠢᠨ》ᠭᠡᠰᠡᠨ ᠴᠣᠯᠠ ᠬᠦᠷᠲᠡᠵᠡᠢ᠃ 
       2017 ᠣᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 70 ᠵᠢᠯ ᠦ᠋ᠨ ᠣᠢ ᠵᠢᠴᠢ ᠮᠠᠨᠵᠤᠤᠷ ᠬᠣᠲᠠ ᠶ᠋ᠢᠨ ᠮᠣᠩᠭᠣᠯ ᠤᠷᠠᠨ ᠪᠢᠴᠢᠯᠬᠡᠳᠡᠨ ᠦ᠌ ᠨᠡᠢᠭᠡᠮᠯᠢᠭ ᠪᠠᠢᠭᠤᠯᠤᠭᠳᠠᠭᠰᠠᠨ ᠪᠠᠶᠠᠷ ᠢ ᠪᠡᠯᠭᠡᠯᠡᠬᠦ《ᠪᠢᠷ ᠪᠡᠬᠡᠰ ᠢ᠋ᠶ᠋ᠡᠷ ᠳᠤᠮᠳᠠᠳᠤ ᠪᠠᠨ ᠤᠶᠠᠩᠭᠠᠯᠠᠵᠤ᠂ ᠬᠢᠯᠢ ᠶ᠋ᠢᠨ ᠮᠠᠨᠵᠤᠤᠷ ᠢ᠋ᠶ᠋ᠠᠨ ᠰᠣᠶᠣᠯ ᠤ᠋ᠨ ᠬᠣᠲᠠ ᠪᠣᠯᠭᠠᠨ ᠪᠦᠲᠦᠭᠡᠨ ᠪᠠᠢᠭᠤᠯᠬᠤ》ᠰᠡᠳᠦᠪᠲᠦ ᠮᠣᠩᠭᠣᠯ ᠤᠷᠠᠨ ᠪᠢᠴᠢᠯᠭᠡ ᠶ᠋ᠢᠨ ᠦᠵᠡᠭᠦᠯᠦᠯᠭᠡ ᠳ᠋ᠦ᠍ ᠢᠷᠠᠭᠤ ᠠᠯᠳᠠᠷ ᠤ᠋ᠨ ᠴᠣᠯᠠ ᠶ᠋ᠢ ᠬᠦᠷᠲᠡᠪᠡ᠃