ᠤᠯᠠᠭᠠᠨ ᠲᠤᠯᠤᠮ᠎ᠠУлаан туламUlaan tulam
ᠤᠯᠠᠭᠠᠨ ᠲᠤᠯᠤᠮ᠎ᠠ
ᠲᠤᠰ ᠡᠮ ᠪᠣᠯ ᠠᠯᠲᠠᠨ ᠣᠷᠢᠶᠠᠩᠭᠤ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠤᠯᠠᠭᠠᠨ ᠲᠤᠯᠤᠮ᠎ᠠ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠦᠭᠴᠣᠢ᠂ ᠥᠭᠴᠤᠢᠮᠠᠷᠪᠣ᠂ ᠷᠾᠤᠭ᠋ᠴᠦ᠋ᠩ ᠭᠡᠳᠡᠭ᠃
[ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃35~100cm ᠥᠨᠳᠥᠷ᠂ ᠡᠰᠢ ᠨᠢ ᠰᠢᠯᠤᠭᠤᠨ᠂ ᠭᠤᠯᠳᠤ ᠬᠣᠪᠢᠯ ᠠᠷ ᠪᠠ ᠢᠷᠮᠡᠭ ᠲᠡᠢ᠃ ᠨᠠᠪᠴᠢ ᠨᠢ ᠴᠤᠪᠤᠷᠠᠨ ᠤᠷᠭᠤᠨ᠎ᠠ᠃ ᠨᠠᠪᠴᠢᠨ ᠢᠯᠲᠠᠰᠤ ᠨᠢ ᠬᠣᠶᠠᠷ ᠠ᠋ᠴᠠ ᠭᠤᠷᠪᠢᠳᠠᠭᠰᠠᠨ ᠥᠳᠥᠯᠢᠭ ᠭᠦᠨ ᠣᠨᠢ ᠲᠠᠢ ᠪᠥᠭᠡᠳ ᠬᠠᠮᠤᠭ ᠡᠴᠦᠰ ᠦ᠋ᠨ ᠰᠡᠵᠢᠭᠦᠷ ᠢᠯᠲᠠᠰᠤ ᠨᠢ ᠨᠠᠷᠢᠬᠠᠨ ᠪᠦᠰᠡ ᠬᠡᠯᠪᠡᠷᠢ ᠲᠡᠢ᠂0.5~1.5cm ᠤᠷᠲᠤ᠂2~3mm ᠥᠷᠭᠡᠨ᠂ ᠬᠤᠷᠴᠠ ᠱᠣᠪᠬᠣ ᠦᠵᠦᠭᠦᠷ ᠲᠡᠢ᠂ ᠪᠦᠲᠦᠨ ᠬᠥᠪᠡᠭᠡ ᠲᠡᠢ᠂ ᠰᠠᠷᠢᠰᠤᠯᠢᠭ᠃1~3cm ᠤᠷᠲᠤ ᠪᠠᠷᠢᠭᠤᠯ ᠲᠠᠢ᠃ ᠰᠡᠢᠷᠡᠭ ᠴᠠᠴᠤᠭ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠤᠷᠭᠤᠨ᠎ᠠ᠂ ᠶᠡᠷᠦ ᠳ᠋ᠡᠭᠡᠨ3~5 ᠬᠦᠢᠰ ᠴᠡᠴᠡᠭ ᠲᠡᠢ᠂ ᠬᠠᠶᠠ1 ᠬᠦᠢᠰ ᠴᠡᠴᠡᠭ ᠨᠢ ᠡᠰᠢᠨ ᠦ᠌ ᠣᠷᠣᠢ ᠳ᠋ᠤ᠌ ᠭᠠᠭᠴᠠᠭᠠᠷ ᠳᠡᠯᠭᠡᠷᠡᠳᠡᠭ᠃3 ᠱᠣᠷᠣᠯᠵᠢᠨ ᠬᠡᠯᠪᠡᠷᠢᠲᠦ ᠪᠠᠭᠯᠠᠭᠴᠢ ᠢᠯᠲᠠᠰᠤ ᠲᠠᠢ᠂ ᠴᠡᠴᠡᠭ ᠦ᠋ᠨ ᠪᠠᠷᠢᠭᠤᠯ ᠨᠢ ᠣᠬᠣᠷ᠂ ᠴᠡᠴᠡᠭ ᠦ᠋ᠨ ᠲᠣᠭᠳᠣᠢ ᠨᠢ ᠬᠤᠩᠬ᠎ᠠ ᠰᠢᠭ᠋᠂5 ᠭᠦᠨ ᠣᠨᠢ ᠲᠠᠢ᠂ ᠬᠤᠷᠴᠠ ᠱᠣᠪᠬᠣ ᠦᠵᠦᠭᠦᠷ ᠲᠡᠢ᠂ ᠴᠡᠴᠡᠭ ᠦ᠋ᠨ ᠳᠡᠯᠪᠢ ᠨᠢ ᠶᠡᠭᠦᠯᠡᠭᠦᠷ ᠬᠡᠯᠪᠡᠷᠢ ᠲᠡᠢ᠂ ᠪᠣᠷᠣ ᠥᠩᠭᠡ ᠲᠡᠢ᠂ ᠦᠵᠦᠭᠦᠷ ᠲᠤᠨᠢ5ᠣᠨᠢ ᠲᠠᠢ᠂ ᠰᠡᠵᠢᠭᠦᠷ ᠢᠯᠲᠠᠰᠤ ᠨᠢ ᠮᠣᠬᠣᠭᠣ ᠲᠣᠭᠣᠷᠢᠭ ᠬᠡᠯᠪᠡᠷᠢ ᠲᠡᠢ᠂ ᠬᠠᠮᠤᠭ ᠳᠣᠣᠷᠠᠬᠢ1 ᠢᠯᠲᠠᠰᠤ ᠨᠢ ᠵᠢᠵᠢᠭ᠃2 ᠲᠣᠷᠨᠢᠭᠤᠨ4 ᠡᠷ᠎ᠡ ᠲᠣᠭᠣᠷᠴᠣᠭ ᠲᠠᠢ᠂ ᠳᠣᠬᠢᠭᠤᠷ ᠨᠢ ᠰᠢᠷᠬᠡᠭ ᠰᠢᠭ᠃ ᠤᠮᠠᠢ ᠨᠢ ᠳᠡᠭᠡᠳᠦ ᠣᠷᠣᠨ ᠲᠠᠢ᠂2 ᠲᠠᠰᠤᠭ ᠲᠠᠢ᠂ ᠪᠠᠭᠠᠨ᠎ᠠ ᠶ᠋ᠢᠨ ᠠᠮᠠᠰᠠᠷ ᠨᠢ2 ᠣᠨᠢ ᠲᠠᠢ᠃ ᠬᠣᠩᠭᠣᠷᠴᠣᠭᠲᠤ ᠵᠢᠮᠢᠰ ᠨᠢ ᠤᠷᠲᠤ ᠡᠪᠡᠷ ᠰᠢᠭ᠂ ᠵᠢᠭᠠᠬᠠᠨ ᠭᠠᠳᠠᠭᠰᠢ ᠪᠠᠨ ᠮᠤᠷᠤᠢ᠂5~10cm ᠤᠷᠲᠤ᠂ ᠳ᠋ᠢᠶᠠᠮᠧᠲ᠋ᠷ ᠨᠢ4mm ᠣᠷᠴᠢᠮ᠂ ᠪᠣᠯᠪᠠᠰᠤᠷᠠᠪᠠᠯ2 ᠬᠠᠭᠠᠷᠠᠨ᠎ᠠ᠃ ᠣᠯᠠᠨ ᠦᠷ᠎ᠡ ᠲᠡᠢ᠂ ᠪᠥᠮᠪᠥᠷᠢᠭᠡᠨ ᠪᠤᠶᠤ ᠤᠷᠲᠤᠯᠵᠢᠨ ᠲᠣᠭᠣᠷᠢᠭ ᠬᠡᠯᠪᠡᠷᠢ ᠲᠡᠢ᠂ ᠬᠥᠪᠡᠭᠡ ᠪᠡᠷ ᠨᠢ ᠳᠠᠯᠠᠪᠴᠢ ᠲᠠᠢ᠃6~7 ᠳ᠋ᠤᠭᠠᠷ ᠰᠠᠷ᠎ᠠ ᠳ᠋ᠤ᠌ ᠴᠡᠴᠡᠭᠯᠡᠵᠦ᠂7~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ᠂ ᠬᠡᠭᠡᠷ᠎ᠡ ᠲᠠᠯ᠎ᠠ᠂ ᠵᠠᠮ ᠤ᠋ᠨ ᠵᠠᠬ᠎ᠠ ᠪᠠᠷ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ ᠠ᠋ᠴᠠ ᠪᠠᠷᠠᠭᠤᠨ ᠡᠮᠦᠨᠡᠲᠦ ᠣᠷᠣᠨ ᠤ᠋ ᠡᠯ᠎ᠡ ᠭᠠᠵᠠᠷ ᠳᠤ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ]7~8 ᠳ᠋ᠤᠭᠠᠷ ᠰᠠᠷ᠎ᠠ ᠶ᠋ᠢᠨ ᠬᠣᠭᠣᠷᠣᠨᠳᠣ ᠬᠠᠳᠤᠵᠤ ᠠᠪᠤᠭᠠᠳ᠂ ᠬᠡᠷᠴᠢᠵᠦ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ᠂ ᠥᠴᠦᠬᠡᠨ ᠠᠮᠲᠠᠯᠢᠭ ᠠᠮᠲᠠ ᠲᠠᠢ᠃ ᠰᠡᠷᠢᠭᠦᠨ ᠴᠢᠨᠠᠷ ᠲᠠᠢ᠃ ᠬᠥᠩᠭᠡᠨ᠂ ᠰᠢᠩᠭᠡᠨ᠂ ᠡᠶᠡᠯᠳᠡᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠣᠣᠷ ᠢ᠋ ᠲᠠᠢᠯᠬᠤ᠂ ᠬᠣᠷᠣᠬᠠᠢ ᠶ᠋ᠢ ᠨᠢᠲᠤᠯᠬᠤ ᠴᠢᠳᠠᠯ ᠲᠠᠢ᠃ ᠭᠣᠣᠯᠳᠠᠭᠤ ᠰᠢᠷ᠎ᠠ ᠪᠠᠷ ᠲᠣᠯᠣᠭᠠᠢ ᠡᠪᠡᠳᠬᠦ᠂ ᠨᠢᠳᠦ ᠪᠡᠶ᠎ᠡ ᠰᠢᠷᠠᠯᠠᠬᠤ᠂ ᠰᠢᠷ᠎ᠠ ᠪᠠᠷ ᠪᠥᠭᠡᠯᠵᠢᠵᠦ ᠰᠠᠭᠤᠯᠭᠠᠬᠤ᠂ ᠡᠯᠢᠭᠡ ᠰᠥᠰᠥᠨ ᠦ᠌ ᠬᠠᠯᠠᠭᠤᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄角蒿
ᠠᠩᠭ᠌ᠯᠢ ᠨᠡᠷ᠎ᠡ᠄Lncaruillea sinensis Lam.
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠤᠷᠠᠨᠴᠢᠮᠡᠭ
