ᠤᠯᠠᠭᠠᠨ ᠭᠣᠶᠣᠣУлаан гоёоUlaan goyoo ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠤᠯᠠᠭᠠᠨ ᠭᠣᠶᠣᠣУлаан гоёоUlaan goyoo

ᠤᠯᠠᠭᠠᠨ ᠭᠣᠶᠣᠣУлаан гоёоUlaan goyoo

2025-06-16

281

ᠤᠯᠠᠭᠠᠨ ᠭᠣᠶᠣᠣ

   ᠲᠤᠰ ᠡᠮ ᠪᠣᠯ ᠤᠯᠠᠭᠠᠨ ᠭᠣᠶᠣᠣ ᠶ᠋ᠢᠨ ᠢᠵᠠᠭᠤᠷ ᠤ᠋ᠨ ᠤᠷᠭᠤᠮᠠᠯ ᠪᠣᠯᠬᠤ ᠤᠯᠠᠭᠠᠨ ᠭᠣᠶᠣᠣ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠤᠯᠠᠭᠠᠨ ᠭᠣᠶᠤᠬᠠᠢ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠮᠥᠯᠵᠢᠭᠦᠷ ᠡᠪᠡᠰᠦᠯᠢᠭ ᠤᠷᠭᠤᠮᠠᠯ᠃ ᠬᠥᠷᠥᠰᠥᠨ ᠳᠣᠣᠷᠠᠬᠢ ᠡᠰᠢ ᠨᠢ ᠪᠦᠳᠦᠭᠦᠨ ᠣᠬᠣᠷ᠂ ᠣᠯᠠᠨ ᠭᠦᠳᠦᠢᠭᠰᠡᠨ ᠰᠢᠮᠡᠳᠬᠡᠬᠦ ᠦᠨᠳᠦᠰᠦ ᠲᠡᠢ᠃ ᠡᠰᠢ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠪᠦᠳᠡᠭᠢ ᠪᠣᠷᠣ ᠤᠯᠠᠭᠠᠨ ᠥᠩᠭᠡ ᠲᠡᠢ᠂20~100cm ᠥᠨᠳᠥᠷ ᠤᠷᠭᠤᠨ᠎ᠠ᠃ ᠶᠡᠬᠡᠩᠬᠢ ᠬᠡᠰᠡᠭ ᠨᠢ ᠡᠯᠡᠰᠦᠨ ᠳ᠋ᠦ᠍ ᠪᠤᠯᠠᠭᠳᠠᠵᠤ ᠪᠠᠢᠳᠠᠭ᠂ ᠤᠵᠠᠭᠤᠷ ᠤ᠋ᠨ ᠬᠡᠰᠡᠭ ᠨᠢ ᠲᠤᠷᠤᠭ ᠪᠦᠳᠦᠭᠦᠨ᠃ ᠬᠠᠢᠷᠰᠤᠯᠢᠭ ᠨᠠᠪᠴᠢ ᠨᠢ ᠥᠨᠳᠡᠭᠡᠯᠵᠢᠨ᠂ ᠭᠤᠷᠪᠠᠯᠵᠢᠨ ᠪᠤᠶᠤ ᠭᠤᠷᠪᠠᠯᠵᠢᠨ ᠰᠢᠭ᠋ ᠥᠨᠳᠡᠭᠡᠯᠵᠢᠨ ᠬᠡᠯᠪᠡᠷᠢ ᠲᠡᠢ᠂0.5~1cm ᠤᠷᠲᠤ᠂ ᠥᠷᠭᠡᠨ ᠨᠢ1cm ᠬᠦᠷᠬᠦ ᠦᠭᠡᠢ᠂ ᠱᠣᠪᠬᠣ ᠦᠵᠦᠭᠦᠷ ᠲᠡᠢ᠃ ᠲᠦᠷᠦᠭᠦᠦ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠂ ᠰᠢᠳᠡᠮᠯᠢᠭ ᠬᠠᠪᠲᠠᠭᠠᠢ ᠲᠣᠭᠣᠷᠢᠭ ᠬᠡᠯᠪᠡᠷᠢ ᠲᠡᠢ᠂5~15cm ᠤᠷᠲᠤ᠂ ᠳ᠋ᠢᠶᠠᠮᠧᠲ᠋ᠷ ᠨᠢ2.5~6cm᠂ ᠢᠭᠴᠤ ᠴᠡᠴᠡᠭ ᠪᠠ ᠬᠠᠢᠷᠰᠤᠯᠢᠭ ᠪᠠᠭᠯᠠᠭᠴᠢ ᠢᠯᠲᠠᠰᠤ ᠲᠠᠢ᠃ ᠬᠣᠯᠢᠮᠠᠭ ᠴᠡᠴᠡᠭ ᠲᠡᠢ᠂ ᠪᠦᠳᠡᠭᠢ ᠪᠣᠷᠣ ᠥᠩᠭᠡ ᠲᠡᠢ᠂ ᠠᠩᠬᠢᠯᠤᠮ᠎ᠠ ᠦᠨᠦᠷ ᠲᠡᠢ᠂ ᠡᠷ᠎ᠡ ᠴᠡᠴᠡᠭ ᠨᠢ ᠬᠣᠶᠠᠷ ᠵᠦᠢᠯ ᠪᠠᠢᠳᠠᠭ᠃ ᠮᠢᠬᠠᠯᠢᠭ ᠴᠡᠴᠡᠭ ᠨᠢ5 ᠰᠢᠳᠠᠷ ᠲᠠᠢ᠂ ᠤᠷᠲᠤ ᠥᠨᠳᠡᠭᠡᠯᠵᠢᠨ ᠰᠢᠭ ᠱᠠᠭᠠᠳᠠᠭ ᠬᠡᠯᠪᠡᠷᠢ ᠲᠡᠢ᠂1 ᠡᠷ᠎ᠡ ᠲᠣᠭᠣᠷᠴᠣᠭ ᠲᠠᠢ᠂ ᠴᠡᠴᠡᠭ ᠦ᠋ᠨ ᠳᠣᠬᠢᠭᠤᠷ ᠨᠢ ᠪᠣᠭᠣᠨᠢ᠂ ᠳᠣᠷᠣᠢᠲᠠᠭᠰᠠᠨ ᠤᠮᠠᠢ ᠨᠢ ᠰᠢᠲᠠᠮ ᠰᠢᠭ᠂ ᠡᠷ᠎ᠡ ᠴᠡᠴᠡᠭ ᠨᠢ ᠬᠡᠳᠦᠨ ᠪᠦᠰᠡᠯᠢᠭ ᠬᠡᠯᠪᠡᠷᠢᠲᠦ ᠮᠢᠬᠠᠯᠢᠭ ᠶᠡᠷᠦᠩᠬᠡᠢ ᠪᠠᠭᠯᠠᠭᠴᠢ ᠢᠯᠲᠠᠰᠤ ᠲᠠᠢ᠂ ᠴᠡᠴᠡᠭ ᠨᠢ ᠰᠢᠳᠠᠷ ᠦᠭᠡᠢ᠂1 ᠡᠷ᠎ᠡ ᠲᠣᠭᠣᠷᠴᠣᠭ ᠲᠠᠢ᠂ ᠳᠣᠬᠢᠭᠤᠷ ᠨᠢ ᠨᠡᠯᠢᠶᠡᠳ ᠤᠷᠲᠤ᠂ ᠳᠣᠷᠣᠢᠲᠠᠭᠰᠠᠨ ᠤᠮᠠᠢ ᠦᠭᠡᠢ᠃ ᠡᠮ᠎ᠡ ᠴᠡᠴᠡᠭ ᠨᠢ ᠬᠡᠳᠦᠨ ᠪᠦᠰᠡᠯᠢᠭ ᠮᠥᠷᠲᠡᠭᠡᠨ ᠮᠢᠬᠠᠯᠢᠭ ᠶᠡᠷᠦᠩᠬᠡᠢ ᠪᠠᠭᠯᠠᠭᠴᠢ ᠢᠯᠲᠠᠰᠤ ᠲᠠᠢ᠂ ᠡᠭᠦᠨ ᠦ᠌ ᠳᠣᠲᠣᠷ᠎ᠠ ᠨᠢᠭᠡ ᠢᠯᠲᠠᠰᠤ ᠨᠢ ᠶᠡᠷᠦ ᠳ᠋ᠡᠭᠡᠨ ᠨᠡᠯᠢᠶᠡᠳ ᠥᠷᠭᠡᠨ ᠲᠣᠮᠣ᠂2 ᠡᠮ᠎ᠡ ᠲᠣᠭᠣᠷᠴᠣᠭ ᠲᠠᠢ᠂ ᠤᠮᠠᠢ ᠨᠢ ᠲᠣᠭᠣᠷᠢᠭ ᠰᠢᠭ᠋᠂ ᠳᠡᠭᠡᠷ᠎ᠡ ᠬᠡᠰᠡᠭ  ᠲᠤᠨᠢ ᠰᠢᠳᠡᠮᠯᠢᠭ ᠳᠣᠷᠣᠢᠲᠠᠭᠰᠠᠨ ᠡᠷ᠎ᠡ ᠲᠣᠭᠣᠷᠴᠣᠭ ᠬᠡᠳᠦ ᠪᠣᠢ᠂ ᠴᠡᠴᠡᠭ ᠦ᠋ᠨ ᠪᠠᠭᠠᠨ᠎ᠠ ᠨᠢ ᠰᠢᠳᠠᠮ ᠬᠡᠯᠪᠡᠷᠢ ᠲᠡᠢ᠃ ᠬᠣᠣᠰ ᠪᠡᠯᠭᠡ ᠲᠡᠢ ᠴᠡᠴᠡᠭ ᠨᠢ ᠣᠯᠠᠩᠬᠢ ᠳ᠋ᠠᠭᠠᠨ ᠡᠷ᠎ᠡ ᠴᠡᠴᠡᠭ ᠡᠴᠡ ᠡᠮᠦᠨ᠎ᠡ ᠳᠡᠯᠭᠡᠷᠡᠨ᠎ᠡ᠃ ᠡᠷ᠎ᠡ ᠲᠣᠭᠣᠷᠴᠣᠭ ᠪᠠ ᠡᠮ᠎ᠡ ᠲᠣᠭᠣᠷᠴᠣᠭ ᠲᠤᠰ ᠪᠦᠷᠢ1 ᠪᠣᠢ᠂ ᠡᠷ᠎ᠡ ᠲᠣᠭᠣᠷᠴᠣᠭ ᠨᠢ ᠤᠮᠠᠢ ᠶ᠋ᠢᠨ ᠳᠤᠮᠳᠠ ᠬᠡᠰᠡᠭ ᠲᠦ᠍ ᠪᠠᠢᠷᠢᠯᠠᠨ᠎ᠠ᠃ ᠵᠢᠵᠢᠭ ᠬᠠᠲᠠᠭᠤ ᠵᠢᠮᠢᠰ ᠨᠢ ᠪᠥᠮᠪᠦᠭᠡᠨ ᠬᠡᠯᠪᠡᠷᠢ ᠲᠡᠢ᠂ ᠭᠦᠨ ᠥᠩᠭᠡᠲᠦ ᠬᠠᠲᠠᠭᠤ ᠬᠠᠯᠢᠰᠤᠯᠢᠭ ᠵᠢᠮᠢᠰ ᠦ᠋ᠨ ᠬᠠᠯᠢᠰᠤ ᠲᠠᠢ᠃6~7 ᠳ᠋ᠤᠭᠠᠷ ᠰᠠᠷ᠎ᠠ ᠳ᠋ᠤ᠌ ᠴᠡᠴᠡᠭᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠬᠠᠭᠤᠷᠠᠢ ᠡᠯᠡᠰᠦᠷᠬᠡᠭ ᠭᠠᠵᠠᠷ ᠲᠤ ᠤᠷᠭᠤᠨ᠎ᠠ᠃ ᠣᠯᠠᠩᠬᠢ ᠳ᠋ᠠᠭᠠᠨ ᠬᠠᠷᠮᠠᠭ ᠤ᠋ᠨ ᠦᠨᠳᠦᠰᠦ ᠳᠡᠭᠡᠷ᠎ᠡ ᠮᠥᠯᠵᠢᠨ ᠤᠷᠭᠤᠳᠠᠭ᠃ ᠥᠪᠥᠷ ᠮᠣᠩᠭᠣᠯ᠂ ᠨᠢᠩᠰᠢᠶᠠ᠂ ᠭᠠᠨᠰᠦ᠂ ᠬᠥᠬᠡᠨᠠᠭᠤᠷ᠂ ᠰᠢᠨᠵᠢᠶᠠᠩ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠠᠪᠴᠤ ᠪᠣᠯᠬᠤ ᠪᠣᠯᠪᠠᠴᠤ ᠬᠠᠪᠤᠷ ᠠᠪᠤᠭᠰᠠᠨ ᠨᠢ ᠴᠢᠨᠠᠷ ᠰᠠᠢᠲᠠᠢ᠃ ᠮᠠᠯᠲᠠᠨ ᠠᠪᠤᠭᠰᠠᠨ ᠤ᠋ ᠰᠡᠭᠦᠯᠡᠷ ᠪᠠᠭ ᠴᠡᠴᠡᠭ ᠢ᠋ ᠨᠢ ᠠᠷᠢᠯᠭᠠᠨ᠂ ᠡᠯᠡᠰᠦᠨ ᠳ᠋ᠦ᠍ ᠬᠠᠭᠠᠰ ᠪᠤᠯᠠᠵᠤ ᠲᠠᠯᠪᠢᠭᠠᠳ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ ᠠᠮᠲᠠ ᠲᠠᠢ; ᠪᠦᠯᠢᠶᠡᠨ ᠴᠢᠨᠠᠷ ᠲᠠᠢ᠃
   [ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠢᠳᠡᠭᠡᠨ ᠢ᠋ ᠰᠢᠩᠭᠡᠭᠡᠬᠦ᠂ ᠲᠠᠮᠢᠷ ᠢ᠋ ᠰᠠᠢᠵᠢᠷᠠᠭᠤᠯᠬᠤ ᠴᠢᠳᠠᠯ ᠲᠠᠢ᠃ ᠭᠣᠣᠯᠳᠠᠭᠤ ᠰᠢᠷ᠎ᠠ ᠬᠤᠰᠤᠬᠤ᠂ ᠬᠣᠳᠣᠭᠣᠳᠣ ᠴᠦᠩᠬᠦᠢᠵᠦ ᠡᠪᠡᠳᠬᠦ᠂ ᠰᠢᠷ᠎ᠠ ᠪᠠᠷ ᠲᠣᠯᠣᠭᠠᠢ ᠡᠪᠡᠳᠬᠦ᠂ ᠡᠷ᠎ᠡ ᠪᠡᠯᠭᠡ ᠰᠤᠯᠠᠷᠠᠬᠤ᠂ ᠬᠥᠯ ᠨᠢᠷᠤᠭᠤ ᠡᠪᠡᠳᠬᠦ᠂ ᠴᠠᠭᠠᠨ ᠴᠢᠭᠢᠭ ᠪᠠᠭᠤᠯᠭᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄锁阳
   ᠠᠩᠭ᠌ᠯᠢ ᠨᠡᠷ᠎ᠡ᠄Cynomorium songaricum Rupr.
   ᠦᠰᠦᠭ ᠠᠮᠢᠯᠠᠭᠤᠯᠤᠭᠴᠢ᠄ ᠴᠡᠪᠡᠷᠴᠡᠴᠡᠭ
   ᠬᠢᠨᠠᠭᠴᠢ᠄ ᠤᠷᠠᠨᠴᠢᠮᠡᠭ