ᠵᠥᠭᠡᠯᠡᠨ ᠦᠷ᠎ᠡЗөөлөн үрZöölön ür
ᠵᠥᠭᠡᠯᠡᠨ ᠦᠷ᠎ᠡ
ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠰᠤᠨᠳᠤᠤᠲᠤ ᠨᠢᠭᠦᠷᠰᠦ ᠶ᠋ᠢᠨ ᠬᠠᠲᠠᠭᠠᠭᠰᠠᠨ ᠪᠤᠯᠪᠠᠰᠤᠷᠠᠮᠠᠯ ᠦᠷ᠎ᠡ ᠮᠥᠨ᠃ ᠪᠠᠰᠠ ᠵᠠᠮᠪᠠᠷᠠᠢ᠂ ᠣᠭ᠌ᠶᠤ ᠥᠨᠳᠡᠭᠡ ᠭᠡᠳᠡᠭ᠃
[ ᠤᠤᠯ ᠤᠷᠭᠤᠮᠠᠯ] ᠪᠤᠲᠠ ᠮᠣᠳᠣ᠃ ᠮᠥᠴᠢᠷ᠂ ᠨᠠᠪᠴᠢᠨ ᠲᠡᠩᠭᠡᠯᠢᠭ᠂ ᠵᠢᠵᠢᠭ ᠨᠠᠪᠴᠢᠨ ᠲᠡᠩᠭᠡᠯᠢᠭ ᠳᠡᠭᠡᠷ᠎ᠡ ᠨᠢ ᠲᠣᠩᠭᠣᠷᠤᠤ ᠭᠣᠬ᠎ᠠ ᠥᠷᠭᠡᠰᠦ ᠪᠠ ᠨᠢᠭ᠋ ᠰᠢᠷ᠎ᠠ ᠵᠥᠭᠡᠯᠡᠨ ᠦᠰᠦ ᠲᠡᠢ᠃ ᠬᠣᠶᠠᠷᠳᠠᠭᠰᠠᠨ ᠥᠳᠥᠯᠢᠭ ᠨᠡᠢᠯᠡᠮᠡᠯ ᠨᠠᠪᠴᠢ ᠲᠠᠢ᠂ ᠥᠳᠥᠯᠢᠭ ᠢᠯᠲᠠᠰᠤ ᠨᠢ12~18᠂ ᠵᠢᠵᠢᠭ ᠨᠠᠪᠴᠢ ᠨᠢ12~22᠂ ᠬᠠᠪᠲᠠᠭᠠᠢ ᠲᠣᠭᠣᠷᠢᠭ ᠪᠤᠶᠤ ᠤᠷᠲᠤᠯᠵᠢᠨ ᠵᠤᠤᠪᠠᠩ ᠬᠡᠯᠪᠡᠷᠢ ᠲᠡᠢ᠂1.3~3cm ᠤᠷᠲᠤ᠂8~17mm ᠥᠷᠭᠡᠨ᠂ ᠮᠤᠬᠤᠷ ᠨᠠᠷᠢᠨ ᠱᠣᠪᠣᠭᠣᠷ ᠦᠵᠦᠭᠦᠷ ᠲᠠᠢ᠂ ᠬᠠᠵᠠᠭᠠᠢ ᠲᠣᠭᠣᠷᠢᠭ ᠤᠭ ᠲᠠᠢ᠂ ᠬᠣᠶᠠᠷ ᠲᠠᠯ᠎ᠠ ᠳ᠋ᠤᠨᠢ ᠲᠠᠷᠠᠮᠠᠭ ᠰᠢᠷ᠎ᠠ ᠣᠬᠣᠷ ᠵᠥᠭᠡᠯᠡᠨ ᠦᠰᠦ ᠲᠡᠢ᠂ ᠲᠣᠰᠬᠣᠭᠤᠷ ᠨᠠᠪᠴᠢ ᠨᠢ ᠲᠣᠮᠣ᠂ ᠨᠠᠪᠴᠢᠯᠢᠭ᠂ ᠡᠷᠲᠡ ᠵᠤᠯᠭᠠᠷᠠᠨ᠎ᠠ᠂ ᠥᠳᠥᠯᠢᠭ ᠭᠦᠨ ᠣᠨᠢ ᠲᠠᠢ ᠪᠤᠶᠤ ᠭᠦᠢᠬᠡᠨ ᠣᠨᠢ ᠲᠠᠢ᠃ ᠴᠠᠴᠤᠭ ᠬᠡᠯᠪᠡᠷᠢᠲᠦ ᠪᠠᠭ ᠴᠡᠴᠡᠭ ᠨᠢ ᠨᠠᠪᠴᠢᠨ ᠤ᠋ ᠥᠪᠥᠷ ᠲᠦ᠍ ᠳᠡᠯᠭᠡᠷᠡᠨ᠎ᠡ᠃ ᠴᠡᠴᠡᠭ ᠦ᠋ᠨ ᠲᠣᠭᠳᠣᠢ ᠶ᠋ᠢᠨ ᠤᠷᠲᠤ ᠨᠢ6~8mm ᠣᠷᠴᠢᠮ᠂ ᠨᠢᠭ ᠰᠢᠷ᠎ᠠ ᠵᠥᠭᠡᠯᠡᠨ ᠦᠰᠦ ᠲᠡᠢ᠂ ᠴᠡᠴᠡᠭ ᠦ᠋ᠨ ᠲᠣᠭᠳᠣᠢ ᠨᠢ5 ᠬᠡᠷᠴᠢᠶᠡᠰᠦ ᠣᠨᠢ ᠲᠠᠢ᠃ ᠴᠡᠴᠡᠭ ᠦ᠋ᠨ ᠳᠡᠯᠪᠢ ᠨᠢ ᠰᠢᠷ᠎ᠠ᠂ ᠴᠡᠴᠡᠭ ᠦ᠋ᠨ ᠬᠡᠯᠲᠡᠰ ᠨᠢ ᠲᠣᠩᠭᠣᠷᠤᠤ ᠬᠠᠪᠲᠠᠭᠠᠢ ᠲᠡᠪᠡᠨᠡ ᠬᠡᠯᠪᠡᠷᠢ ᠲᠡᠢ᠂ ᠲᠣᠭᠳᠣᠢ ᠠ᠋ᠴᠠ ᠪᠠᠨ ᠵᠢᠭᠠᠬᠠᠨ ᠤᠷᠲᠤ᠃ ᠪᠤᠷᠴᠠᠭ ᠵᠢᠮᠢᠰ ᠨᠢ ᠬᠥᠳᠥᠰᠥᠯᠢᠭ᠂ ᠬᠠᠪᠲᠠᠭᠠᠢ ᠲᠣᠭᠣᠷᠢᠭ ᠬᠡᠯᠪᠡᠷᠢ ᠲᠡᠢ᠂5~6cm ᠤᠷᠲᠤ᠂3.6~4.5cm ᠥᠷᠭᠡᠨ᠂ ᠢᠬᠴᠤ ᠵᠡᠭᠦᠯᠢᠭ ᠥᠷᠭᠡᠰᠦ ᠲᠡᠢ᠃2~3 ᠮᠥᠬᠥᠯᠢᠭ ᠦᠷ᠎ᠡ ᠲᠡᠢ᠃8~10 ᠰᠠᠷ᠎ᠠ ᠳ᠋ᠤ᠌ ᠴᠡᠴᠡᠭᠯᠡᠵᠦ᠂ ᠳᠠᠷᠠᠭ᠎ᠠ ᠵᠢᠯ ᠦ᠋ᠨ1~3 ᠰᠠᠷ᠎ᠠ ᠳ᠋ᠤ᠌ ᠵᠢᠮᠢᠰ ᠨᠢ ᠪᠣᠯᠪᠠᠰᠤᠷᠠᠨ᠎ᠠ᠃
[ ᠤᠷᠭᠤᠬᠤ ᠣᠷᠴᠢᠨ ᠬᠢᠭᠡᠳ ᠲᠠᠷᠬᠠᠴᠠ] ᠰᠡᠢᠷᠡᠭ ᠣᠢ᠂ ᠪᠤᠲᠠ ᠰᠥᠭᠡᠭ᠂ ᠳᠠᠯᠠᠢ ᠶ᠋ᠢᠨ ᠬᠥᠪᠡᠭᠡ ᠶ᠋ᠢᠨ ᠠᠢᠯ ᠲᠣᠰᠬᠣᠨ ᠤ᠋ ᠣᠷᠴᠢᠮ ᠳ᠋ᠠᠬᠢ ᠠᠲᠠᠷ ᠭᠠᠵᠠᠷ ᠲᠤ ᠤᠷᠭᠤᠨ᠎ᠠ᠃ ᠭᠤᠸᠠᠩᠳᠥ᠋ᠩ᠂ ᠭᠤᠸᠠᠩᠰᠢ᠂ ᠬᠠᠢᠨᠠᠨ᠂ ᠲᠠᠢᠸᠠᠨ᠂ ᠶᠦᠨᠨᠠᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠡᠪᠦᠯ᠂ ᠬᠠᠪᠤᠷ ᠤ᠋ᠨ ᠤᠯᠠᠷᠢᠯ ᠳ᠋ᠤ᠌ ᠪᠣᠯᠪᠠᠰᠤᠷᠠᠭᠰᠠᠨ ᠵᠢᠮᠢᠰ ᠢ᠋ ᠨᠢ ᠲᠡᠭᠦᠵᠦ ᠬᠠᠲᠠᠭᠠᠭᠠᠳ᠂ ᠵᠢᠮᠢᠰ ᠦ᠋ᠨ ᠬᠠᠯᠢᠰᠤ ᠶ᠋ᠢ ᠨᠢ ᠠᠷᠢᠯᠭᠠᠵᠤ᠂ ᠦᠷ᠎ᠡ ᠶ᠋ᠢ ᠨᠢ ᠠᠪᠤᠨ᠎ᠠ᠃
[ ᠠᠮᠲᠠ᠂ ᠴᠢᠨᠠᠷ᠂ ᠡᠷᠳᠡᠮ] ᠭᠤᠱᠤᠭᠤᠨ ᠠᠮᠲᠠ ᠲᠠᠢ᠃ ᠪᠦᠯᠢᠶᠡᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠬᠣᠳᠣᠭᠣᠳᠣ ᠪᠥᠭᠡᠷᠡᠨ ᠦ᠌ ᠬᠦᠢᠲᠡᠨ ᠢ᠋ ᠠᠷᠢᠯᠭᠠᠬᠤ᠂ ᠪᠥᠭᠡᠷᠡᠨ ᠲᠠᠮᠢᠷ ᠢ᠋ ᠰᠠᠢᠵᠢᠷᠠᠭᠤᠯᠬᠤ᠂ ᠰᠠᠭᠤᠯᠭᠠᠬᠤ ᠶ᠋ᠢ ᠵᠣᠭᠰᠣᠭᠠᠬᠤ᠂ ᠰᠢᠷ᠎ᠠ ᠤᠰᠤ ᠶ᠋ᠢ ᠠᠷᠢᠯᠭᠠᠬᠤ ᠴᠢᠳᠠᠯ ᠲᠠᠢ᠃ ᠭᠣᠣᠯᠳᠠᠭᠤ ᠬᠣᠳᠣᠭᠣᠳᠣ ᠪᠥᠭᠡᠷᠡᠨ ᠦ᠌ ᠬᠦᠢᠲᠡᠨ᠂ ᠬᠥᠯ ᠨᠢᠷᠤᠭᠤ ᠡᠪᠡᠳᠬᠦ᠂ ᠰᠢᠭᠡᠰᠦ ᠴᠢᠪᠳᠠᠭᠰᠢᠬᠤ᠂ ᠳᠤᠰᠤᠯ ᠠᠯᠳᠠᠬᠤ᠂ ᠰᠢᠭᠡᠰᠦ ᠬᠣᠷᠢᠭᠳᠠᠭᠰᠠᠨ᠂ ᠴᠢᠯᠠᠭᠤᠰᠢᠷᠠᠭᠰᠠᠨ ᠪᠡᠲᠡᠭᠢ᠂ ᠪᠥᠭᠡᠷᠡᠨ ᠦ᠌ ᠬᠡᠷᠦᠬᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄大托叶云实
ᠠᠩᠭ᠌ᠯᠢ ᠨᠡᠷ᠎ᠡ᠄ CaesaLpinia crista L.
ᠦᠰᠦᠭ ᠠᠮᠢᠯᠠᠭᠤᠯᠤᠭᠴᠢ᠄ ᠪᠠᠳᠮ᠎ᠠ
ᠬᠢᠨᠠᠭᠴᠢ᠄ ᠣᠶᠤᠨᠴᠢᠮᠡᠭ
