ᠣᠭᠣᠲᠣᠨ᠎ᠠ ᠴᠡᠴᠡᠭОготно цэцэгOgotno tsetseg
ᠣᠭᠣᠲᠣᠨ᠎ᠠ ᠴᠡᠴᠡᠭ
ᠲᠤᠰ ᠡᠮ ᠪᠣᠯ ᠤᠷᠤᠭᠤᠯ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠣᠭᠣᠲᠣᠨ᠎ᠠ ᠴᠡᠴᠡᠭ ᠦ᠋ᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠵᠢᠪᠽᠢ᠂ ᠬᠣᠣᠰ ᠴᠡᠴᠡᠭᠲᠦ ᠬᠤᠨᠴᠢᠨ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃10~30cm ᠥᠨᠳᠥᠷ᠂ ᠦᠨᠳᠦᠰᠦᠯᠢᠭ ᠡᠰᠢ ᠨᠢ ᠨᠠᠷᠢᠨ ᠤᠷᠲᠤ᠂ ᠭᠦᠢᠬᠡᠨ ᠰᠢᠷᠠᠩᠭᠤᠢ ᠴᠠᠭᠠᠨ ᠥᠩᠭᠡ ᠲᠡᠢ᠃ ᠡᠰᠢ ᠨᠢ ᠰᠢᠯᠤᠭᠤᠨ ᠲᠠᠰᠢᠭᠤ ᠤᠷᠭᠤᠨ᠎ᠠ᠃ ᠳᠥᠷᠪᠡᠯᠵᠢᠨ ᠢᠷᠮᠡᠭ ᠢ᠋ ᠨᠢ ᠳᠠᠭᠠᠭᠠᠳ ᠲᠠᠷᠠᠮᠠᠭ ᠵᠥᠭᠡᠯᠡᠨ ᠦᠰᠦ ᠲᠡᠢ ᠪᠤᠶᠤ ᠦᠰᠦ ᠦᠭᠡᠢ᠂ ᠭᠠᠭᠴᠠᠭᠠᠷ ᠤᠷᠭᠤᠬᠤ ᠪᠤᠶᠤ ᠰᠠᠯᠠᠭᠠᠯᠠᠨ᠎ᠠ᠃ ᠨᠠᠪᠴᠢ ᠨᠢ ᠭᠤᠷᠪᠠᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂ ᠪᠦᠰᠡᠯᠢᠭ ᠬᠠᠪᠲᠠᠭᠠᠢ ᠲᠡᠪᠡᠨᠡ ᠪᠤᠶᠤ ᠬᠠᠪᠲᠠᠭᠠᠢ ᠲᠡᠪᠡᠨᠡ ᠬᠡᠯᠪᠡᠷᠢ ᠲᠡᠢ᠂1.7~3.3cm ᠤᠷᠲᠤ᠂3~11mm ᠥᠷᠭᠡᠨ᠂ ᠮᠤᠬᠤᠷ ᠦᠵᠦᠭᠦᠷ ᠲᠡᠢ᠂ ᠲᠣᠭᠣᠷᠢᠭ᠂ ᠭᠦᠢᠬᠡᠨ ᠵᠢᠷᠦᠬᠡᠨ ᠬᠡᠯᠪᠡᠷᠢ᠂ ᠵᠢᠷᠦᠬᠡᠨ ᠬᠡᠯᠪᠡᠷᠢ ᠪᠤᠶᠤ ᠲᠡᠭᠰᠢ ᠬᠡᠯᠪᠡᠷᠢᠲᠦ ᠤᠭ ᠲᠠᠢ᠂ ᠲᠠᠷᠠᠮᠠᠭ ᠬᠢᠷᠥᠭᠡᠨ ᠰᠢᠲᠦ ᠲᠡᠢ ᠪᠤᠶᠤ ᠪᠦᠲᠦᠨ ᠬᠥᠪᠡᠭᠡ ᠲᠡᠢ᠂ ᠨᠠᠪᠴᠢᠨ ᠥᠪᠥᠷ ᠲᠤᠨᠢ ᠣᠬᠣᠷ ᠵᠥᠭᠡᠯᠡᠨ ᠦᠰᠦ ᠲᠡᠢ ᠪᠤᠶᠤ ᠦᠰᠦ ᠦᠭᠡᠢ᠂ ᠠᠷᠤ ᠳ᠋ᠠᠬᠢ ᠰᠤᠳᠠᠯ ᠢ᠋ ᠨᠢ ᠳᠠᠭᠠᠭᠠᠳ ᠶᠠᠯᠢᠮ ᠦᠭᠡᠢ ᠵᠥᠭᠡᠯᠡᠨ ᠦᠰᠦ ᠲᠡᠢ᠂ ᠮᠠᠰᠢ ᠣᠯᠠᠨ ᠬᠣᠲᠣᠢᠭᠰᠠᠨ ᠪᠤᠯᠴᠢᠷᠬᠠᠢ ᠳᠤᠰᠤᠯ ᠲᠠᠢ᠂ ᠣᠬᠣᠷ ᠪᠠᠷᠢᠭᠤᠯ ᠲᠠᠢ ᠪᠤᠶᠤ ᠪᠠᠷᠤᠭ ᠪᠠᠷᠢᠭᠤᠯ ᠦᠭᠡᠢ᠃ ᠴᠡᠴᠡᠭ ᠨᠢ ᠡᠰᠢᠨ ᠦ᠌ ᠳᠡᠭᠡᠷ᠎ᠡ ᠬᠡᠰᠡᠭ ᠦ᠋ᠨ ᠨᠠᠪᠴᠢᠨ ᠰᠤᠭᠤ ᠳ᠋ᠤ᠌ ᠨᠢᠭᠡ ᠲᠡᠰᠢ ᠬᠠᠵᠠᠢᠵᠤ ᠭᠠᠭᠴᠠᠭᠠᠷ ᠳᠡᠯᠭᠡᠷᠡᠨ᠎ᠡ᠃ ᠴᠡᠴᠡᠭ ᠦ᠋ᠨ ᠪᠠᠷᠢᠭᠤᠯ ᠤ᠋ᠨ ᠤᠷᠲᠤ ᠨᠢ4~5mm᠂ ᠤᠭ ᠣᠢᠷᠠᠯᠴᠠᠭ᠎ᠠ ᠨᠢ ᠨᠢᠭᠡ ᠬᠣᠣᠰ1mm ᠰᠢᠬᠠᠮ ᠤᠷᠲᠤ ᠵᠡᠭᠦᠯᠢᠭ ᠵᠢᠵᠢᠭ ᠪᠠᠭᠯᠠᠭᠴᠢ ᠢᠯᠲᠠᠰᠤ ᠲᠠᠢ᠃ ᠴᠡᠴᠡᠭ ᠦ᠋ᠨ ᠲᠣᠭᠳᠣᠢ ᠳᠡᠭᠡᠷ᠎ᠡ ᠨᠢ ᠲᠠᠷᠠᠮᠠᠭ ᠣᠬᠣᠷ ᠵᠥᠭᠡᠯᠡᠨ ᠦᠰᠦ ᠲᠡᠢ᠂ ᠵᠢᠮᠢᠰᠯᠡᠭᠰᠡᠨ ᠦ᠌ ᠰᠡᠭᠦᠯᠡᠷ ᠴᠡᠴᠡᠭ ᠦ᠋ᠨ ᠲᠣᠭᠳᠣᠢ ᠶ᠋ᠢᠨ ᠤᠷᠲᠤ ᠨᠢ4~5mm ᠬᠦᠷᠳᠡᠭ᠂ ᠪᠠᠮᠪᠠᠢ ᠢᠯᠲᠠᠰᠤ ᠶ᠋ᠢᠨ ᠥᠨᠳᠥᠷ ᠨᠢ2mm᠃ ᠴᠡᠴᠡᠭ ᠦ᠋ᠨ ᠳᠡᠯᠪᠢ ᠨᠢ ᠬᠥᠬᠡ ᠪᠤᠶᠤ ᠬᠥᠬᠡᠪᠲᠦᠷ ᠪᠣᠷᠣ᠂1.8~2.4cm ᠤᠷᠲᠤ᠂ ᠭᠠᠳᠠᠷ ᠲᠠᠯ᠎ᠠ ᠳ᠋ᠤᠨᠢ ᠣᠬᠣᠷ ᠵᠥᠭᠡᠯᠡᠨ ᠦᠰᠦ ᠲᠡᠢ᠂ ᠳᠡᠯᠪᠢ ᠶ᠋ᠢᠨ ᠬᠣᠭᠣᠯᠠᠢ ᠶ᠋ᠢᠨ ᠤᠭ ᠤ᠋ᠨ ᠬᠡᠰᠡᠭ ᠨᠢ ᠭᠦᠢᠬᠡᠨ ᠤᠭᠤᠲᠠᠯᠢᠭ ᠨᠤᠭᠤᠯᠤᠭᠠᠰᠤ ᠲᠠᠢ᠂ ᠳᠡᠭᠡᠳᠦ ᠤᠷᠤᠭᠤᠯ ᠨᠢ ᠳᠤᠭᠤᠯᠠᠭ᠎ᠠ ᠬᠡᠯᠪᠡᠷᠢ ᠲᠡᠢ᠂ ᠳᠣᠲᠣᠭᠰᠢ ᠬᠣᠲᠣᠭᠣᠷ᠂ ᠳᠣᠣᠷᠠᠲᠤ ᠤᠷᠤᠭᠤᠯ ᠨᠢ3 ᠣᠨᠢ ᠲᠠᠢ᠃ ᠤᠮᠠᠢ ᠶ᠋ᠢᠨ ᠬᠠᠭᠠᠷᠠᠭᠰᠠᠨ ᠢᠯᠲᠠᠰᠤ ᠨᠢ ᠲᠡᠩᠴᠡᠭᠦᠦ᠂ ᠰᠢᠷ᠎ᠠ ᠥᠩᠭᠡ ᠲᠡᠢ᠂ ᠴᠡᠴᠡᠭ ᠦ᠋ᠨ ᠪᠠᠭᠠᠨ᠎ᠠ ᠨᠢ ᠨᠠᠷᠢᠨ ᠤᠷᠲᠤ᠂ ᠦᠵᠦᠭᠦᠷ ᠨᠢ ᠬᠤᠷᠴᠠ ᠱᠣᠪᠬᠣ᠂ ᠶᠠᠯᠢᠮ ᠦᠭᠡᠢ ᠣᠨᠢ ᠲᠠᠢ᠃ ᠬᠠᠲᠠᠭᠤ ᠵᠢᠮᠢᠰ ᠨᠢ ᠲᠣᠭᠣᠷᠢᠭ ᠪᠤᠶᠤ ᠵᠤᠤᠪᠠᠩ ᠬᠡᠯᠪᠡᠷᠢ ᠲᠡᠢ᠂0.9~1mm ᠤᠷᠲᠤ᠂0.6mm ᠥᠷᠭᠡᠨ᠂ ᠬᠦᠷᠡᠩ ᠥᠩᠭᠡ ᠲᠡᠢ᠂ ᠪᠢᠯᠴᠠᠤ ᠰᠢᠭ᠋ ᠳᠣᠪᠣᠭᠣᠷ ᠲᠠᠢ᠂ ᠬᠡᠪᠡᠯᠢ ᠶ᠋ᠢᠨ ᠬᠡᠰᠡᠭ ᠦ᠋ᠨ ᠭᠣᠣᠯ ᠳ᠋ᠤᠨᠢ ᠭᠦᠳᠦᠢᠭᠰᠡᠨ ᠵᠢᠮᠢᠰ ᠦ᠋ᠨ ᠬᠦᠢᠰᠦ ᠲᠡᠢ᠃6~8 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠭᠣᠣᠯ ᠤ᠋ᠨ ᠳᠠᠩ ᠤ᠋ᠨ ᠪᠡᠯᠴᠢᠭᠡᠷ᠂ ᠠᠭᠤᠯᠠᠨ ᠪᠡᠯᠴᠢᠭᠡᠷ᠂ ᠠᠭᠤᠯᠠᠨ ᠣᠢ ᠶ᠋ᠢᠨ ᠬᠥᠪᠡᠭᠡ ᠵᠠᠬ᠎ᠠ᠂ ᠣᠢ ᠶ᠋ᠢᠨ ᠳᠣᠲᠣᠷ᠎ᠠ᠂ ᠬᠠᠶᠠᠭᠳᠠᠮᠠᠯ ᠠᠲᠠᠷ ᠭᠠᠵᠠᠷ᠂ ᠵᠠᠮ ᠤ᠋ᠨ ᠬᠠᠵᠠᠭᠤ᠂ ᠲᠣᠰᠬᠣᠨ ᠤ᠋ ᠣᠷᠴᠢᠮ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠬᠥᠬᠡᠨᠠᠭᠤᠷ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ ᠴᠡᠴᠡᠭᠯᠡᠭᠰᠡᠨ ᠪᠦᠬᠦᠯᠢ ᠡᠪᠡᠰᠦ ᠶ᠋ᠢ ᠨᠢ ᠲᠡᠭᠦᠵᠦ᠂ ᠬᠣᠯᠢᠮᠠᠭ ᠵᠦᠢᠯ ᠢ᠋ ᠨᠢ ᠠᠷᠢᠯᠭᠠᠨ ᠴᠡᠪᠡᠷᠯᠡᠭᠡᠳ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ᠂ ᠠᠮᠲᠠᠯᠢᠭ ᠠᠮᠲᠠ ᠲᠠᠢ᠃ ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠠᠪᠤᠳᠠᠷ ᠢ᠋ ᠬᠠᠷᠢᠭᠤᠯᠬᠤ ᠴᠢᠳᠠᠯ ᠲᠠᠢ᠃ ᠭᠣᠣᠯᠳᠠᠭᠤ ᠡᠯᠢᠭᠡᠨ ᠦ᠌ ᠬᠠᠯᠠᠭᠤᠨ᠂ ᠪᠤᠢᠯᠠ ᠶ᠋ᠢᠨ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄并头黄芩
ᠠᠩᠭ᠌ᠯᠢ ᠨᠡᠷ᠎ᠡ᠄Scutellaria scordifolia Fisch.
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠲᠤᠶᠠᠭ᠎ᠠ
