ᠦ ᠯᠠᠢ ᠹᠦ (ᠰᠦᠯᠵᠢᠶᠡᠨ ᠨᠡᠷ᠎ᠡ ᠵᠤᠯᠠᠨᠭᠡᠭᠡ) ᠡᠮᠡᠭᠲᠡᠢ᠂1960 ᠣᠨ ᠳ᠋ᠤ᠌ ᠲᠦᠩᠯᠢᠶᠣᠣ ᠬᠣᠲᠠ ᠶ᠋ᠢᠨ ᠬᠣᠷᠴᠢᠨ ᠵᠡᠭᠦᠨ ᠭᠠᠷᠤᠨ ᠬᠣᠢᠲᠤ ᠬᠤᠰᠢᠭᠤᠨ ᠤ᠋ ᠵᠢᠷᠭᠠᠯᠠᠩ ᠪᠠᠯᠭᠠᠰᠤ ᠶ᠋ᠢᠨ ᠡᠩᠭᠡᠳᠡᠢ ᠭᠠᠴᠠᠭᠠᠨ ᠤ᠋ ᠡᠩ ᠦ᠋ᠨ ᠨᠢᠭᠡᠨ ᠲᠠᠷᠢᠶᠠᠴᠢᠨ ᠤ᠋ ᠭᠡᠷ ᠲᠦ᠍ ᠲᠥᠷᠥᠵᠦ ᠥᠰᠴᠡᠢ᠃1981 ᠣᠨ ᠳ᠋ᠤ᠌ ᠭᠠᠨᠵᠤᠭ᠎ᠠ ᠳ᠋ᠠᠬᠢ ᠪᠠᠭᠰᠢ ᠶ᠋ᠢᠨ ᠰᠤᠷᠭᠠᠭᠤᠯᠢ ᠠ᠋ᠴᠠ ᠲᠡᠭᠦᠰᠴᠦ᠂1988 ᠣᠨ ᠳ᠋ᠤ᠌ ᠥᠪᠥᠷ ᠮᠣᠩᠭᠣᠯ ᠤ᠋ᠨ ᠦᠨᠳᠦᠰᠦᠲᠡᠨ ᠦ᠌ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠵᠠᠬᠢᠳᠠᠯ ᠢ᠋ᠶ᠋ᠠᠷ ᠰᠤᠷᠭᠠᠬᠤ ᠵᠢᠩᠬᠢᠨᠢ ᠠᠩᠭᠢ ᠠ᠋ᠴᠠ ᠲᠡᠭᠦᠰᠴᠡᠢ᠂ ᠳᠤᠮᠳᠠᠳᠤ ᠰᠤᠷᠭᠠᠭᠤᠯᠢ ᠶ᠋ᠢᠨ ᠳᠡᠭᠡᠳᠦ ᠳᠡᠰ ᠦ᠋ᠨ ᠪᠠᠭᠰᠢ᠂ ᠭᠠᠨᠵᠤᠭ᠎ᠠ ᠨᠢᠭᠡᠳᠦᠭᠡᠷ ᠳᠤᠮᠳᠠᠳᠤ ᠰᠤᠷᠭᠠᠭᠤᠯᠢ ᠳ᠋ᠤ᠌ ᠪᠠᠭᠰᠢᠯᠠᠵᠤ ᠪᠠᠢᠵᠠᠢ᠃ ᠣᠢᠷ᠎ᠠ ᠶ᠋ᠢᠨ ᠬᠡᠳᠦᠨ ᠵᠢᠯ ᠳ᠋ᠦ᠍ ᠮᠣᠩᠭᠣᠯ ᠤᠷᠠᠨ ᠪᠢᠴᠢᠯᠭᠡ ᠳ᠋ᠦ᠍ ᠮᠠᠰᠢ ᠪᠠᠬ᠎ᠠ ᠲᠠᠢ ᠪᠣᠯᠵᠤ᠂ ᠬᠠᠯᠠᠰᠢᠷᠠᠯ ᠦᠭᠡᠢ ᠪᠢᠴᠢᠵᠦ ᠪᠣᠯᠪᠠᠰᠤᠷᠠᠨ ᠬᠤᠰᠢᠭᠤᠨ ᠳᠡᠰ ᠦ᠋ᠨ ᠤᠷᠤᠯᠳᠤᠭᠠᠨ ᠳ᠋ᠤ᠌ ᠬᠡᠳᠦᠨ ᠤᠳᠠᠭᠠᠨ ᠤ᠋ ᠰᠢᠯᠢᠳᠡᠭ ᠱᠠᠩᠨᠠᠯ ᠢ ᠲᠣᠰᠴᠤ ᠪᠠᠰᠠ ᠣᠯᠠᠨ ᠤᠳᠠᠭᠠᠨ ᠤ᠋ ᠤᠷᠠᠨ ᠪᠢᠴᠢᠯᠭᠡ ᠶ᠋ᠢᠨ ᠦᠵᠡᠭᠦᠯᠦᠯᠭᠡ ᠳ᠋ᠦ᠍ ᠣᠷᠣᠯᠴᠠᠵᠤ ᠥᠩᠭᠡᠷᠡᠪᠡ᠃ ᠲᠡᠭᠦᠨ ᠦ᠌ ᠤᠷᠠᠨ ᠪᠢᠴᠢᠯᠭᠡ ᠶ᠋ᠢᠨ ᠨᠢᠭᠡ ᠯᠡ ᠪᠦᠲᠦᠭᠡᠯ ᠢ᠋ 7 ᠲᠦᠮᠡᠨ ᠵᠣᠭᠣᠰ ᠢ᠋ᠶ᠋ᠠᠷ ᠬᠤᠳᠠᠯᠳᠤᠨ ᠠᠪᠤᠭᠰᠠᠨ ᠠᠵᠤ ᠠᠬᠤᠢᠯᠠᠯᠲᠠᠨ ᠪᠠᠢᠭᠰᠠᠨ ᠳ᠋ᠠᠭ᠃ ᠣᠳᠣᠬᠠᠨ ᠳ᠋ᠠᠭᠠᠨ ᠠᠯᠪᠠᠨ ᠠᠵᠢᠯ ᠡᠴᠡ ᠪᠡᠨ ᠠᠮᠠᠷᠠᠭᠠᠳ ᠡᠷᠲᠡᠨ ᠦ᠌ ᠨᠣᠮ ᠰᠤᠳᠤᠷ ᠢ ᠰᠢᠨᠡᠳᠬᠡᠨ ᠬᠠᠭᠤᠯᠤᠨ ᠪᠢᠴᠢᠭᠯᠡᠬᠦ ᠠᠵᠢᠯᠯᠠᠭᠠᠨ ᠳ᠋ᠤ᠌ ᠢᠳᠡᠪᠬᠢᠲᠡᠢ ᠣᠷᠣᠯᠴᠠᠵᠤ ᠴᠢᠷᠮᠠᠢᠨ ᠵᠢᠳᠬᠦᠵᠦ ᠶᠠᠪᠤᠭ᠎ᠠ ᠰᠣᠶᠣᠯ ᠤ᠋ᠨ ᠨᠢᠭᠡᠨ ᠵᠢᠳᠬᠦᠯᠲᠡᠨ ᠪᠣᠯᠤᠨ᠎ᠠ᠃