ᠦᠷᠡᠯᠡᠴᠢ ᠡᠪᠡᠰᠦҮрлэчи өвсÜrlechi övs
ᠦᠷᠡᠯᠡᠴᠢ ᠡᠪᠡᠰᠦ
ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠦᠷᠡᠯᠡᠴᠢ ᠡᠪᠡᠰᠦ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠶᠦᠮᠦᠳ᠋ᠸᠵᠢᠨ᠂ ᠰᠤᠭᠤᠨ ᠡᠮ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠦᠨᠳᠦᠰᠦ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠂15~20cm
ᠥᠨᠳᠥᠷ᠃ ᠶᠡᠷᠦ ᠳ᠋ᠡᠭᠡᠨ ᠳᠡᠭᠡᠷ᠎ᠡ ᠬᠡᠰᠡᠭ ᠲᠡᠭᠡᠨ ᠰᠠᠯᠠᠭᠠᠯᠠᠨ᠎ᠠ᠂ ᠣᠬᠣᠷ ᠵᠥᠭᠡᠯᠡᠨ ᠦᠰᠦ ᠪᠠ ᠪᠤᠯᠴᠢᠷᠬᠠᠢ ᠦᠰᠦ ᠲᠡᠢ᠂ ᠤᠵᠠᠭᠤᠷ ᠠ᠋ᠴᠠ ᠤᠷᠭᠤᠭᠰᠠᠨ ᠬᠣᠶᠠᠷ ᠤᠳᠠᠭ᠎ᠠ ᠭᠤᠷᠪᠠᠯᠠᠭᠰᠠᠨ ᠨᠡᠢᠯᠡᠮᠡᠯ ᠨᠠᠪᠴᠢ ᠲᠠᠢ᠂ ᠵᠢᠵᠢᠭ ᠨᠠᠪᠴᠢ ᠨᠢ ᠱᠠᠭᠠᠨᠲᠠᠭ ᠰᠢᠭ᠋᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂1.5~3cm ᠤᠷᠲᠤ᠂3 ᠣᠨᠢ ᠲᠠᠢ᠂ ᠰᠡᠵᠢᠭᠦᠷ ᠢᠯᠲᠠᠰᠤ ᠨᠢ ᠶᠡᠷᠦ ᠳ᠋ᠡᠭᠡᠨ2~3 ᠲᠣᠭᠣᠷᠢᠭ ᠬᠡᠷᠴᠢᠶᠡᠰᠦ ᠲᠡᠢ᠂ ᠠᠷᠤ ᠳ᠋ᠤᠨᠢ ᠲᠠᠷᠠᠮᠠᠭ ᠣᠬᠣᠷ ᠵᠥᠭᠡᠯᠡᠨ ᠦᠰᠦ ᠲᠡᠢ ᠪᠤᠶᠤ ᠪᠠᠷᠤᠭ ᠦᠰᠦ ᠦᠭᠡᠢ᠃ ᠨᠠᠪᠴᠢᠨ ᠪᠠᠷᠢᠭᠤᠯ ᠨᠢ18cm ᠬᠦᠷᠳᠡᠭ᠂ ᠡᠰᠢᠨ ᠳ᠋ᠡᠬᠢ ᠨᠠᠪᠴᠢ ᠨᠢ ᠨᠡᠯᠢᠶᠡᠳ ᠵᠢᠵᠢᠭ᠃ ᠪᠠᠭ ᠴᠡᠴᠡᠭ ᠨᠢ3~7 ᠴᠡᠴᠡᠭ ᠲᠡᠢ᠃ ᠴᠡᠴᠡᠭ ᠦ᠋ᠨ ᠪᠠᠷᠢᠭᠤᠯ ᠨᠢ2~7cm ᠤᠷᠲᠤ᠃ ᠴᠡᠴᠡᠭ ᠦ᠋ᠨ ᠲᠣᠭᠳᠣᠢ ᠢᠯᠲᠠᠰᠤ ᠨᠢ5᠂ ᠰᠢᠷᠠᠩᠭᠤᠢ ᠨᠣᠭᠣᠭᠠᠨ ᠥᠩᠭᠡ ᠲᠡᠢ᠂1.2~1.8cm ᠤᠷᠲᠤ᠂ ᠥᠨᠳᠡᠭᠡᠯᠵᠢᠨ ᠬᠡᠯᠪᠡᠷᠢ ᠲᠡᠢ᠂ ᠭᠠᠳᠠᠷ ᠨᠢ ᠵᠥᠭᠡᠯᠡᠨ ᠦᠰᠦ ᠲᠡᠢ᠃ ᠴᠡᠴᠡᠭ ᠦ᠋ᠨ ᠬᠡᠯᠲᠡᠰ ᠨᠢ5᠂ ᠰᠢᠷᠠᠩᠭᠤᠢ ᠨᠣᠭᠣᠭᠠᠨ᠂ ᠬᠡᠯᠲᠡᠰ ᠦ᠋ᠨ ᠦᠵᠦᠭᠦᠷ ᠨᠢ ᠲᠡᠭᠰᠢᠷᠡᠮᠡᠭ᠂ ᠳᠠᠷᠠᠪᠴᠢ ᠨᠢ1.2~1.8cm ᠤᠷᠲᠤ᠂ ᠰᠢᠯᠤᠭᠤᠨ ᠪᠤᠶᠤ ᠵᠢᠭᠠᠬᠠᠨ ᠮᠤᠷᠤᠢ᠃ ᠡᠷ᠎ᠡ ᠲᠣᠭᠣᠷᠴᠣᠭ ᠨᠢ ᠰᠤᠨᠵᠤ ᠭᠠᠷᠤᠨ᠎ᠠ᠂ ᠣᠯᠠᠨ ᠲᠣᠭ᠎ᠠ ᠲᠠᠢ᠂ ᠤᠷᠲᠤ ᠨᠢ2cm ᠬᠦᠷᠳᠡᠭ᠂ ᠳᠣᠷᠣᠢᠲᠠᠭᠰᠠᠨ ᠡᠷ᠎ᠡ ᠲᠣᠭᠣᠷᠴᠣᠭ ᠨᠢ ᠬᠠᠯᠢᠰᠤᠯᠢᠭ᠃ ᠤᠮᠠᠢ ᠳᠡᠭᠡᠷ᠎ᠡ ᠨᠢ ᠢᠬᠴᠤ ᠪᠤᠯᠴᠢᠷᠬᠠᠢ ᠦᠰᠦ ᠲᠡᠢ᠂ ᠴᠡᠴᠡᠭ ᠦ᠋ᠨ ᠪᠠᠭᠠᠨ᠎ᠠ ᠪᠣᠯᠤᠨ ᠤᠮᠠᠢ ᠨᠢ ᠪᠠᠷᠤᠭ ᠲᠡᠩᠴᠡᠭᠦᠦ ᠤᠷᠲᠤ᠃5~6 ᠳ᠋ᠤᠭᠠᠷ ᠰᠠᠷ᠎ᠠ ᠳ᠋ᠤ᠌ ᠴᠡᠴᠡᠭᠯᠡᠵᠦ᠂7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠭᠠᠵᠠᠷ ᠤ᠋ᠨ ᠵᠠᠮ ᠤ᠋ᠨ ᠬᠠᠵᠠᠭᠤ᠂ ᠰᠡᠢᠷᠡᠭ ᠣᠢ ᠳᠣᠲᠣᠷ᠎ᠠ ᠪᠤᠶᠤ ᠭᠣᠣᠯ ᠤ᠋ᠨ ᠬᠥᠪᠡᠭᠡ ᠶ᠋ᠢᠨ ᠴᠢᠭᠢᠭᠯᠢᠭ ᠭᠠᠵᠠᠷ ᠲᠤ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠱᠠᠨ ᠰᠢ᠂ ᠪᠠᠷᠠᠭᠤᠨ ᠬᠣᠢᠲᠤ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ ᠲᠡᠭᠦᠵᠦ ᠰᠢᠪᠡᠷ ᠰᠢᠷᠣᠢ ᠶ᠋ᠢ ᠨᠢ ᠴᠡᠪᠡᠷᠯᠡᠵᠦ᠂ ᠬᠣᠯᠢᠮᠠᠭ ᠵᠦᠢᠯ ᠢ᠋ ᠨᠢ ᠠᠷᠢᠯᠭᠠᠭᠠᠳ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ; ᠰᠡᠷᠢᠭᠦᠨ ᠴᠢᠨᠠᠷ ᠲᠠᠢ; ᠬᠥᠯᠪᠡᠷᠢᠭᠦᠨ᠂ ᠬᠦᠨᠳᠦ᠂ ᠰᠢᠩᠭᠡᠨ᠂ ᠰᠢᠷᠦᠭᠦᠨ᠂ ᠬᠤᠷᠴᠠ ᠡᠷᠳᠡᠮ ᠲᠡᠢ; ᠬᠣᠣᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠠᠷ᠎ᠠ ᠶ᠋ᠢᠨ ᠭᠬᠢᠷ ᠢ᠋ ᠢᠷᠡᠭᠦᠯᠬᠦ᠂ ᠬᠣᠢᠲᠤᠬᠢ ᠰᠠᠭᠠᠲᠠᠭᠰᠠᠨ ᠢ᠋ ᠭᠠᠷᠭᠠᠬᠤ᠂ ᠬᠥᠩᠭᠡᠵᠢᠬᠦ ᠶ᠋ᠢ ᠲᠦᠷᠭᠡᠳᠬᠡᠬᠦ᠂ ᠰᠢᠷᠬ᠎ᠠ ᠶ᠋ᠢ ᠠᠨᠠᠭᠠᠬᠤ᠂ ᠰᠢᠷ᠎ᠠ ᠤᠰᠤ ᠶ᠋ᠢ ᠬᠠᠲᠠᠭᠠᠬᠤ᠂ ᠡᠪᠡᠳᠬᠦ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠤᠮᠠᠢ ᠶ᠋ᠢᠨ ᠭᠡᠮ᠂ ᠬᠣᠢᠲᠤᠬᠢ ᠰᠠᠭᠠᠲᠠᠭᠰᠠᠨ᠂ ᠬᠡᠪᠡᠯᠢ ᠳ᠋ᠡᠭᠡᠨ ᠦᠬᠦᠭᠰᠡᠨ ᠬᠡᠦᠬᠡᠳ ᠢ᠋ ᠭᠠᠷᠭᠠᠬᠤ᠂ ᠦᠭᠡᠷᠢᠯᠡᠭᠰᠡᠨ ᠰᠢᠷᠬ᠎ᠠ᠂ ᠮᠡᠰᠡ ᠶ᠋ᠢᠨ ᠰᠢᠷᠬ᠎ᠠ᠂ ᠶᠠᠰᠤ ᠪᠡᠷᠲᠡᠭᠰᠡᠨ᠂ ᠰᠤᠳᠠᠯ ᠲᠠᠰᠤᠷᠠᠭᠰᠠᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄耧斗菜
ᠠᠩᠭ᠌ᠯᠢ ᠨᠡᠷ᠎ᠡ᠄Aquilegia viridiflora Pall.
ᠦᠰᠦᠭ ᠠᠮᠢᠯᠠᠭᠤᠯᠤᠭᠴᠢ᠄ ᠴᠡᠪᠡᠷᠴᠡᠴᠡᠭ
