ᠨᠠᠪᠴᠢᠷᠬᠠᠭ ᠣᠷᠲᠤᠤᠵᠠНавчирхаг ортуузNavchirkhag ortuuz
ᠨᠠᠪᠴᠢᠷᠬᠠᠭ ᠣᠷᠲᠤᠤᠵᠠ
ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠨᠠᠪᠴᠢᠷᠬᠠᠭ ᠣᠷᠲᠤᠤᠵᠠ ᠶ᠋ᠢᠨ ᠴᠡᠴᠡᠭ ᠪᠦᠬᠦᠢ ᠬᠥᠷᠥᠰᠥᠨ ᠳᠡᠭᠡᠷᠡᠬᠢ ᠬᠡᠰᠡᠭ ᠮᠥᠨ᠃ ᠪᠠᠰᠠ ᠳ᠋ᠠᠭᠱᠠᠭᠠᠷᠪᠤ᠂ ᠪᠣᠭᠣᠮ᠎ᠠ ᠶ᠋ᠢᠨ ᠬᠣᠣᠷ᠂ ᠨᠢᠶᠠᠨ ᠤ᠋ ᠬᠣᠣᠷ᠂ ᠣᠯᠠᠨᠴᠢ ᠣᠷᠲᠤᠤᠵᠠ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃20~30cmu ᠥᠨᠳᠥᠷ᠂ ᠭᠣᠣᠯ ᠦᠨᠳᠦᠰᠦ ᠨᠢ ᠲᠤᠷᠤᠭ ᠪᠦᠳᠦᠭᠦᠨ᠂ ᠭᠦᠨ ᠤᠷᠲᠤ ᠦᠨᠳᠦᠰᠦᠯᠡᠨ᠎ᠡ᠃ ᠬᠥᠷᠥᠰᠥᠨ ᠳᠡᠭᠡᠷ᠎ᠡ ᠨᠢ ᠡᠰᠢ ᠦᠭᠡᠢ ᠪᠤᠶᠤ ᠡᠰᠢ ᠨᠢ ᠮᠠᠰᠢ ᠣᠬᠣᠷ᠃ ᠲᠣᠰᠬᠣᠭᠤᠷ ᠨᠠᠪᠴᠢ ᠨᠢ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂ ᠰᠠᠷᠢᠰᠤᠯᠢᠭ᠂ ᠳᠣᠣᠷ᠎ᠠ ᠬᠡᠰᠡᠭ ᠨᠢ ᠨᠠᠪᠴᠢᠨ ᠪᠠᠷᠢᠭᠤᠯ ᠲᠠᠢ ᠪᠠᠨ ᠨᠡᠢᠯᠡᠨ᠎ᠡ᠂ ᠢᠬᠴᠤ ᠰᠢᠷ᠎ᠠ ᠥᠩᠭᠡᠲᠦ ᠤᠷᠲᠤ ᠵᠥᠭᠡᠯᠡᠨ ᠦᠰᠦ ᠲᠡᠢ᠂ ᠳᠤᠭᠤᠢᠷᠠᠨ ᠤᠷᠭᠤᠭᠰᠠᠨ ᠵᠢᠵᠢᠭ ᠨᠠᠪᠴᠢ ᠨᠤᠭᠤᠳ ᠢ᠋ᠶ᠋ᠠᠷ ᠪᠦᠷᠢᠯᠳᠦᠭᠰᠡᠨ ᠨᠡᠢᠯᠡᠮᠡᠯ ᠨᠠᠪᠴᠢ ᠲᠠᠢ᠂10~20cm ᠤᠷᠲᠤ᠂ ᠶᠡᠷᠦ ᠳ᠋ᠡᠭᠡᠨ25~32cm᠂ ᠮᠥᠷ ᠪᠦᠷᠢ ᠳ᠋ᠦ᠍ ᠵᠢᠵᠢᠭ ᠨᠠᠪᠴᠢ ᠨᠢ6~8 ᠢᠯᠲᠠᠰᠤ ᠪᠣᠢ᠂ ᠵᠢᠵᠢᠭ ᠨᠠᠪᠴᠢᠨ ᠢᠯᠲᠠᠰᠤ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂3~10mm ᠤᠷᠲᠤ᠂0.5~1.5mm ᠥᠷᠭᠡᠨ᠂ ᠱᠤᠪᠲᠤᠭᠤᠷ ᠦᠵᠦᠭᠦᠷ ᠲᠡᠢ᠂ ᠬᠠᠲᠠᠪᠠᠯ ᠬᠥᠪᠡᠭᠡ ᠨᠢ ᠮᠠᠲᠠᠷᠢᠨ᠎ᠠ᠂ ᠬᠣᠶᠠᠷ ᠲᠠᠯ᠎ᠠ ᠳ᠋ᠤᠨᠢ ᠢᠬᠴᠤ ᠤᠷᠲᠤ ᠵᠥᠭᠡᠯᠡᠨ ᠦᠰᠦ ᠲᠡᠢ᠃ ᠴᠡᠴᠡᠭ ᠦ᠋ᠨ ᠶᠡᠷᠦᠩᠬᠡᠢ ᠪᠠᠭᠯᠠᠭᠴᠢ ᠨᠢ ᠨᠠᠪᠴᠢ ᠠ᠋ᠴᠠ ᠪᠠᠨ ᠤᠷᠲᠤ ᠪᠤᠶᠤ ᠲᠡᠩᠴᠡᠭᠦᠦ ᠤᠷᠲᠤ᠂ ᠲᠠᠷᠠᠮᠠᠭ ᠪᠤᠶᠤ ᠢᠬᠴᠤ ᠤᠷᠲᠤ ᠵᠥᠭᠡᠯᠡᠨ ᠦᠰᠦ ᠲᠡᠢ᠂ ᠴᠠᠴᠤᠭ ᠬᠡᠯᠪᠡᠷᠢᠲᠦ ᠪᠠᠭ ᠴᠡᠴᠡᠭ ᠨᠢ ᠠᠷᠪᠠᠭᠠᠳ ᠬᠦᠢᠰ ᠪᠠᠭ ᠴᠡᠴᠡᠭ ᠲᠡᠢ᠂ ᠭᠦᠢᠬᠡᠨ ᠤᠯᠠᠭᠠᠨ ᠪᠣᠷᠣ ᠥᠩᠭᠡ ᠲᠡᠢ᠂20~25mm ᠤᠷᠲᠤ᠂ ᠴᠡᠴᠡᠭ ᠦ᠋ᠨ ᠪᠠᠷᠢᠭᠤᠯ ᠨᠢ ᠮᠠᠰᠢ ᠣᠬᠣᠷ ᠪᠤᠶᠤ ᠪᠠᠷᠢᠭᠤᠯ ᠦᠭᠡᠢ᠂ ᠪᠠᠭᠯᠠᠭᠴᠢ ᠢᠯᠲᠠᠰᠤ ᠨᠢ ᠬᠠᠪᠲᠠᠭᠠᠢ ᠲᠡᠪᠡᠨᠡ ᠬᠡᠯᠪᠡᠷᠢ ᠲᠡᠢ᠂ ᠲᠣᠭᠳᠣᠢ ᠠ᠋ᠴᠠ ᠪᠠᠨ ᠣᠬᠣᠷ᠂ ᠲᠣᠭᠳᠣᠢ ᠨᠢ ᠬᠣᠭᠣᠯᠠᠢ ᠬᠡᠯᠪᠡᠷᠢ ᠲᠡᠢ᠂8~12mm ᠤᠷᠲᠤ᠂3~4mm ᠥᠷᠭᠡᠨ᠂ ᠲᠣᠭᠳᠣᠢ ᠶ᠋ᠢᠨ ᠠᠷᠠᠭ᠎ᠠ ᠨᠢ ᠪᠦᠰᠡ ᠬᠡᠯᠪᠡᠷᠢ ᠲᠡᠢ᠂2~4mm ᠤᠷᠲᠤ᠂ ᠪᠠᠭᠯᠠᠭᠴᠢ ᠪᠠ ᠲᠣᠭᠳᠣᠢ ᠳᠡᠭᠡᠷ᠎ᠡ ᠨᠢ ᠪᠦᠷ ᠢᠬᠴᠤ ᠤᠷᠲᠤ ᠵᠥᠭᠡᠯᠡᠨ ᠦᠰᠦ ᠲᠡᠢ᠂ ᠳᠠᠯᠪᠠᠭ᠎ᠠ ᠬᠡᠯᠲᠡᠰ ᠨᠢ ᠲᠡᠭᠰᠢ ᠲᠣᠭᠣᠷᠢᠭ ᠬᠡᠯᠪᠡᠷᠢ ᠲᠡᠢ᠂ ᠣᠷᠣᠢ ᠨᠢ ᠲᠣᠭᠣᠷᠢᠭ ᠪᠤᠶᠤ ᠵᠢᠭᠠᠬᠠᠨ ᠬᠣᠲᠣᠭᠣᠷ᠂ ᠤᠭ ᠨᠢ ᠱᠤᠪᠲᠤᠢᠨᠠ᠃ ᠰᠡᠯᠢᠭᠦᠷ ᠬᠡᠯᠲᠡᠰ ᠨᠢ ᠳᠠᠯᠪᠠᠭ᠎ᠠ ᠬᠡᠯᠲᠡᠰ ᠡᠴᠡ ᠪᠡᠨ ᠵᠢᠭᠠᠬᠠᠨ ᠣᠬᠣᠷ᠂ ᠵᠠᠪᠢ ᠬᠡᠯᠲᠡᠰ ᠨᠢ ᠰᠡᠯᠢᠭᠦᠷ ᠬᠡᠯᠲᠡᠰ ᠡᠴᠡ ᠪᠡᠨ ᠣᠬᠣᠷ᠂ ᠣᠷᠣᠢ ᠳ᠋ᠤᠨᠢ2~3mm ᠤᠷᠲᠤ ᠬᠣᠰᠢᠭᠤ ᠲᠠᠢ᠃ ᠤᠮᠠᠢ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠃ ᠪᠤᠷᠴᠠᠭ ᠵᠢᠮᠢᠰ ᠨᠢ ᠬᠠᠪᠲᠠᠭᠠᠢ ᠲᠡᠪᠡᠨᠡᠯᠢᠭ ᠲᠡᠭᠰᠢ ᠲᠣᠭᠣᠷᠢᠭ ᠬᠡᠯᠪᠡᠷᠢ ᠲᠡᠢ᠂15mm ᠣᠷᠴᠢᠮ ᠤᠷᠲᠤ᠂5mm ᠣᠷᠴᠢᠮ ᠥᠷᠭᠡᠨ᠂ ᠦᠵᠦᠭᠦᠷ ᠲᠤᠨᠢ5~7mm ᠤᠷᠲᠤ ᠱᠣᠪᠬᠣ ᠬᠣᠰᠢᠭᠤ ᠲᠠᠢ᠂ ᠭᠠᠳᠠᠷ ᠨᠢ ᠢᠬᠴᠤ ᠪᠦᠷᠬᠦᠭᠰᠡᠨ ᠤᠷᠲᠤ ᠵᠥᠭᠡᠯᠡᠨ ᠦᠰᠦ ᠲᠡᠢ᠂ ᠳᠣᠲᠣᠷ᠎ᠠ ᠨᠢ ᠵᠢᠭᠠᠬᠠᠨ ᠵᠤᠵᠠᠭᠠᠨ ᠰᠢᠭ᠋ ᠬᠠᠭᠤᠷᠮᠠᠭ ᠥᠷᠥᠴᠡ ᠲᠡᠢ᠂ ᠪᠦᠷᠢᠨ ᠪᠤᠰᠤ2 ᠲᠠᠰᠤᠭ ᠪᠣᠯᠳᠠᠭ᠃6~7 ᠳ᠋ᠤᠭᠠᠷ ᠰᠠᠷ᠎ᠠ ᠳ᠋ᠤ᠌ ᠴᠡᠴᠡᠭᠯᠡᠵᠦ᠂7~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠬᠥᠳᠡᠭᠡ ᠲᠠᠯ᠎ᠠ᠂ ᠳᠣᠪᠣ ᠭᠠᠵᠠᠷ᠂ ᠬᠠᠳᠠᠮᠠᠯ ᠭᠣᠣᠯ ᠤ᠋ᠨ ᠳᠠᠩ᠂ ᠡᠯᠡᠰᠦᠷᠬᠡᠭ ᠭᠠᠵᠠᠷ ᠬᠢᠭᠡᠳ ᠬᠠᠢᠷ ᠴᠢᠯᠠᠭᠤᠲᠤ ᠠᠭᠤᠯᠠ ᠶ᠋ᠢᠨ ᠬᠠᠵᠠᠭᠤ ᠪᠠᠷ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ]5~7 ᠳ᠋ᠤᠭᠠᠷ ᠰᠠᠷ᠎ᠠ ᠳ᠋ᠤ᠌ ᠴᠡᠴᠡᠭᠯᠡᠭᠰᠡᠨ ᠬᠥᠷᠥᠰᠥᠨ ᠳᠡᠭᠡᠷᠡᠬᠢ ᠬᠡᠰᠡᠭ ᠢ᠋ ᠨᠢ ᠬᠠᠳᠤᠵᠤ ᠠᠪᠤᠭᠠᠳ᠂ ᠬᠣᠯᠢᠮᠠᠭ ᠵᠦᠢᠯ ᠢ᠋ ᠨᠢ ᠠᠷᠢᠯᠭᠠᠵᠤ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ᠂ ᠠᠮᠲᠠᠯᠢᠭ ᠠᠮᠲᠠ ᠲᠠᠢ; ᠰᠡᠷᠢᠭᠦᠨ ᠴᠢᠨᠠᠷ ᠲᠠᠢ; ᠮᠣᠬᠣᠳᠠᠭ᠂ ᠬᠥᠩᠭᠡᠨ᠂ ᠰᠢᠷᠦᠭᠦᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠨᠢᠶᠠᠨ ᠢ᠋ ᠨᠢᠲᠤᠯᠬᠤ᠂ ᠬᠠᠯᠠᠭᠤᠨ ᠢ᠋ ᠠᠷᠢᠯᠭᠠᠬᠤ᠂ ᠰᠢᠷ᠎ᠠ ᠤᠰᠤ ᠶ᠋ᠢ ᠬᠠᠲᠠᠭᠠᠬᠤ᠂ ᠰᠢᠷᠬ᠎ᠠ ᠶ᠋ᠢ ᠠᠨᠠᠭᠠᠬᠤ᠂ ᠰᠢᠨ᠎ᠡ ᠮᠢᠬ᠎ᠠ ᠲᠥᠷᠥᠭᠦᠯᠬᠦ᠂ ᠰᠤᠳᠠᠯ ᠤ᠋ᠨ ᠰᠦᠪᠡ ᠶ᠋ᠢ ᠪᠣᠭᠣᠬᠤ᠂ ᠴᠢᠰᠤ ᠶ᠋ᠢ ᠵᠣᠭᠰᠣᠭᠠᠬᠤ᠂ ᠬᠠᠪᠤᠳᠠᠷ ᠢ᠋ ᠬᠠᠷᠢᠭᠤᠯᠬᠤ᠂ ᠬᠣᠷᠭᠣᠰᠣ ᠶ᠋ᠢ ᠵᠥᠭᠡᠯᠡᠷᠡᠭᠦᠯᠬᠦ ᠴᠢᠳᠠᠯ ᠲᠠᠢ᠃ ᠭᠣᠣᠯᠳᠠᠭᠤ ᠨᠢᠶᠠᠨ ᠬᠢᠵᠢᠭ᠂ ᠰᠤᠳᠠᠯ ᠭᠡᠮᠲᠦᠭᠰᠡᠨ᠂ ᠰᠢᠨ᠎ᠡ ᠪᠠ ᠬᠠᠭᠤᠴᠢᠷᠠᠭᠰᠠᠨ ᠰᠢᠷᠬ᠎ᠠ᠂ ᠲᠤᠯᠠᠢ᠂ ᠬᠡᠷᠦᠬᠦ᠂ ᠰᠢᠷ᠎ᠠ ᠤᠰᠤᠨ ᠡᠪᠡᠳᠴᠢᠨ᠂ ᠡᠯ᠎ᠡ ᠵᠦᠢᠯ ᠦ᠋ᠨ ᠴᠢᠰᠤ ᠭᠠᠷᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄多叶棘豆
ᠠᠩᠭ᠌ᠯᠢ ᠨᠡᠷ᠎ᠡ᠄Oxytropis myriophylla (Pall.) DC.
ᠦᠰᠦᠭ ᠠᠮᠢᠯᠠᠭᠤᠯᠤᠭᠴᠢ᠄ ᠴᠡᠪᠡᠷᠴᠡᠴᠡᠭ
ᠬᠢᠨᠠᠭᠴᠢ᠄ ᠣᠶᠤᠨᠴᠢᠮᠡᠭ
