ᠨᠠᠮᠤᠭ ᠤ᠋ᠨ ᠬᠡᠴᠡ ᠴᠡᠴᠡᠭНамгийн хэц цэцэгNamgiin khets tsetseg
ᠨᠠᠮᠤᠭ ᠤ᠋ᠨ ᠬᠡᠴᠡ ᠴᠡᠴᠡᠭ
ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠨᠠᠮᠤᠭ ᠤ᠋ᠨ ᠬᠡᠴᠡ ᠴᠡᠴᠡᠭ ᠦ᠋ᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠴᠥ᠋ᠷᠥ᠋ᠭ᠌ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃3~12cm ᠥᠨᠳᠥᠷ᠂ ᠮᠥᠯᠬᠥᠭᠡ ᠡᠰᠢ ᠨᠢ ᠨᠠᠷᠢᠨ ᠤᠷᠲᠤ᠂ ᠦᠶ᠎ᠡ ᠡᠴᠡ ᠨᠢ ᠦᠨᠳᠦᠰᠦ ᠪᠠ ᠨᠠᠪᠴᠢ ᠤᠷᠭᠤᠳᠠᠭ᠃ ᠨᠠᠪᠴᠢ ᠨᠢ ᠪᠦᠬᠦᠨ ᠢ᠋ᠶ᠋ᠡᠷ ᠢ᠋ᠶ᠋ᠡᠨ ᠤᠵᠠᠭᠤᠷ ᠠ᠋ᠴᠠ ᠪᠠᠨ ᠤᠷᠭᠤᠨ᠎ᠠ᠃ ᠤᠷᠲᠤ ᠪᠠᠷᠢᠭᠤᠯ ᠲᠠᠢ᠂ ᠪᠠᠷᠢᠭᠤᠯ ᠤ᠋ᠨ ᠤᠷᠲᠤ ᠨᠢ10cm ᠬᠦᠷᠳᠡᠭ᠂ ᠤᠭ ᠤ᠋ᠨ ᠬᠡᠰᠡᠭ ᠨᠢ ᠥᠷᠭᠡᠵᠢᠭᠡᠳ ᠲᠣᠭᠳᠣᠢ ᠰᠢᠭ᠋ ᠪᠣᠯᠳᠠᠭ᠃ ᠨᠠᠪᠴᠢᠨ ᠢᠯᠲᠠᠰᠤ ᠨᠢ ᠪᠥᠭᠡᠷᠡᠨ ᠬᠡᠯᠪᠡᠷᠢ᠂ ᠥᠷᠭᠡᠨ ᠥᠨᠳᠡᠭᠡᠯᠵᠢᠨ ᠬᠡᠯᠪᠡᠷᠢ ᠲᠡᠢ᠂ ᠲᠡᠭᠰᠢ ᠪᠤᠶᠤ ᠵᠢᠭᠠᠬᠠᠨ ᠵᠢᠷᠦᠬᠡᠨ ᠬᠡᠯᠪᠡᠷᠢᠲᠦ ᠤᠭ ᠲᠠᠢ᠂ ᠦᠵᠦᠭᠦᠷ ᠨᠢ3 ᠪᠤᠶᠤ5 ᠭᠦᠢᠬᠡᠨ ᠣᠨᠢ ᠲᠠᠢ᠂ ᠤᠭ ᠠ᠋ᠴᠠ ᠭᠠᠷᠤᠭᠰᠠᠨ3 ᠵᠤᠷᠪᠤᠰ ᠰᠤᠳᠠᠯ ᠲᠠᠢ᠃ ᠴᠡᠴᠡᠭ ᠦ᠋ᠨ ᠡᠰᠢ ᠨᠢ4cm ᠬᠦᠷᠳᠡᠭ᠃ ᠴᠡᠴᠡᠭ ᠦ᠋ᠨ ᠬᠡᠯᠲᠡᠰ ᠨᠢ5᠂ ᠰᠢᠷ᠎ᠠ ᠥᠩᠭᠡ ᠲᠡᠢ᠂ ᠢᠪᠴᠤᠤ ᠵᠤᠤᠪᠠᠩ ᠬᠡᠯᠪᠡᠷᠢ ᠲᠡᠢ᠂ ᠤᠭ ᠤ᠋ᠨ ᠬᠡᠰᠡᠭ ᠲᠤᠨᠢ ᠰᠠᠪᠠᠷ ᠲᠠᠢ᠃ ᠲᠤᠷᠠᠩᠬᠠᠢ ᠵᠢᠮᠢᠰ ᠳᠡᠭᠡᠷ᠎ᠡ ᠨᠢ ᠭᠤᠯᠳᠤ ᠢᠷᠮᠡᠭ ᠲᠡᠢ᠂ ᠣᠷᠣᠢ ᠳ᠋ᠤᠨᠢ ᠣᠬᠣᠷ ᠬᠣᠱᠣᠣ ᠲᠠᠢ᠃5~7 ᠳ᠋ᠤᠭᠠᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠤᠰᠤᠨ ᠭᠣᠣ ᠶ᠋ᠢᠨ ᠬᠥᠪᠡᠭᠡ ᠶ᠋ᠢᠨ ᠴᠢᠭᠢᠭᠯᠢᠭ ᠭᠠᠵᠠᠷ᠂ ᠨᠠᠭᠤᠷ ᠤ᠋ᠨ ᠬᠥᠪᠡᠭᠡ ᠶ᠋ᠢᠨ ᠬᠤᠵᠢᠷᠯᠢᠭ ᠭᠠᠵᠠᠷ᠂ ᠨᠠᠮᠤᠭ ᠭᠠᠵᠠᠷ ᠳᠤ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ ᠵᠢᠴᠢ ᠱᠠᠨᠰᠢ᠂ ᠭᠠᠨᠰᠦ᠂ ᠬᠥᠬᠡᠨᠠᠭᠤᠷ᠂ ᠰᠢᠨᠵᠢᠶᠠᠩ᠂ ᠰᠧᠴᠤᠸᠠᠨ᠂ ᠲᠥᠪᠡᠳ ᠲᠦ᠍ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ]7~9 ᠳ᠋ᠦ᠍ᠭᠡᠷ ᠰᠠᠷ᠎ᠠ ᠳ᠋ᠤ᠌ ᠪᠦᠬᠦᠯᠢ ᠡᠪᠡᠰᠦ ᠶ᠋ᠢ ᠨᠢ ᠲᠡᠭᠦᠵᠦ᠂ ᠤᠬᠢᠶᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠥᠴᠦᠬᠡᠨ ᠠᠮᠲᠠᠯᠢᠭ᠂ ᠭᠤᠱᠤᠭᠤᠨ ᠠᠮᠲᠠ ᠲᠠᠢ᠃ ᠬᠦᠢᠲᠡᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠪᠦᠯᠡᠬᠡ ᠰᠢᠷᠪᠥᠰᠥ ᠶ᠋ᠢ ᠵᠠᠯᠭᠠᠬᠤ ᠴᠢᠳᠠᠯ ᠲᠠᠢ᠃ ᠭᠣᠣᠯᠳᠠᠭᠤ ᠭᠡᠳᠡᠰᠦᠨ ᠬᠠᠯᠠᠭᠤᠨ᠂ ᠰᠠᠭᠤᠯᠭᠠᠬᠤ᠂ ᠦᠶ᠎ᠡ ᠭᠡᠰᠢᠭᠦᠨ ᠦ᠌ ᠪᠦᠯᠡᠬᠡ ᠰᠢᠷᠪᠥᠰᠥ ᠡᠪᠡᠳᠬᠦ᠂ ᠶᠠᠰᠤᠨ ᠤ᠋ ᠬᠠᠯᠠᠭᠤᠨ᠂ ᠶᠠᠰᠤ ᠦᠶᠡᠰ ᠡᠪᠡᠳᠬᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄圆叶碱毛茛(水葫芦苗)
ᠠᠩᠭ᠌ᠯᠢ ᠨᠡᠷ᠎ᠡ᠄Helerpestes sarmentost (Adams) kom.
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠲᠤᠶᠠᠭ᠎ᠠ
