ᠪᠢᠯᠴᠠᠤᠲᠤ ᠳ᠋ᠢᠭᠳᠡБялцуут дэгдByaltsuut degd
ᠪᠢᠯᠴᠠᠤᠲᠤ ᠳ᠋ᠢᠭᠳᠡ
ᠲᠤᠰ ᠡᠮ ᠪᠣᠯ ᠵᠦᠯᠭᠡᠨ ᠴᠢᠮᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠪᠢᠯᠴᠠᠤᠲᠤ ᠳ᠋ᠢᠭᠳᠡ ᠶ᠋ᠢᠨ ᠴᠡᠴᠡᠭ ᠪᠦᠬᠦᠢ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠲᠡᠮᠦᠷ ᠳ᠋ᠢᠭᠳᠡ᠂ ᠵᠠᠭᠳᠢᠭ ᠭᠡᠳᠡᠭ᠃
[ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠂10~40cm ᠥᠨᠳᠥᠷ᠂ ᠡᠰᠢ ᠨᠢ ᠭᠠᠭᠴᠠᠭᠠᠷ ᠤᠷᠭᠤᠬᠤ ᠪᠤᠶᠤ ᠰᠠᠯᠠᠭᠠᠯᠠᠨ᠎ᠠ᠃ ᠳᠥᠷᠪᠡᠯᠵᠢᠨ᠂ ᠪᠣᠷᠣᠪᠲᠤᠷ ᠲᠤᠶᠠᠭ᠎ᠠ ᠲᠠᠢ᠃ ᠨᠠᠪᠴᠢ ᠨᠢ ᠪᠠᠷᠢᠭᠤᠯ ᠦᠭᠡᠢ᠂ ᠴᠢᠭᠲᠠᠯᠠᠨ ᠤᠷᠭᠤᠨ᠎ᠠ᠃ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂2~4cm ᠤᠷᠲᠤ᠂ ᠱᠣᠪᠲᠣᠭᠣᠷ ᠦᠵᠦᠭᠦᠷ ᠲᠡᠢ᠂ ᠢᠪᠴᠤᠤ ᠤᠭ ᠲᠠᠢ᠂ ᠪᠦᠲᠦᠨ ᠬᠥᠪᠡᠭᠡ ᠲᠡᠢ᠃ ᠱᠣᠷᠣᠯᠵᠢᠨ ᠰᠢᠭ᠋ ᠴᠣᠮᠬᠠᠨ ᠪᠠᠭ ᠴᠡᠴᠡᠭ ᠨᠢ ᠡᠰᠢᠨ ᠦ᠌ ᠣᠷᠣᠢ ᠪᠤᠶᠤ ᠨᠠᠪᠴᠢᠨ ᠰᠤᠭᠤ ᠳ᠋ᠤ᠌ ᠤᠷᠭᠤᠨ᠎ᠠ᠃ ᠰᠡᠵᠢᠭᠦᠷ ᠢᠯᠲᠠᠰᠤ ᠨᠢ5᠂ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠃ ᠴᠡᠴᠡᠭ ᠦ᠋ᠨ ᠳᠡᠯᠪᠢ ᠨᠢ ᠬᠥᠬᠡᠪᠲᠦᠷ ᠪᠣᠷᠣ ᠥᠩᠭᠡ ᠲᠡᠢ᠂ ᠳ᠋ᠢᠶᠠᠮᠧᠲ᠋ᠷ ᠨᠢ2cm ᠬᠦᠷᠳᠡᠭ᠂5 ᠭᠦᠨ ᠣᠨᠢ ᠲᠠᠢ᠂ ᠰᠠᠷᠪᠠᠢᠨ᠎ᠠ᠃ ᠰᠡᠵᠢᠭᠦᠷ ᠢᠯᠲᠠᠰᠤ ᠨᠢ ᠢᠪᠴᠤᠤ ᠥᠨᠳᠡᠭᠡᠯᠵᠢᠨ ᠬᠡᠯᠪᠡᠷᠢ ᠲᠡᠢ᠂ ᠳᠣᠲᠣᠷ᠎ᠠ ᠲᠠᠯ᠎ᠠ ᠶ᠋ᠢᠨ ᠤᠭ ᠤ᠋ᠨ ᠬᠡᠰᠡᠭ ᠲᠤᠨᠢ2 ᠪᠤᠯᠴᠢᠷᠬᠠᠢ ᠬᠣᠩᠭᠢᠯ ᠪᠣᠢ᠂ ᠪᠤᠯᠴᠢᠷᠬᠠᠢ ᠬᠣᠩᠭᠢᠯ ᠤ᠋ᠨ ᠬᠥᠪᠡᠭᠡ ᠳ᠋ᠡᠬᠢ ᠦᠰᠦ ᠨᠢ ᠪᠢᠯᠴᠠᠤᠯᠢᠭ ᠭᠦᠳᠦᠭᠦᠷ ᠲᠡᠢ᠃ ᠡᠷ᠎ᠡ ᠲᠣᠭᠣᠷᠴᠣᠭ ᠨᠢ5᠂ ᠲᠣᠭᠣᠰᠣᠪᠴᠢ ᠨᠢ ᠪᠦᠳᠡᠭᠢ ᠪᠣᠷᠣ ᠥᠩᠭᠡ ᠲᠡᠢ᠃ ᠬᠣᠩᠭᠣᠷᠴᠣᠭᠲᠤ ᠵᠢᠮᠢᠰ ᠨᠢ ᠵᠤᠤᠪᠠᠩ ᠬᠡᠯᠪᠡᠷᠢ ᠲᠡᠢ᠂ ᠨᠠᠮᠤᠷ ᠴᠡᠴᠡᠭᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ᠂ ᠲᠠᠯ᠎ᠠ ᠭᠠᠵᠠᠷ᠂ ᠣᠢ ᠶ᠋ᠢᠨ ᠬᠥᠪᠡᠭᠡ ᠪᠡᠷ ᠤᠷᠭᠤᠨ᠎ᠠ᠃ ᠵᠡᠭᠦᠨ ᠬᠣᠢᠲᠤ ᠣᠷᠣᠨ᠂ ᠾᠧᠨᠠᠨ᠂ ᠱᠠᠨᠳᠦ᠋ᠩ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠨᠠᠮᠤᠷ ᠴᠡᠴᠡᠭᠯᠡᠭᠰᠡᠨ ᠪᠦᠬᠦᠯᠢ ᠡᠪᠡᠰᠦ ᠶ᠋ᠢ ᠨᠢ ᠲᠡᠭᠦᠵᠦ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ; ᠬᠦᠢᠲᠡᠨ ᠴᠢᠨᠠᠷ ᠲᠠᠢ; ᠮᠣᠬᠣᠳᠠᠭ᠂ ᠰᠢᠷᠦᠭᠦᠨ᠂ ᠬᠥᠩᠭᠡᠨ᠂ ᠬᠠᠭᠤᠷᠠᠢ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ᠂ ᠰᠢᠷᠬ᠎ᠠ ᠶ᠋ᠢ ᠠᠨᠠᠭᠠᠬᠤ᠃ ᠬᠣᠳᠣᠭᠣᠳᠣ ᠶ᠋ᠢ ᠴᠢᠭᠢᠷᠠᠭᠵᠢᠭᠤᠯᠬᠤ ᠴᠢᠳᠠᠯ ᠲᠠᠢ᠃ ᠭᠣᠣᠯᠳᠠᠭᠤ ᠰᠢᠷ᠎ᠠ ᠶ᠋ᠢᠨ ᠬᠠᠯᠠᠭᠤᠨ᠂ ᠬᠢᠵᠢᠭ᠂ ᠨᠢᠳᠦ ᠪᠡᠶ᠎ᠡ ᠰᠢᠷᠠᠯᠠᠬᠤ᠂ ᠴᠤᠯᠤ ᠰᠠᠪᠠᠨ ᠤ᠋ ᠬᠠᠯᠠᠭᠤᠨ ᠢ᠋ ᠠᠷᠢᠯᠭᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 瘤毛獐牙菜
ᠠᠩᠭ᠌ᠯᠢ ᠨᠡᠷ᠎ᠡ᠄Swertia psendoichinensis Hara
ᠦᠰᠦᠭ ᠠᠮᠢᠯᠠᠭᠤᠯᠤᠭᠴᠢ᠄ ᠴᠡᠪᠡᠷᠴᠡᠴᠡᠭ
ᠬᠢᠨᠠᠭᠴᠢ᠄ ᠣᠶᠤᠨᠴᠢᠮᠡᠭ
