ᠪᠢᠯᠢᠭᠲᠦ ᠨᠠᠪᠴᠢБилигт навчBiligt navch ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠪᠢᠯᠢᠭᠲᠦ ᠨᠠᠪᠴᠢБилигт навчBiligt navch

ᠪᠢᠯᠢᠭᠲᠦ ᠨᠠᠪᠴᠢБилигт навчBiligt navch

2025-06-28

177

ᠪᠢᠯᠢᠭᠲᠦ ᠨᠠᠪᠴᠢ

    ᠲᠤᠰ ᠡᠮ ᠪᠣᠯ ᠤᠳᠠᠪᠠᠯ᠎ᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠪᠠᠭᠪᠠᠬᠠᠢ ᠴᠡᠴᠡᠭ ᠪᠤᠶᠤ ᠬᠤᠵᠢᠷᠰᠠᠭ ᠪᠠᠭᠪᠠᠬᠠᠢ ᠴᠡᠴᠡᠭ ᠦ᠋ᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠺᠦ᠋ᠷᠮᠦᠩ᠂ ᠸᠠᠭᠦ᠋ᠷ᠂ ᠷᠠᠰᠢᠶᠠᠨ ᠳ᠋ᠠᠷᠢᠶᠠᠭᠠᠨ ᠭᠡᠳᠡᠭ᠃
[ ᠤᠤᠯ ᠤᠷᠭᠤᠮᠠᠯ]1. ᠪᠠᠭᠪᠠᠭᠠᠢ ᠴᠡᠴᠡᠭ ᠣᠯᠠᠨ ᠨᠠᠰᠤᠲᠤ ᠡᠪᠡᠰᠦᠯᠢᠭ ᠤᠷᠭᠤᠮᠠᠯ᠃10~30cm ᠥᠨᠳᠥᠷ᠂ ᠤᠷᠭᠤᠮᠠᠯ ᠳ᠋ᠤᠨᠢ ᠰᠦ ᠲᠡᠢ᠃ ᠱᠣᠷᠣᠯᠵᠢᠨ ᠦᠨᠳᠦᠰᠦ ᠲᠡᠢ᠂ ᠬᠦᠷᠡᠩ ᠥᠩᠭᠡ ᠲᠡᠢ᠃ ᠨᠠᠪᠴᠢ ᠨᠢ ᠤᠵᠠᠭᠤᠷ ᠠ᠋ᠴᠠ ᠪᠠᠨ ᠤᠷᠭᠤᠨ᠎ᠠ᠂ ᠲᠣᠩᠭᠣᠷᠤᠤ᠂ ᠬᠠᠪᠲᠠᠭᠠᠢ ᠲᠡᠪᠡᠨᠡ ᠬᠡᠯᠪᠡᠷᠢ ᠲᠡᠢ᠂4~20cm ᠤᠷᠲᠤ᠂1~3.5cm ᠥᠷᠭᠡᠨ᠂ ᠬᠤᠷᠴᠠ ᠱᠣᠪᠣᠭᠣᠷ ᠪᠤᠶᠤ ᠮᠣᠬᠣᠭᠣ ᠦᠵᠦᠭᠦᠷ ᠲᠡᠢ᠂ ᠤᠭ ᠨᠢ ᠢᠪᠴᠤᠷᠠᠵᠤ ᠪᠠᠷᠢᠭᠤᠯ ᠪᠣᠯᠳᠠᠭ᠃ ᠡᠮᠬᠢ ᠦᠭᠡᠢ ᠥᠳᠥᠯᠢᠭ ᠣᠨᠢ ᠲᠠᠢ᠂ ᠬᠠᠶᠠ ᠪᠦᠲᠦᠨ ᠰᠢᠬᠠᠭᠤ ᠬᠥᠪᠡᠭᠡ ᠲᠡᠢ ᠪᠠ ᠣᠷᠣᠢ ᠳ᠋ᠠᠬᠢ ᠵᠢᠵᠢᠭ ᠢᠯᠲᠠᠰᠤ ᠨᠢ ᠭᠤᠷᠪᠠᠯᠵᠢᠨ ᠪᠤᠶᠤ ᠭᠤᠷᠪᠠᠯᠵᠢᠨ ᠵᠢᠳᠠ ᠬᠡᠯᠪᠡᠷᠢ ᠲᠡᠢ᠂ ᠬᠠᠵᠠᠭᠤ ᠶ᠋ᠢᠨ ᠵᠢᠵᠢᠭ ᠢᠯᠲᠠᠰᠤ ᠨᠢ3~5 ᠬᠣᠣᠰ᠂ ᠭᠤᠷᠪᠠᠯᠵᠢᠨ ᠪᠤᠶᠤ ᠭᠤᠷᠪᠠᠯᠵᠢᠨ ᠰᠢᠭ᠋ ᠬᠠᠪᠲᠠᠭᠠᠢ ᠲᠡᠪᠡᠨᠡ ᠬᠡᠯᠪᠡᠷᠢ ᠲᠡᠢ᠂ ᠵᠢᠵᠢᠭ ᠰᠡᠵᠢᠭᠦᠷ ᠢᠯᠲᠠᠰᠤ ᠨᠢ ᠬᠡᠷᠴᠢᠶᠡᠰᠤᠲᠤ ᠬᠥᠪᠡᠭᠡ ᠲᠡᠢ᠂ ᠵᠠᠷᠢᠮ ᠳ᠋ᠠᠭᠠᠨ ᠥᠳᠥᠯᠢᠭ ᠭᠦᠢᠬᠡᠨ ᠣᠨᠢ ᠲᠠᠢ ᠪᠤᠶᠤ ᠳᠣᠯᠭᠢᠶᠠᠯᠢᠭ ᠬᠡᠷᠴᠢᠶᠡᠰᠦ ᠲᠡᠢ ᠪᠠᠢᠳᠠᠭ᠃ ᠬᠣᠶᠠᠷ ᠲᠠᠯ᠎ᠠ ᠳ᠋ᠤᠨᠢ ᠲᠠᠷᠠᠮᠠᠭ ᠠᠭᠠᠯᠵᠢ ᠶ᠋ᠢᠨ ᠲᠣᠣᠷ ᠰᠢᠭ᠋ ᠦᠰᠦ ᠲᠡᠢ ᠪᠤᠶᠤ ᠪᠠᠷᠤᠭ ᠦᠰᠦ ᠦᠭᠡᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ20cm ᠣᠷᠴᠢᠮ ᠤᠷᠲᠤ᠂ ᠪᠣᠷᠣᠪᠲᠤᠷ ᠴᠡᠴᠡᠭ ᠦ᠋ᠨ ᠡᠰᠢᠨ ᠦ᠌ ᠣᠷᠣᠢ ᠳ᠋ᠤ᠌ ᠭᠠᠭᠴᠠᠭᠠᠷ ᠳᠡᠯᠭᠡᠷᠡᠨ᠎ᠡ᠃ ᠪᠠᠭ ᠴᠡᠴᠡᠭ ᠨᠢ ᠪᠦᠷ ᠬᠡᠯᠡ ᠬᠡᠯᠪᠡᠷᠢ ᠲᠡᠢ᠃ ᠶᠡᠷᠦᠩᠬᠡᠢ ᠪᠠᠭᠯᠠᠭᠴᠢ ᠨᠢ ᠬᠤᠩᠬ᠎ᠠ ᠬᠡᠯᠪᠡᠷᠢ ᠲᠡᠢ᠂12~16mmᠤᠷᠲᠤ᠃ ᠲᠤᠷᠠᠩᠬᠠᠢ ᠵᠢᠮᠢᠰ ᠨᠢ ᠬᠦᠷᠡᠩ ᠥᠩᠭᠡ ᠲᠡᠢ᠂ ᠡᠭᠡᠷᠡᠦᠯ ᠰᠢᠭ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠥᠷᠭᠡᠰᠦᠯᠢᠭ ᠳᠣᠪᠣᠭᠣᠷ ᠲᠠᠢ᠂6~8mm ᠤᠷᠲᠤ ᠬᠣᠰᠢᠭᠤ ᠲᠠᠢ᠂ ᠠᠷᠪᠢᠨ ᠴᠠᠭᠠᠨ ᠲᠢᠲᠢᠮ ᠦᠰᠦ ᠲᠡᠢ᠃4~5 ᠳ᠋ᠤᠭᠠᠷ ᠰᠠᠷ᠎ᠠ ᠳ᠋ᠤ᠌ ᠴᠡᠴᠡᠭᠯᠡᠵᠦ᠂6~7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
2 ᠬᠤᠵᠢᠷᠰᠠᠭ ᠪᠠᠭᠪᠠᠭᠠᠢ ᠴᠡᠴᠡᠭ ᠪᠠᠭᠪᠠᠭᠠᠢ ᠴᠡᠴᠡᠭ ᠲᠡᠢ ᠠᠳᠠᠯᠢ ᠦᠭᠡᠢ ᠵᠦᠢᠯ ᠭᠡᠪᠡᠯ ᠨᠠᠪᠴᠢᠨ ᠤ᠋ ᠵᠢᠵᠢᠭ ᠢᠯᠲᠠᠰᠤ ᠨᠢ ᠣᠬᠣᠷ᠂2~5mm ᠥᠷᠭᠡᠨ᠃ ᠲᠤᠷᠠᠩᠬᠠᠢ ᠵᠢᠮᠢᠰ ᠦ᠋ᠨ ᠬᠣᠰᠢᠭᠤ ᠨᠢ3~6mm ᠤᠷᠲᠤ᠃4~6 ᠳ᠋ᠤᠭᠠᠷ ᠰᠠᠷ᠎ᠠ ᠳ᠋ᠤ᠌ ᠴᠡᠴᠡᠭᠯᠡᠵᠦ᠂6~7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠬᠠᠵᠠᠭᠤ᠂ ᠬᠡᠭᠡᠷ᠎ᠡ ᠲᠠᠯ᠎ᠠ᠂ ᠭᠣᠣᠯ ᠤ᠋ᠨ ᠬᠥᠪᠡᠭᠡᠨ ᠦ᠌ ᠡᠯᠡᠰᠦᠷᠬᠡᠭ ᠭᠠᠵᠠᠷ᠂ ᠬᠤᠵᠢᠷᠰᠠᠭ ᠭᠠᠵᠠᠷ ᠲᠤ᠌ ᠪᠦᠷ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠵᠡᠭᠦᠨ ᠡᠮᠦᠨᠡᠲᠦ ᠣᠷᠣᠨ᠂ ᠳᠤᠮᠳᠠᠳᠤ ᠣᠷᠣᠨ᠂ ᠪᠠᠷᠠᠭᠤᠨ ᠬᠣᠢᠲᠤ ᠣᠷᠣᠨ᠂ ᠪᠠᠷᠠᠭᠤᠨ ᠡᠮᠦᠨᠡᠲᠦ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠴᠡᠴᠡᠭᠯᠡᠬᠦ ᠡᠴᠡ ᠡᠮᠦᠨ᠎ᠡ ᠪᠤᠶᠤ ᠰᠠᠶᠢᠬᠠᠨ ᠴᠡᠴᠡᠭᠯᠡᠭᠰᠡᠨ ᠦᠶ᠎ᠡ ᠳ᠋ᠦ᠍ ᠮᠠᠯᠲᠠᠨ ᠠᠪᠴᠤ᠂ ᠠᠷᠢᠯᠭᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠥᠴᠦᠬᠡᠨ ᠠᠮᠲᠠᠯᠢᠭ᠂ ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ᠂ ᠳᠤᠷ᠎ᠠ ᠶ᠋ᠢ ᠨᠡᠭᠡᠭᠡᠬᠦ ᠴᠢᠳᠠᠯ ᠲᠠᠢ᠃ ᠭᠣᠣᠯᠳᠠᠭᠤ ᠰᠢᠷ᠎ᠠ ᠶ᠋ᠢᠨ ᠬᠠᠯᠠᠭᠤᠨ᠂ ᠬᠣᠳᠣᠭᠣᠳᠣᠨ ᠤ᠋ ᠬᠠᠯᠠᠭᠤᠨ᠂ ᠬᠣᠣᠷ ᠬᠠᠷᠰᠢᠭᠰᠠᠨ᠂ ᠪᠣᠷᠣ ᠡᠪᠡᠳᠴᠢᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

     ᠬᠢᠲᠠᠳ ᠨᠡᠷ᠎ᠡ᠄ 蒲公英 (华蒲公英)
     ᠠᠩᠭ᠌ᠯᠢ ᠨᠡᠷ᠎ᠡ᠄ Taraxacum mongolicum Hand. -Mazz (T.sinicum Kitag. )

         ᠦᠰᠦᠭ ᠠᠮᠢᠯᠠᠭᠤᠯᠤᠭᠴᠢ᠄ ᠤᠷᠠᠨᠴᠢᠮᠡᠭ
         ᠬᠢᠨᠠᠭᠴᠢ᠄ ᠣᠶᠤᠨᠴᠢᠮᠡᠭ