ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 51 Нэгэн ном тавцан үн өдөр үн тэмдэглэлээс – 51 ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 51 Нэгэн ном тавцан үн өдөр үн тэмдэглэлээс – 51

ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 51 Нэгэн ном тавцан үн өдөр үн тэмдэглэлээс – 51

2025-06-30

219


       ᠮᠢᠨᠦ ᠬᠦᠦ ᠪᠣᠷᠴᠠ ᠪᠣᠯᠤᠨ ᠰᠢᠷᠠᠮᠠᠯ ᠲᠥᠮᠥᠰᠥ ᠢᠳᠡᠬᠦ ᠳᠤᠷᠠᠲᠠᠢ ᠪᠠᠢᠳᠠᠭ᠃ ᠲᠡᠭᠡᠬᠦ ᠮᠥᠷᠲᠡᠭᠡᠨ ᠬᠡᠵᠢᠶᠡᠳᠡ ᠪᠤᠰᠤᠳ ᠠ᠋ᠴᠠ ᠨᠢᠭᠤᠵᠤ ᠬᠤᠪᠢᠶᠠᠯᠴᠠᠬᠤ ᠳᠤᠷ᠎ᠠ ᠦᠭᠡᠢ ᠪᠠᠢᠳᠠᠭ᠃  
       ᠪᠢ ᠲᠡᠭᠦᠨ ᠳ᠋ᠦ᠍᠄
      《ᠬᠤᠪᠢᠶᠠᠯᠴᠠᠬᠤ ᠪᠣᠯ ᠨᠢᠭᠡ ᠪᠠᠶᠠᠷ ᠪᠠᠶᠠᠰᠤᠯ ᠲᠠᠢ ᠤᠴᠢᠷ ᠶᠤᠮ ᠰᠢᠦ》 ᠭᠡᠰᠡᠨ ᠳ᠋ᠦ᠍ ᠲᠡᠷᠡ᠄
      《ᠬᠤᠪᠢᠶᠠᠯᠴᠠᠬᠤ ᠨᠢ ᠶᠠᠭᠤ ᠶᠤᠮ ᠪᠣᠢ?》 ᠭᠡᠯ᠎ᠡ᠃ ᠪᠢ ᠬᠠᠷᠢᠭᠤ ᠳ᠋ᠤ᠌ ᠨᠢ᠄
      《ᠥᠪᠡᠷ ᠦ᠋ᠨ ᠳᠤᠷᠠᠲᠠᠢ ᠵᠦᠢᠯ ᠢ᠋ᠶ᠋ᠡᠨ ᠭᠠᠷᠭᠠᠵᠤ ᠣᠯᠠᠨ ᠲᠠᠢ ᠬᠠᠮᠲᠤ ᠢᠳᠡᠬᠦ ᠶ᠋ᠢ ᠵᠢᠭᠠᠵᠤ ᠪᠠᠢᠨ᠎ᠠ》 ᠭᠡᠰᠡᠨ ᠳ᠋ᠦ᠍ ᠲᠡᠷᠡ᠄
      《ᠪᠢ ᠭᠠᠭᠴᠠᠭᠠᠷ ᠢ᠋ᠶ᠋ᠠᠨ ᠢᠳᠡᠬᠦ ᠳᠤᠷᠠᠲᠠᠢ》 ᠭᠡᠯ᠎ᠡ᠃ ᠲᠡᠭᠦᠨ ᠳ᠋ᠦ᠍ ᠣᠯᠠᠨ ᠶᠣᠰᠣ ᠤᠴᠢᠷ ᠶᠠᠷᠢᠭᠰᠠᠨ ᠴᠤ᠌ ᠡᠨᠡ ᠵᠠᠩ ᠢ᠋ᠶ᠋ᠠᠨ ᠬᠠᠯᠠᠬᠤ ᠦᠭᠡᠢ ᠬᠡᠪ ᠢ᠋ᠶ᠋ᠡᠷ ᠢ᠋ᠶ᠋ᠡᠨ ᠪᠠᠢᠯ᠎ᠠ᠃   
       ᠲᠡᠷᠡ ᠬᠡᠰᠡᠭ ᠬᠤᠭᠤᠴᠠᠭᠠᠨ ᠳ᠋ᠤ᠌ ᠮᠢᠨᠦ ᠬᠦᠦ ᠰᠢᠳᠦ ᠰᠣᠯᠢᠬᠤ ᠪᠣᠯᠤᠭᠰᠠᠨ ᠪᠠᠢᠯ᠎ᠠ᠃ ᠪᠢ ᠲᠡᠭᠦᠨ ᠳ᠋ᠦ᠍᠄
       《ᠣᠯᠠᠨ ᠢ᠋ᠶ᠋ᠠᠷ ᠢ᠋ᠶ᠋ᠠᠨ ᠢᠳᠡᠪᠡᠯ ᠠᠮᠲᠠᠲᠠᠢ᠂ ᠭᠠᠭᠴᠠᠭᠠᠷ ᠢᠳᠡᠪᠡᠯ ᠰᠢᠳᠦ ᠤᠨᠠᠳᠠᠭ ᠰᠢᠦ》 ᠭᠡᠵᠦ ᠬᠡᠯᠡᠭᠰᠡᠨ ᠳ᠋ᠦ᠍ ᠲᠡᠷᠡ《ᠰᠢᠳᠦ ᠤᠨᠠᠴᠢᠬᠠᠪᠠᠯ ᠬᠠᠷᠢᠨ ᠮᠠᠭᠤᠬᠠᠢ ᠪᠣᠯᠴᠢᠬᠠᠨ᠎ᠠ》 ᠭᠡᠵᠦ ᠪᠣᠳᠣᠭᠰᠠᠨ ᠠ᠋ᠴᠠ ᠳᠠᠬᠢᠵᠤ ᠢᠳᠡᠬᠦ ᠶᠠᠭᠤᠮ᠎ᠠ ᠨᠢᠭᠤᠬᠤ ᠪᠠᠨ ᠪᠠᠢᠴᠢᠬᠠᠪᠠ᠃ 
       ᠨᠢᠭᠡ ᠡᠳᠦᠷ ᠪᠢ ᠭᠡᠷ ᠲᠦ᠍ ᠪᠡᠨ ᠨᠠᠢᠵᠠ ᠪᠠᠨ ᠵᠠᠯᠠᠵᠤ ᠬᠣᠭᠣᠯᠠ ᠢᠳᠡᠭᠦᠯᠵᠦ ᠪᠠᠢᠬᠤ ᠳ᠋ᠤ᠌ ᠮᠢᠨᠦ ᠬᠦᠦ ᠭᠡᠨᠡᠳᠲᠡ ᠳᠣᠲᠣᠷ᠎ᠠ ᠭᠡᠷ ᠡᠴᠡ ᠮᠢᠨᠦ ᠠᠷᠪᠠᠨ ᠵᠢᠯ ᠬᠠᠳᠠᠭᠠᠯᠠᠭᠰᠠᠨ ᠠᠷᠢᠬᠢ ᠶ᠋ᠢ ᠠᠪᠴᠢᠷᠠᠭᠠᠳ᠄
       《ᠰᠠᠢᠨ ᠶᠠᠭᠤᠮ᠎ᠠ ᠶ᠋ᠢ ᠨᠠᠢᠵᠠ ᠲᠠᠢ ᠪᠠᠨ ᠬᠤᠪᠢᠶᠠᠯᠴᠠᠬᠤ ᠶᠣᠰᠣᠲᠠᠢ》 ᠭᠡᠯ᠎ᠡ᠃ ᠡᠨᠡ ᠪᠠᠢᠳᠠᠯ ᠳ᠋ᠤ᠌ ᠮᠢᠨᠦ ᠨᠢᠭᠤᠷ ᠤᠯᠠᠢᠯ᠎ᠠ᠃ 
       ᠪᠢᠳᠡ ᠬᠡᠦᠬᠡᠳ ᠢ᠋ ᠪᠢᠲᠡᠭᠡᠢ ᠬᠤᠪᠢᠨᠴᠢᠷ ᠪᠠᠢ ᠭᠡᠵᠦ ᠰᠤᠷᠭᠠᠬᠤ ᠳ᠋ᠠᠭᠠᠨ ᠥᠪᠡᠷ ᠢ᠋ᠶ᠋ᠡᠨ ᠦᠨᠡᠨᠬᠦ ᠥᠭᠭᠢᠶᠡᠮᠦᠷᠴᠢ ᠪᠠᠢᠵᠤ ᠴᠢᠳᠠᠭᠰᠠᠨ ᠤᠤ?  


              ᠦᠰᠦᠭ ᠠᠮᠢᠯᠠᠭᠤᠯᠤᠭᠴᠢ᠄ ᠡᠩᠬᠡᠪᠠᠲᠤ  
                    ᠦᠰᠦᠭ ᠬᠢᠨᠠᠭᠴᠢ᠄ ᠪᠠᠶᠠᠷᠴᠡᠴᠡᠭ