ᠪᠦᠰᠦᠬᠠᠩБүсгамбарBüsgambar
ᠪᠦᠰᠦᠬᠠᠩ
ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠬᠤᠸᠠ ᠴᠢᠷᠢᠭ ᠦ᠋ᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠵᠤᠭᠠᠵᠠᠳᠵᠤᠷ ᠭᠡᠳᠡᠭ᠃
[ ᠤᠭ ᠤᠷᠭᠤᠮᠠᠯ] ᠣᠯᠠᠨ ᠨᠠᠰᠤᠲᠤ ᠰᠢᠯᠤᠭᠤᠨ ᠤᠷᠭᠤᠬᠤ ᠡᠪᠡᠰᠦᠯᠢᠭ ᠤᠷᠭᠤᠮᠠᠯ᠃30~100cm ᠥᠨᠳᠥᠷ᠃ ᠭᠣᠣᠯ ᠦᠨᠳᠦᠰᠦ ᠨᠢ ᠨᠡᠯᠢᠶᠡᠳ ᠪᠦᠳᠦᠭᠦᠨ ᠤᠷᠲᠤ᠃ ᠡᠰᠢ ᠨᠢ ᠳᠥᠷᠪᠡᠯᠵᠢᠨ᠂ ᠴᠠᠭᠠᠨ ᠥᠩᠭᠡ ᠲᠡᠢ ᠵᠥᠭᠡᠯᠡᠨ ᠦᠰᠦ ᠲᠡᠢ᠂ ᠨᠠᠪᠴᠢ ᠨᠢ3 ᠵᠢᠵᠢᠭ ᠨᠠᠪᠴᠢ ᠲᠠᠢ᠂ ᠭᠣᠣᠯ ᠳ᠋ᠠᠬᠢ ᠵᠢᠵᠢᠭ ᠨᠠᠪᠴᠢ ᠨᠢ ᠥᠨᠳᠡᠭᠡᠯᠵᠢᠨ᠂ ᠢᠪᠴᠤᠤ ᠥᠨᠳᠡᠭᠡᠯᠵᠢᠨ ᠪᠤᠶᠤ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂5~12mm ᠤᠷᠲᠤ᠂3~7mm ᠥᠷᠭᠡᠨ᠂ ᠲᠣᠭᠣᠷᠢᠭ ᠪᠤᠶᠤ ᠲᠡᠭᠰᠢ ᠦᠵᠦᠭᠦᠷ ᠲᠡᠢ᠂ ᠥᠴᠦᠬᠡᠨ ᠬᠣᠲᠣᠭᠣᠷ ᠪᠤᠶᠤ ᠵᠢᠵᠢᠭ ᠱᠣᠪᠣᠭᠣᠷ ᠣᠷᠣᠢ ᠲᠠᠢ᠂ ᠬᠢᠷᠥᠭᠡᠨ ᠰᠢᠲᠦᠨ ᠬᠥᠪᠡᠭᠡ ᠲᠡᠢ᠂ ᠬᠠᠵᠠᠭᠤ ᠶ᠋ᠢᠨ ᠵᠢᠵᠢᠭ ᠨᠠᠪᠴᠢ ᠨᠢ ᠵᠢᠵᠢᠭ ᠰᠢᠭ᠃ ᠨᠠᠪᠴᠢᠨ ᠪᠠᠷᠢᠭᠤᠯ ᠨᠢ5mm ᠣᠷᠴᠢᠮ ᠤᠷᠲᠤ᠂ ᠴᠠᠭᠠᠨ ᠥᠩᠭᠡ ᠲᠡᠢ ᠵᠥᠭᠡᠯᠡᠨ ᠦᠰᠦ ᠲᠡᠢ᠃ ᠲᠣᠰᠬᠣᠭᠤᠷ ᠨᠠᠪᠴᠢ ᠨᠢ ᠬᠠᠪᠲᠠᠭᠠᠢ ᠲᠡᠪᠡᠨᠡ ᠬᠡᠯᠪᠡᠷᠢ ᠲᠡᠢ᠃ ᠴᠠᠴᠤᠭ ᠬᠡᠯᠪᠡᠷᠢᠲᠦ ᠪᠠᠭ ᠴᠡᠴᠡᠭ ᠨᠢ ᠨᠠᠪᠴᠢᠨ ᠤ᠋ ᠥᠪᠥᠷ ᠲᠦ᠍ ᠳᠡᠯᠭᠡᠷᠡᠨ᠎ᠡ᠂12~20mm ᠤᠷᠲᠤ᠂3~8 ᠬᠦᠢᠰ ᠴᠡᠴᠡᠭ ᠲᠡᠢ᠃ ᠴᠡᠴᠡᠭ ᠨᠢ ᠵᠢᠵᠢᠭ᠂ ᠴᠡᠴᠡᠭ ᠦ᠋ᠨ ᠪᠠᠷᠢᠭᠤᠯ ᠨᠢ1mm ᠣᠷᠴᠢᠮ ᠤᠷᠲᠤ᠃ ᠲᠣᠭᠳᠣᠢ ᠬᠣᠭᠣᠯᠠᠢ ᠨᠢ ᠬᠣᠩᠬᠣ ᠬᠡᠯᠪᠡᠷᠢ ᠲᠡᠢ᠂4mm ᠣᠷᠴᠢᠮ ᠤᠷᠲᠤ᠂ ᠭᠤᠷᠪᠠᠯᠵᠢᠨ ᠬᠡᠯᠪᠡᠷᠢᠲᠦ ᠬᠡᠷᠴᠢᠶᠡᠰᠦ ᠲᠡᠢ᠂ ᠴᠠᠭᠠᠨ ᠥᠩᠭᠡ ᠲᠡᠢ ᠵᠥᠭᠡᠯᠡᠨ ᠦᠰᠦ ᠲᠡᠢ᠃ ᠴᠡᠴᠡᠭ ᠦ᠋ᠨ ᠳᠡᠯᠪᠢ ᠨᠢ ᠰᠢᠷ᠎ᠠ ᠥᠩᠭᠡ ᠲᠡᠢ ᠪᠤᠶᠤ ᠵᠢᠷᠤᠭᠠᠰᠤ ᠠᠷᠲᠠᠢ᠃ ᠪᠤᠷᠴᠠᠭ ᠵᠢᠮᠢᠰ ᠨᠢ ᠬᠠᠪᠲᠠᠭᠠᠢ᠂ ᠤᠷᠲᠤᠯᠵᠢᠨ ᠲᠣᠭᠣᠷᠢᠭ ᠬᠡᠯᠪᠡᠷᠢ ᠲᠡᠢ᠂7~10mm ᠤᠷᠲᠤ᠂5mm ᠣᠷᠴᠢᠮ ᠥᠷᠭᠡᠨ᠂ ᠭᠠᠳᠠᠷᠭᠤ ᠳ᠋ᠤᠨᠢ ᠬᠥᠨᠳᠡᠯᠡᠨ ᠠᠷᠲᠠᠢ᠂ ᠣᠬᠣᠷ ᠱᠣᠪᠬᠣ ᠦᠵᠦᠭᠦᠷ ᠲᠡᠢ᠃2~4 ᠮᠥᠬᠥᠯᠢᠭ ᠦᠷ᠎ᠡ ᠲᠡᠢ᠂ ᠳᠥᠷᠪᠡᠯᠵᠢᠨ ᠬᠡᠯᠪᠡᠷᠢ ᠲᠡᠢ᠂ ᠰᠢᠷᠠᠪᠲᠤᠷ ᠬᠦᠷᠡᠩ ᠥᠩᠭᠡ ᠲᠡᠢ᠃7~8 ᠳ᠋ᠤᠭᠠᠷ ᠰᠠᠷ᠎ᠠ ᠳ᠋ᠤ᠌ ᠴᠡᠴᠡᠭᠯᠡᠵᠦ᠂8~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠡᠯᠡᠰᠦᠷᠬᠡᠭ ᠭᠠᠵᠠᠷ᠂ ᠭᠣᠣ ᠰᠤᠪᠠᠭ᠂ ᠵᠠᠮ ᠤ᠋ᠨ ᠬᠥᠪᠡᠭᠡ᠂ ᠲᠠᠷᠢᠶᠠᠨ ᠤ᠋ ᠳᠠᠯᠠᠩ᠂ ᠠᠭᠤᠯᠠᠨ ᠬᠠᠵᠠᠭᠤ ᠪᠠᠷ ᠤᠷᠭᠤᠨ᠎ᠠ᠃ ᠬᠢᠷᠢᠨ᠂ ᠯᠢᠶᠣᠤᠨᠢᠩ᠂ ᠥᠪᠥᠷ ᠮᠣᠩᠭᠣᠯ᠂ ᠱᠠᠨᠰᠢ᠂ ᠭᠠᠨᠰᠦ᠂ ᠬᠥᠬᠡᠨᠠᠭᠤᠷ᠂ ᠲᠥᠪᠡᠳ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠴᠡᠴᠡᠭᠯᠡᠬᠦ ᠳ᠋ᠦ᠍ᠨᠢ ᠠᠪᠴᠤ᠂ ᠠᠷᠢᠯᠭᠠᠨ ᠴᠡᠪᠡᠷᠯᠡᠭᠡᠳ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠬᠠᠭᠤᠷᠠᠢ᠂ ᠬᠥᠩᠭᠡᠨ᠂ ᠡᠶᠡᠯᠳᠡᠭ ᠡᠷᠳᠡᠮ ᠲᠡᠢ᠃
[ᠴᠢᠳᠠᠯ ᠪᠠ ᠭᠣᠣᠯᠳᠠᠭᠤ ᠵᠠᠰᠠᠬᠤ] ᠠᠭᠤᠰᠬᠢᠨ ᠤ᠋ ᠬᠠᠯᠠᠭᠤᠨ ᠢ᠋ ᠠᠷᠢᠯᠭᠠᠬᠤ᠂ ᠰᠢᠷᠬ᠎ᠠ ᠶ᠋ᠢ ᠠᠨᠠᠭᠠᠬᠤ᠂ ᠴᠢᠰᠤ ᠶ᠋ᠢ ᠵᠣᠭᠰᠣᠭᠠᠬᠤ᠂ ᠬᠣᠣᠷ ᠢ᠋ ᠲᠠᠢᠯᠬᠤ ᠴᠢᠳᠠᠯ ᠲᠠᠢ᠃ ᠭᠣᠣᠯᠳᠠᠭᠤ ᠠᠭᠤᠰᠬᠢ ᠥᠭᠡᠷᠢᠯᠡᠭᠰᠡᠨ᠂ ᠴᠢᠰᠤ ᠴᠠᠷ ᠲᠠᠢ ᠬᠠᠨᠢᠶᠠᠬᠤ᠂ ᠮᠡᠰᠡ ᠶ᠋ᠢᠨ ᠰᠢᠷᠬ᠎ᠠ᠂ ᠰᠤᠳᠠᠯ ᠲᠠᠰᠤᠷᠠᠵᠤ ᠭᠡᠮᠲᠦᠭᠰᠡᠨ᠂ ᠬᠣᠣᠷ ᠡᠪᠡᠳᠴᠢᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄花苜蓿 (落蓿豆)
ᠠᠩᠭ᠌ᠯᠢ ᠨᠡᠷ᠎ᠡ᠄ Trigonlla ruthenica L.
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠣᠶᠤᠨᠴᠢᠮᠡᠭ
