ᠪᠢᠷᠢᠶᠡᠩᠬᠦ Баранхүү Barankhüü ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠪᠢᠷᠢᠶᠡᠩᠬᠦ Баранхүү Barankhüü

ᠪᠢᠷᠢᠶᠡᠩᠬᠦ Баранхүү Barankhüü

2025-07-06

147

ᠪᠢᠷᠢᠶᠡᠩᠬᠦ

   ᠲᠤᠰ ᠡᠮ ᠪᠣᠯ ᠤᠷᠤᠭᠤᠯ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠠᠩᠬᠢᠯᠤᠮᠠᠯ  ᠪᠢᠷᠢᠶᠡᠩᠭᠦ ᠶ᠋ᠢᠨ ᠬᠠᠲᠠᠭᠠᠭᠰᠠᠨ ᠴᠡᠴᠡᠭ ᠪᠦᠬᠦᠢ ᠪᠦᠬᠦᠯᠢ ᠡᠪᠡᠰᠦ ᠮᠥᠨ᠃ ᠪᠠᠰᠠ ᠪᠤᠤᠨ ᠭᠦᠷᠭᠦᠮ᠂ ᠳ᠋ᠢᠩᠯᠸᠵᠢᠨ᠂ ᠪᠠᠭ᠎ᠠ ᠵᠢᠪᠽᠢ ᠭᠡᠳᠡᠭ᠃
   [ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃20~60cm ᠥᠨᠳᠥᠷ᠂ ᠪᠦᠬᠦ ᠪᠡᠶ᠎ᠡ ᠳ᠋ᠦ᠍ᠨᠢ ᠢᠬᠴᠤ ᠣᠬᠣᠷ ᠦᠰᠦ ᠲᠡᠢ᠂ ᠨᠡᠯᠢᠶᠡᠳ ᠠᠩᠬᠢᠯᠤᠮ᠎ᠠ ᠦᠨᠦᠷ ᠲᠡᠢ᠃ ᠡᠰᠢ ᠨᠢ4 ᠢᠷᠮᠡᠭ ᠲᠡᠢ᠃ ᠨᠠᠪᠴᠢ ᠨᠢ ᠴᠢᠭᠲᠠᠯᠠᠨ ᠤᠷᠭᠤᠨ᠎ᠠ᠂ ᠣᠬᠣᠷ ᠪᠠᠷᠢᠭᠤᠯ ᠲᠠᠢ᠂ ᠨᠠᠪᠴᠢᠨ ᠢᠯᠲᠠᠰᠤ ᠨᠢ ᠤᠷᠲᠤᠯᠵᠢᠨ ᠲᠣᠭᠣᠷᠢᠭ ᠰᠢᠭ᠋ ᠥᠨᠳᠡᠭᠡᠯᠵᠢᠨ ᠪᠤᠶᠤ ᠥᠨᠳᠡᠭᠡᠯᠵᠢᠨ ᠰᠢᠭ ᠬᠠᠪᠲᠠᠭᠠᠢ ᠲᠡᠪᠡᠨᠡ ᠬᠡᠯᠪᠡᠷᠢ ᠲᠡᠢ᠂1.5~4cm ᠤᠷᠲᠤ᠂7~13mm ᠥᠷᠭᠡᠨ᠂ ᠮᠤᠬᠤᠷ ᠪᠤᠶᠤ ᠥᠴᠦᠬᠡᠨ ᠱᠣᠪᠬᠣ ᠦᠵᠦᠭᠦᠷ ᠲᠡᠢ᠂ ᠲᠡᠭᠰᠢᠬᠡᠨ ᠪᠤᠶᠤ ᠥᠷᠭᠡᠨ ᠱᠠᠭᠠᠨᠲᠠᠭ ᠤᠭ ᠲᠠᠢ᠂ ᠬᠥᠪᠡᠭᠡ ᠪᠡᠷ ᠨᠢ ᠮᠤᠬᠤᠷ ᠬᠡᠷᠴᠢᠶᠡᠰᠦ ᠲᠡᠢ᠂ ᠬᠣᠶᠠᠷ ᠲᠠᠯ᠎ᠠ ᠳ᠋ᠤᠨᠢ ᠨᠠᠷᠢᠨ ᠣᠬᠣᠷ ᠦᠰᠦ ᠲᠡᠢ᠂ ᠠᠷᠤ ᠳ᠋ᠤᠨᠢ ᠪᠤᠯᠴᠢᠷᠬᠠᠢ ᠲᠣᠯᠪᠣ ᠲᠠᠢ᠃ ᠴᠡᠴᠡᠭ ᠨᠢ ᠡᠰᠢᠨ ᠦ᠌ ᠳᠡᠭᠡᠳᠦ ᠬᠡᠰᠡᠭ ᠦ᠋ᠨ ᠨᠠᠪᠴᠢᠨ ᠤ᠋ ᠰᠤᠭᠤ ᠳ᠋ᠤ᠌6 ᠬᠦᠢᠰ ᠢ᠋ᠶ᠋ᠡᠷ ᠳᠡᠯᠭᠡᠷᠡᠵᠦ᠂ ᠳᠤᠭᠤᠢᠷᠠᠨ ᠤᠷᠭᠤᠬᠤ ᠴᠣᠮᠬᠠᠨ ᠪᠠᠭ ᠴᠡᠴᠡᠭ ᠪᠦᠷᠢᠯᠳᠦᠳᠡᠭ ᠪᠥᠭᠡᠳ ᠡᠰᠢᠨ ᠦ᠌ ᠣᠷᠣᠢ ᠶ᠋ᠢᠨ ᠬᠡᠰᠡᠭ ᠲᠦ᠍ ᠨᠡᠯᠢᠶᠡᠳ ᠢᠬᠴᠤᠷᠠᠵᠤ ᠲᠦᠷᠦᠭᠦᠦ ᠰᠢᠭ ᠪᠣᠯᠳᠠᠭ᠃ ᠪᠠᠭᠯᠠᠭᠴᠢ ᠨᠠᠪᠴᠢ ᠨᠢ ᠤᠷᠲᠤᠯᠵᠢᠨ ᠲᠣᠭᠣᠷᠢᠭ ᠰᠢᠭ᠋ ᠱᠠᠭᠠᠨᠲᠠᠭ ᠬᠡᠯᠪᠡᠷᠢ ᠲᠡᠢ᠂ ᠳᠣᠣᠷᠠᠲᠤ ᠬᠡᠰᠡᠭ ᠦ᠋ᠨ ᠬᠥᠪᠡᠭᠡ ᠪᠡᠷ ᠨᠢ ᠤᠷᠲᠤ ᠰᠤᠷ ᠰᠢᠭ᠋ ᠥᠷᠭᠡᠰᠦ ᠦᠰᠦ ᠲᠡᠢ᠃ ᠴᠡᠴᠡᠭ ᠦ᠋ᠨ ᠲᠣᠭᠳᠣᠢ ᠨᠢ ᠤᠷᠤᠭᠤᠯ ᠬᠡᠯᠪᠡᠷᠢ ᠲᠡᠢ᠂ ᠳᠡᠭᠡᠳᠦ ᠤᠷᠤᠭᠤᠯ ᠨᠢ2 ᠣᠨᠢ ᠲᠠᠢ᠃ ᠴᠡᠴᠡᠭ ᠦ᠋ᠨ ᠳᠡᠯᠪᠢ ᠨᠢ ᠬᠥᠬᠡᠪᠲᠦᠷ ᠪᠣᠷᠣ᠂ ᠤᠷᠤᠭᠤᠯ ᠬᠡᠯᠪᠡᠷᠢ ᠲᠡᠢ᠂1.8~2.5cm ᠤᠷᠲᠤ᠂ ᠳᠡᠭᠡᠳᠦ ᠤᠷᠤᠭᠤᠯ ᠨᠢ ᠳᠣᠷᠣᠭᠰᠢ ᠪᠠᠨ ᠪᠠᠭᠠᠬᠠᠨ ᠮᠤᠷᠤᠢ᠂ ᠬᠣᠲᠣᠭᠣᠷ ᠣᠷᠣᠢ ᠲᠠᠢ᠂ ᠳᠣᠣᠷᠠᠲᠤ ᠤᠷᠤᠭᠤᠯ ᠨᠢ3 ᠣᠨᠢ ᠲᠠᠢ᠂ ᠳᠤᠮᠳᠠᠬᠢ ᠰᠡᠵᠢᠭᠦᠷ ᠢᠯᠲᠠᠰᠤ ᠨᠢ ᠨᠡᠯᠢᠶᠡᠳ ᠲᠣᠮᠣ᠂2 ᠬᠡᠷᠴᠢᠶᠡᠰᠦ ᠲᠡᠢ᠃ ᠬᠣᠶᠠᠷ ᠨᠢ ᠲᠣᠷᠨᠢᠭᠤᠨ4 ᠡᠷ᠎ᠡ ᠲᠣᠭᠣᠷᠴᠣᠭ ᠲᠠᠢ᠃ ᠪᠠᠭᠠᠨ᠎ᠠ ᠶ᠋ᠢᠨ ᠠᠮᠠᠰᠠᠷ ᠨᠢ2 ᠣᠨᠢ ᠲᠠᠢ᠃6~8 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠶᠡᠷᠦ ᠳ᠋ᠡᠭᠡᠨ ᠬᠠᠭᠤᠷᠠᠢ ᠭᠠᠵᠠᠷ ᠲᠤ ᠤᠷᠭᠤᠨ᠎ᠠ᠃ ᠣᠯᠠᠩᠬᠢ ᠳ᠋ᠠᠭᠠᠨ ᠲᠠᠷᠢᠶᠠᠨ ᠤ᠋ ᠵᠠᠬ᠎ᠠ ᠬᠥᠪᠡᠭᠡ᠂ ᠵᠠᠮ ᠤ᠋ᠨ ᠬᠠᠵᠠᠭᠤ᠂ ᠡᠯᠡᠰᠦᠨ ᠳᠣᠪᠣ᠂ ᠲᠠᠯ᠎ᠠ ᠭᠠᠵᠠᠷ ᠲᠤ᠌ ᠬᠠᠷᠠᠭᠳᠠᠨ᠎ᠠ᠃ ᠬᠢᠷᠢᠨ᠂ ᠯᠢᠶᠣᠤᠨᠢᠩ᠂ ᠥᠪᠥᠷ ᠮᠣᠩᠭᠣᠯ᠂ ᠾᠧᠪᠧᠢ᠂ ᠱᠠᠨ ᠰᠢ᠂ ᠱᠠᠨᠰᠢ᠂ ᠭᠠᠨᠰᠦ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ]6~8 ᠳ᠋ᠤᠭᠠᠷ ᠰᠠᠷ᠎ᠠ ᠳ᠋ᠤ᠌ ᠴᠡᠴᠡᠭᠯᠡᠭᠰᠡᠨ ᠪᠦᠬᠦᠯᠢ ᠡᠪᠡᠰᠦ ᠶ᠋ᠢ ᠨᠢ ᠠᠪᠴᠤ᠂ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠭᠠᠰᠢᠭᠤᠨ ᠠᠮᠲᠠ ᠲᠠᠢ; ᠰᠡᠷᠢᠭᠦᠨ ᠴᠢᠨᠠᠷ ᠲᠠᠢ; ᠮᠣᠬᠣᠳᠠᠭ᠂ ᠬᠥᠩᠭᠡᠨ᠂ ᠰᠢᠷᠦᠭᠦᠨ᠂ ᠲᠣᠰᠣᠯᠢᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠣᠳᠣᠭᠣᠳᠣ ᠡᠯᠢᠭᠡᠨ ᠦ᠌ ᠬᠠᠯᠠᠭᠤᠨ ᠢ᠋ ᠠᠷᠢᠯᠭᠠᠬᠤ᠂ ᠴᠢᠰᠤ ᠶ᠋ᠢ ᠵᠣᠭᠰᠣᠭᠠᠬᠤ᠂ ᠰᠢᠷᠬ᠎ᠠ ᠶ᠋ᠢ ᠠᠨᠠᠭᠠᠬᠤ᠃ ᠰᠢᠷ᠎ᠠ ᠤᠰᠤ ᠶ᠋ᠢ ᠬᠠᠲᠠᠭᠠᠬᠤ ᠴᠢᠳᠠᠯ ᠲᠠᠢ᠃ ᠭᠣᠣᠯᠳᠠᠭᠤ ᠬᠣᠳᠣᠭᠣᠳᠣ ᠡᠯᠢᠭᠡᠨ ᠦ᠌ ᠬᠠᠯᠠᠭᠤᠨ᠂ ᠬᠣᠳᠣᠭᠣᠳᠣᠨ ᠠ᠋ᠴᠠ ᠴᠢᠰᠤ ᠭᠠᠷᠬᠤ᠂ ᠢᠳᠡᠭᠡᠨ ᠦ᠌ ᠬᠣᠣᠷᠳᠠᠭᠳᠠᠯ᠂ ᠬᠡᠷᠦᠬᠦ᠂ ᠪᠠᠮ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄香青兰
   ᠠᠩᠭ᠌ᠯᠢ ᠨᠡᠷ᠎ᠡ᠄Dracocephalum moldavica L.
   ᠦᠰᠦᠭ ᠠᠮᠢᠯᠠᠭᠤᠯᠤᠭᠴᠢ᠄ ᠴᠡᠪᠡᠷᠴᠡᠴᠡᠭ
   ᠬᠢᠨᠠᠭᠴᠢ᠄ ᠣᠶᠤᠨᠴᠢᠮᠡᠭ