ᠪᠤᠭᠤᠨ ᠴᠠᠭᠠᠨ ᠴᠡᠴᠡᠭБуган цагаан цэцэг Bugan tsagaan tsetseg
ᠪᠤᠭᠤᠨ ᠴᠠᠭᠠᠨ ᠴᠡᠴᠡᠭ
ᠲᠤᠰ ᠡᠮ ᠪᠣᠯ ᠬᠣᠯᠲᠣᠰᠣᠨ
ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠠᠴᠠ ᠢᠷᠭᠤᠢᠵᠢᠨ ᠤ᠋ ᠴᠡᠴᠡᠭ ᠪᠦᠬᠦᠢ ᠪᠦᠬᠦᠯᠢ ᠡᠪᠡᠰᠦ ᠮᠥᠨ᠃ ᠪᠠᠰᠠ ᠰᠦᠷᠦᠪᠭᠠ᠂
ᠢᠷᠭᠤᠢᠵᠢᠨ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃20~70cm
ᠥᠨᠳᠥᠷ᠂ ᠦᠨᠳᠦᠰᠦᠯᠢᠭ ᠡᠰᠢ ᠨᠢ ᠬᠥᠨᠳᠡᠯᠡᠨ ᠤᠷᠭᠤᠨ᠎ᠠ᠃ ᠨᠠᠷᠢᠨ ᠤᠷᠲᠤ᠂ ᠪᠦᠳᠡᠭᠢ ᠬᠦᠷᠡᠩ ᠥᠩᠭᠡ ᠲᠡᠢ᠃ ᠴᠡᠴᠡᠭ ᠦ᠋ᠨ ᠡᠰᠢ ᠨᠢ ᠰᠢᠯᠤᠭᠤᠨ᠂ ᠶᠡᠷᠦ ᠳ᠋ᠡᠭᠡᠨ ᠵᠥᠭᠡᠯᠡᠨ ᠬᠡᠪᠲᠡᠭᠡ ᠦᠰᠦ ᠲᠡᠢ᠃ ᠤᠵᠠᠭᠤᠷ ᠤ᠋ᠨ ᠨᠠᠪᠴᠢ ᠨᠢ1᠂ ᠡᠷᠲᠡ ᠵᠤᠯᠭᠠᠷᠠᠨ᠎ᠠ᠃
ᠶᠡᠷᠦᠩᠬᠡᠢ ᠪᠠᠭᠯᠠᠭᠴᠢ ᠶ᠋ᠢᠨ ᠪᠠᠭᠯᠠᠭᠴᠢ ᠢᠯᠲᠠᠰᠤ ᠨᠢ2᠂ ᠡᠰᠢᠨ ᠦ᠌ ᠳᠡᠭᠡᠷ᠎ᠡ ᠬᠡᠰᠡᠭ ᠦ᠋ᠨ ᠰᠠᠯᠠᠭ᠎ᠠ ᠶ᠋ᠢᠨ ᠬᠡᠰᠡᠭ ᠲᠦ᠍ ᠴᠢᠭᠲᠠᠯᠠᠨ ᠤᠷᠭᠤᠨ᠎ᠠ᠃ ᠪᠠᠷᠢᠭᠤᠯ
ᠦᠭᠡᠢ᠃ ᠨᠠᠪᠴᠢᠨ ᠢᠯᠲᠠᠰᠤ ᠨᠢ3 ᠭᠦᠨ ᠣᠨᠢ ᠲᠠᠢ᠂ ᠰᠡᠵᠢᠭᠦᠷ
ᠢᠯᠲᠠᠰᠤ ᠨᠢ ᠢᠪᠴᠤᠤ ᠱᠠᠭᠠᠨᠲᠠᠭ ᠬᠡᠯᠪᠡᠷᠢ ᠲᠡᠢ᠂4~10cm ᠤᠷᠲᠤ᠂ ᠳᠤᠮᠳᠠ ᠳᠣᠣᠷ᠎ᠠ ᠬᠡᠰᠡᠭ ᠨᠢ ᠪᠦᠲᠦᠨ ᠬᠥᠪᠡᠭᠡ ᠲᠡᠢ᠂ ᠳᠡᠭᠡᠷ᠎ᠡ ᠬᠡᠰᠡᠭ ᠲᠤᠨᠢ ᠴᠥᠭᠡᠪᠲᠦᠷ
ᠡᠮᠲᠡᠷᠬᠡᠢ ᠰᠢᠭ ᠱᠣᠪᠬᠣ ᠠᠷᠠᠭ᠎ᠠ ᠲᠠᠢ᠂ ᠨᠠᠪᠴᠢᠨ ᠤ᠋ ᠠᠷᠤ ᠪᠠ ᠬᠥᠪᠡᠭᠡ ᠶ᠋ᠢ ᠨᠢ ᠳᠠᠭᠠᠭᠠᠳ ᠣᠬᠣᠷ ᠵᠥᠭᠡᠯᠡᠨ ᠦᠰᠦ ᠲᠡᠢ᠃ ᠪᠠᠭ ᠴᠡᠴᠡᠭ ᠨᠢ ᠬᠣᠶᠠᠷ ᠠ᠋ᠴᠠ ᠭᠤᠷᠪᠠᠳᠠᠭᠰᠠᠨ ᠠᠴᠠ ᠰᠠᠯᠠᠭ᠎ᠠ ᠲᠠᠢ᠃ ᠴᠡᠴᠡᠭ ᠨᠢ
ᠰᠠᠯᠠᠭ᠎ᠠ ᠶ᠋ᠢᠨ ᠣᠷᠣᠢ ᠳ᠋ᠤ᠌ ᠭᠠᠭᠴᠠᠭᠠᠷ ᠳᠡᠯᠭᠡᠷᠡᠨ᠎ᠡ᠃4~6 ᠲᠣᠭᠳᠣᠢ ᠢᠯᠲᠠᠰᠤ ᠲᠠᠢ᠂ ᠴᠠᠭᠠᠨ ᠥᠩᠭᠡ ᠲᠡᠢ᠂ ᠶᠡᠬᠡ
ᠪᠠᠭ᠎ᠠ ᠨᠢ ᠲᠡᠩᠴᠡᠭᠦᠦ ᠪᠤᠰᠤ᠂ ᠲᠣᠩᠭᠣᠷᠤᠤ ᠥᠨᠳᠡᠭᠡᠯᠵᠢᠨ ᠪᠤᠶᠤ ᠵᠤᠤᠪᠠᠩ ᠲᠣᠭᠣᠷᠢᠭ ᠬᠡᠯᠪᠡᠷᠢ ᠲᠡᠢ᠂ ᠪᠠᠷᠤᠭ1cm ᠤᠷᠲᠤ᠃ ᠴᠡᠴᠡᠭ ᠦ᠋ᠨ ᠳᠡᠯᠪᠢ ᠦᠭᠡᠢ᠃ ᠣᠯᠠᠨ ᠡᠷ᠎ᠡ ᠲᠣᠭᠣᠷᠴᠣᠭ ᠲᠠᠢ᠃ ᠤᠮᠠᠢ ᠶ᠋ᠢᠨ ᠬᠠᠯᠢᠰᠤ ᠨᠢ30 ᠣᠷᠴᠢᠮ᠂ ᠦᠰᠦ ᠦᠭᠡᠢ᠃ ᠨᠡᠢᠯᠡᠮᠡᠯ ᠵᠢᠮᠢᠰ ᠨᠢ ᠪᠥᠮᠪᠥᠭᠡᠯᠢᠭ᠃ ᠲᠤᠷᠠᠩᠬᠠᠢ ᠵᠢᠮᠢᠰ ᠨᠢ ᠨᠠᠷᠢᠨ
ᠥᠨᠳᠡᠭᠡᠯᠵᠢᠨ ᠬᠡᠯᠪᠡᠷᠢ ᠲᠡᠢ᠂ ᠪᠠᠷᠤᠭ6mm ᠤᠷᠲᠤ᠃6 ᠳ᠋ᠤᠭᠠᠷ ᠰᠠᠷ᠎ᠠ ᠳ᠋ᠤ᠌ ᠴᠡᠴᠡᠭᠯᠡᠵᠦ᠂7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠣᠢ ᠶ᠋ᠢᠨ ᠳᠣᠣᠷ᠎ᠠ᠂ ᠣᠢ ᠶ᠋ᠢᠨ ᠬᠥᠪᠡᠭᠡ ᠶ᠋ᠢᠨ ᠨᠤᠭᠤ ᠵᠢᠴᠢ ᠭᠣᠣ ᠰᠤᠵᠠᠭ᠂ ᠭᠣᠣᠯ ᠤ᠋ᠨ ᠬᠥᠪᠡᠭᠡ ᠶ᠋ᠢᠨ ᠨᠤᠭᠤ ᠳ᠋ᠤ᠌ ᠤᠷᠭᠤᠨ᠎ᠠ᠃ ᠬᠢᠷᠢᠨ᠂ ᠬᠠᠷᠠᠮᠦ᠋ᠷᠡᠨ᠂ ᠥᠪᠥᠷ ᠮᠣᠩᠭᠣᠯ ᠳ᠋ᠤ᠌ ᠲᠠᠷᠬᠠᠴᠠ ᠲᠠᠢ᠃ ᠨᠠᠮᠤᠷ ᠦᠨᠳᠦᠰᠦ ᠶ᠋ᠢ ᠨᠢ ᠮᠠᠯᠲᠠᠨ ᠠᠪᠴᠤ᠂ ᠠᠷᠢᠯᠭᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠤᠱᠤᠭᠤᠨ᠂ ᠭᠠᠰᠢᠭᠤᠨ ᠠᠮᠲᠠ ᠲᠠᠢ; ᠬᠠᠯᠠᠭᠤᠨ ᠴᠢᠨᠠᠷ ᠲᠠᠢ; ᠬᠤᠷᠴᠠ᠂ ᠬᠠᠭᠤᠷᠠᠢ᠂ ᠰᠢᠷᠦᠭᠦᠨ᠂ ᠬᠥᠩᠭᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠪᠡᠲᠡᠭᠢ ᠶ᠋ᠢ ᠡᠪᠳᠡᠬᠦ᠂ ᠢᠯᠵᠢᠷᠡᠬᠦ ᠶ᠋ᠢ ᠵᠣᠭᠰᠣᠭᠠᠬᠤ᠂ ᠢᠯᠴᠢ ᠶ᠋ᠢ ᠰᠡᠯᠪᠢᠬᠦ᠂ ᠰᠢᠷ᠎ᠠ ᠤᠰᠤ ᠶ᠋ᠢ ᠲᠠᠲᠠᠬᠤ᠂ ᠬᠣᠷᠣᠬᠠᠢ ᠶ᠋ᠢ ᠨᠢᠲᠤᠯᠬᠤ᠂ ᠡᠪᠡᠳᠬᠦ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠬᠤ ᠠᠶᠤᠤᠯᠢᠬᠠᠢ ᠶ᠋ᠢᠨ ᠪᠡᠲᠡᠭᠢ᠂ ᠢᠳᠡᠭᠡᠨ ᠦ᠌ ᠪᠡᠲᠡᠭᠢ᠂ ᠬᠣᠷᠣᠬᠠᠢ ᠪᠡᠲᠡᠭᠢ᠂ ᠡᠰᠡ ᠰᠢᠩᠭᠡᠭᠰᠡᠨ᠂ ᠬᠣᠳᠣᠭᠣᠳᠣᠨ ᠤ᠋ ᠢᠯᠴᠢ ᠮᠠᠭᠤᠳᠠᠭᠰᠠᠨ᠂ ᠨᠢᠰᠤᠭᠤ ᠵᠡᠷᠭᠡ ᠠᠷᠠᠰᠤᠨ ᠡᠪᠡᠳᠴᠢᠨ᠂
ᠠᠯᠠᠭ ᠮᠠᠷᠢᠶ᠎ᠠ᠂ ᠬᠤᠯᠤᠭᠠᠨ᠎ᠠ ᠶ᠋ᠢᠨ ᠶᠠᠷ᠎ᠠ᠂ ᠮᠣᠭᠠᠢ ᠶ᠋ᠢᠨ ᠬᠣᠣᠷ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄银莲花, (二歧银莲花)
ᠠᠩᠭ᠌ᠯᠢ ᠨᠡᠷ᠎ᠡ᠄Anemone dichotoma L.
ᠦᠰᠦᠭ ᠠᠮᠢᠯᠠᠭᠤᠯᠤᠭᠴᠢ᠄ ᠴᠡᠪᠡᠷᠴᠡᠴᠡᠭ
ᠬᠢᠨᠠᠭᠴᠢ᠄ ᠤᠷᠠᠨᠴᠢᠮᠡᠭ
