ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ-2025 ᠣᠨ ᠤ᠋ 6 ᠰᠠᠷ᠎ᠠИтгэлт Хамба бламын сургааль
ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ-2025 ᠣᠨ ᠤ᠋ 6 ᠰᠠᠷ᠎ᠠ
ᠬᠠᠮᠪᠤ ᠪᠯᠠᠮ᠎ᠠ ᠳ᠋ᠠᠮᠪᠠ ᠠᠶᠤᠰᠢᠶᠸᠪ/
ᠢᠲᠡᠭᠡᠯᠲᠦ ᠬᠠᠮᠪᠤ ᠪᠯᠠᠮ᠎ᠠ ᠶ᠋ᠢᠨ ᠵᠠᠯᠪᠠᠷᠢᠯ
ᠰᠠᠢᠨ ᠴᠢᠮᠡᠭ ᠲᠡᠢ ᠯᠠᠭᠱᠠᠨ ᠤ᠋ ᠮᠠᠨᠳᠠᠯ ᠳᠡᠯᠭᠡᠷᠡᠭᠰᠡᠨ
ᠥᠯᠵᠡᠢ ᠲᠡᠢ ᠵᠠᠷᠯᠢᠭ ᠢ᠋ᠶ᠋ᠠᠷ ᠮᠠᠨ ᠤ᠋ ᠰᠡᠳᠬᠢᠯ ᠨᠣᠮᠣᠬᠠᠷᠠᠭᠰᠠᠨ
ᠸᠴᠢᠷ ᠮᠡᠲᠦ ᠭᠦᠨᠵᠡᠭᠡᠢ ᠲᠠᠭᠠᠯᠠᠯ ᠡᠷᠬᠡᠰᠢᠶᠡᠭᠰᠡᠨ
ᠢᠲᠡᠭᠡᠯᠲᠦ ᠬᠠᠮᠪᠤ ᠪᠯᠠᠮ᠎ᠠ ᠶ᠋ᠢᠨ ᠥᠯᠮᠡᠢ ᠳ᠋ᠦ᠍ ᠵᠠᠯᠪᠠᠷᠢᠨᠠᠮ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
2025.06.01
ᠮᠣᠭᠠᠢ ᠵᠢᠯ᠂ ᠮᠣᠭᠠᠢ ᠰᠠᠷ᠎ᠠ ᠶ᠋ᠢᠨ 6 ᠤ᠋ ᠴᠠᠭᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠡᠷᠳᠡᠮ ᠰᠢᠨᠵᠢᠯᠡᠭᠡ ᠶ᠋ᠢᠨ ᠤᠬᠠᠭᠠᠨᠲᠠᠨ ᠶᠡᠬᠡ ᠬᠤᠷᠠᠯ ᠬᠢᠵᠦ ᠪᠠᠢᠨ᠎ᠠ᠃ ᠢᠲᠡᠭᠡᠯᠲᠦ ᠪᠠᠭᠰᠢ᠄ 《 ᠭᠡᠭᠡᠷᠡᠭᠡ ᠦᠭᠡᠢ ᠦᠶ᠎ᠡ ᠪᠤᠷᠬᠠᠨ ᠲᠠᠢ ᠵᠣᠯᠭᠠᠬᠤ ᠪᠠᠷ ᠠᠷᠭ᠎ᠠ ᠦᠭᠡᠢ》ᠭᠡᠮᠡᠨ ᠠᠢᠯᠠᠳᠤᠯ᠎ᠠ᠃
2025.06.02
ᠮᠣᠭᠠᠢ ᠵᠢᠯ ᠂ ᠮᠣᠭᠠᠢ ᠰᠠᠷ᠎ᠠ ᠶ᠋ᠢᠨ 7 ᠤ᠋ ᠬᠠᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠯᠢᠩᠬᠤ᠎ᠠ ᠰᠠᠷᠠᠨ ᠤ᠋ ᠳᠡᠭᠡᠷ᠎ᠡ ᠪᠠᠳᠠᠷᠠᠭᠰᠠᠨ ᠰᠡᠯᠡᠮ᠎ᠡ ᠦᠵᠡᠭᠳᠡᠨ᠎ᠡ᠃ ᠢᠲᠡᠭᠡᠯᠲᠦ ᠪᠠᠭᠰᠢ᠄ 《 ᠵᠢᠷᠦᠬᠡᠨ ᠦ᠌᠂ ᠲᠣᠯᠣᠭᠠᠢ ᠶ᠋ᠢᠨ ᠬᠢᠭᠡᠳ ᠬᠣᠳᠣᠭᠣᠳᠣ ᠶ᠋ᠢᠨ ᠬᠡᠢ ᠨᠣᠮᠣᠬᠠᠷᠠᠭᠤᠯᠬᠤ ᠶ᠋ᠢᠨ ᠲᠥᠯᠥᠭᠡ <ᠬᠣᠮ> ᠦᠵᠦᠭ》ᠭᠡᠮᠡᠨ ᠠᠢᠯᠠᠳᠤᠯ᠎ᠠ᠃
2025.06.03
ᠮᠣᠭᠠᠢ ᠵᠢᠯ ᠂ ᠮᠣᠭᠠᠢ ᠰᠠᠷ᠎ᠠ ᠶ᠋ᠢᠨ 8 ᠤ᠋ ᠬᠠᠷᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠪᠯᠠᠮ᠎ᠠ ᠮᠠᠰᠢᠳᠠ ᠳᠣᠭᠰᠢᠨ ᠰᠠᠬᠢᠭᠤᠰᠤ ᠵᠠᠯᠠᠭᠠᠳ ᠪᠠᠢᠨ᠎ᠠ᠃ ᠢᠲᠡᠭᠡᠯᠲᠦ ᠪᠠᠭᠰᠢ᠄ 《ᠬᠡᠢ᠂ ᠭᠠᠯ᠂ ᠤᠰᠤᠨ ᠤ᠋ ᠮᠥᠨ ᠴᠢᠨᠠᠷ ᠲᠠᠢ》ᠭᠡᠮᠡᠨ ᠠᠢᠯᠠᠳᠤᠯ᠎ᠠ᠃
2025.06.04
ᠮᠣᠭᠠᠢ ᠵᠢᠯ ᠂ ᠮᠣᠭᠠᠢ ᠰᠠᠷ᠎ᠠ ᠶ᠋ᠢᠨ 9 ᠦ᠌ ᠬᠥᠬᠡ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠬᠡᠳᠦᠨ ᠬᠥᠮᠦᠨ ᠪᠤᠷᠬᠠᠨ ᠱᠠᠵᠢᠨ ᠢ᠋ᠶ᠋ᠠᠨ ᠳᠠᠮᠵᠢᠨ ᠭᠬᠢᠷ ᠲᠣᠭᠣᠰᠣ ᠠᠷᠢᠯᠭᠠᠵᠤ ᠪᠠᠢᠨ᠎ᠠ᠃ ᠢᠲᠡᠭᠡᠯᠲᠦ ᠪᠠᠭᠰᠢ᠄ 《 ᠪᠤᠶᠠᠨᠴᠢ ᠬᠥᠮᠦᠨ ᠦ᠌ ᠵᠠᠮ ᠨᠢ ᠠᠷᠢᠭᠤᠨ》ᠭᠡᠮᠡᠨ ᠠᠢᠯᠠᠳᠤᠯ᠎ᠠ᠃
2025.06.05
ᠮᠣᠭᠠᠢ ᠵᠢᠯ ᠂ ᠮᠣᠭᠠᠢ ᠰᠠᠷ᠎ᠠ ᠶ᠋ᠢᠨ 10 ᠤ᠋ ᠬᠥᠬᠡᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠬᠣᠲᠠᠯᠠ ᠴᠢᠭᠤᠯᠭᠠᠨ ᠤ᠋ ᠬᠥᠭᠵᠢᠮ ᠦ᠋ᠨ ᠲᠣᠭᠯᠠᠯᠲᠠ ᠰᠣᠨᠣᠰᠤᠭᠳᠠᠭ᠎ᠠ᠃ᠢᠲᠡᠭᠡᠯᠲᠦ ᠪᠠᠭᠰᠢ᠄ 《ᠪᠠᠶᠠᠰᠬᠤᠯᠠᠩᠲᠤ ᠰᠡᠳᠬᠢᠯ ᠦ᠋ᠨ ᠲᠠᠩᠭᠠᠷᠢᠭ》ᠭᠡᠮᠡᠨ ᠠᠢᠯᠠᠳᠤᠯ᠎ᠠ᠃
2025.06.06
ᠮᠣᠭᠠᠢ ᠵᠢᠯ᠂ ᠮᠣᠭᠠᠢ ᠰᠠᠷ᠎ᠠ ᠶ᠋ᠢᠨ 11 ᠦ᠌ ᠤᠯᠠᠭᠠᠨ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠣᠯᠠᠨ ᠶᠠᠩᠵᠤ ᠶ᠋ᠢᠨ ᠰᠤᠪᠤᠷᠭ᠎ᠠ ᠪᠣᠯᠤᠨ ᠨᠣᠮ ᠤ᠋ᠳ ᠦᠵᠡᠭᠳᠡᠨ᠎ᠡ᠃ ᠢᠲᠡᠭᠡᠯᠲᠦ ᠪᠠᠭᠰᠢ᠄ 《ᠬᠠᠮᠤᠭ ᠠᠮᠢᠲᠠᠨ ᠳ᠋ᠤ᠌ ᠲᠤᠰᠠ ᠬᠦᠷᠭᠡᠬᠦ ᠨᠢ ᠰᠢᠳᠢ ᠬᠦᠴᠦ》ᠭᠡᠮᠡᠨ ᠠᠢᠯᠠᠳᠤᠯ᠎ᠠ᠃
2025.06.07
ᠮᠣᠭᠠᠢ ᠵᠢᠯ ᠂ ᠮᠣᠭᠠᠢ ᠰᠠᠷ᠎ᠠ ᠶ᠋ᠢᠨ 12 ᠊ᠤᠨ ᠤᠯᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠠᠭᠯᠠᠭ ᠰᠠᠢᠬᠠᠨ ᠬᠠᠩᠭᠠᠢ ᠦᠵᠡᠭᠳᠡᠪᠡ᠃ᠢᠲᠡᠭᠡᠯᠲᠦ ᠪᠠᠭᠰᠢ᠄ 《ᠨᠣᠮ ᠤ᠋ᠨ ᠴᠢᠨᠠᠷ ᠲᠤ᠌ ᠰᠡᠩᠭᠢᠨᠡᠬᠦ ᠰᠠᠭᠤᠯᠭ᠎ᠠ( ᠰᠠᠭᠤᠳᠠᠯ) ᠲᠠᠢ》ᠭᠡᠮᠡᠨ ᠠᠢᠯᠠᠳᠤᠯ᠎ᠠ᠃
2025.06.08
ᠮᠣᠭᠠᠢ ᠵᠢᠯ ᠂ ᠮᠣᠭᠠᠢ ᠰᠠᠷ᠎ᠠ ᠶ᠋ᠢᠨ 12 ᠊ᠤᠨ ᠰᠢᠷ᠎ᠠ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠡᠷᠳᠡᠮ ᠰᠢᠨᠵᠢᠯᠡᠭᠡ ᠶ᠋ᠢᠨ ᠤᠬᠠᠭᠠᠨᠲᠠᠨ ᠠᠮᠢᠳᠤᠷᠠᠯ ᠰᠠᠢᠵᠢᠷᠠᠭᠤᠯᠬᠤ ᠭᠡᠳ ᠬᠠᠮᠤᠭ ᠶᠠᠭᠤᠮ᠎ᠠ ᠤᠬᠤᠭᠠᠳ ᠪᠠᠢᠨ᠎ᠠ᠃ᠢᠲᠡᠭᠡᠯᠲᠦ ᠪᠠᠭᠰᠢ᠄《ᠤᠬᠠᠭᠠᠨ ᠴᠣᠭᠣᠷᠣᠵᠤ ᠭᠡᠷᠡᠯᠲᠦᠭᠡ ᠦᠭᠡᠢ ᠴᠠᠭ ᠲᠤ᠌ ᠠᠮᠤᠭᠤᠯᠠᠩ ᠪᠠᠢᠳᠠᠯ ᠬᠡᠵᠢᠶ᠎ᠡ ᠴᠦ᠍ ᠦᠵᠡᠭᠳᠡᠬᠦ ᠦᠭᠡᠢ》ᠭᠡᠮᠡᠨ ᠠᠢᠯᠠᠳᠤᠯ᠎ᠠ᠃
2025.06.09
ᠮᠣᠭᠠᠢ ᠵᠢᠯ ᠂ ᠮᠣᠭᠠᠢ ᠰᠠᠷ᠎ᠠ ᠶ᠋ᠢᠨ 13 ᠤ᠋ ᠰᠢᠷᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠣᠯᠠᠨ ᠬᠥᠮᠦᠰ ᠮᠥᠷᠭᠥᠯ ᠢ᠋ᠶ᠋ᠡᠷ ᠢᠷᠡᠭᠰᠡᠨ ᠪᠠᠢᠨ᠎ᠠ᠃ ᠢᠲᠡᠭᠡᠯᠲᠦ ᠪᠠᠭᠰᠢ᠄ 《 ᠸᠴᠢᠷᠳᠠᠷ᠎ᠠ ᠪᠯᠠᠮ᠎ᠠ ᠶ᠋ᠢᠨ ᠠᠷᠭ᠎ᠠ ᠪᠠᠷ ᠳᠡᠭᠡᠳᠦ ᠰᠢᠳᠢ ᠬᠠᠢᠷᠠᠯᠠᠭᠲᠢ[хайрлагты]》ᠭᠡᠮᠡᠨ ᠠᠢᠯᠠᠳᠤᠯ᠎ᠠ᠃
2025.06.10
ᠮᠣᠭᠠᠢ ᠵᠢᠯ ᠂ ᠮᠣᠭᠠᠢ ᠰᠠᠷ᠎ᠠ ᠶ᠋ᠢᠨ 14 ᠦ᠌ ᠴᠠᠭᠠᠨ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠠᠯᠳᠠᠭ᠎ᠠ ᠭᠠᠷᠭᠠᠭᠰᠠᠨ ᠬᠥᠮᠦᠨ ᠳ᠋ᠦ᠍ ᠢᠲᠡᠭᠡᠯᠲᠦ ᠪᠠᠭᠰᠢ᠄ 《 ᠠᠮᠢᠳᠤ ᠶᠠᠪᠤᠬᠤ ᠶ᠋ᠢᠨ ᠭᠠᠪᠢᠶ᠎ᠠ ᠪᠠᠷ ᠵᠣᠪᠠᠯᠠᠩ ᠤ᠋ᠨ ᠴᠠᠭᠠᠨ᠎ᠠ ᠠᠮᠤᠭᠤᠯᠠᠩ ᠪᠠᠢᠳᠠᠭ》ᠭᠡᠮᠡᠨ ᠠᠢᠯᠠᠳᠤᠯ᠎ᠠ᠃
2025.06.11
ᠮᠣᠭᠠᠢ ᠵᠢᠯ ᠂ ᠮᠣᠭᠠᠢ ᠰᠠᠷ᠎ᠠ ᠶ᠋ᠢᠨ 15 ᠤ᠋ ᠴᠠᠭᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠥᠨᠳᠥᠷ ᠠᠭᠤᠯᠠ ᠶ᠋ᠢᠨ ᠣᠷᠣᠢ ᠳ᠋ᠤ᠌ ᠨᠢᠳᠦ ᠬᠠᠷᠭᠤᠮᠠ ᠣᠳᠣᠨ ᠭᠢᠯᠠᠯᠵᠠᠨ᠎ᠠ᠃ ᠢᠲᠡᠭᠡᠯᠲᠦ ᠪᠠᠭᠰᠢ᠄ 《ᠪᠤᠷᠬᠠᠨ ᠪᠠᠭᠰᠢ ᠶ᠋ᠢᠨ ᠦᠢᠯᠡ ᠪᠦᠲᠦᠭᠡᠭᠴᠢ ᠦᠨᠡᠨ ᠰᠡᠳᠬᠢᠯ》ᠭᠡᠮᠡᠨ ᠠᠢᠯᠠᠳᠤᠯ᠎ᠠ᠃
2025.06.12
ᠮᠣᠭᠠᠢ ᠵᠢᠯ᠂ ᠮᠣᠭᠠᠢ ᠰᠠᠷ᠎ᠠ ᠶ᠋ᠢᠨ 16 ᠤ᠋ ᠬᠠᠷ᠎ᠠ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠤᠬᠠᠭᠠᠨ ᠪᠢᠯᠢᠭ ᠲᠡᠭᠦᠯᠳᠡᠷ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄ 《ᠤᠬᠠᠭᠠᠨ ᠠ᠋ᠴᠠ ᠭᠠᠷᠤᠭᠰᠠᠨ ᠪᠣᠳᠣᠯ ᠤ᠋ᠳ ᠤ᠋ᠨ ᠵᠠᠪᠰᠠᠷ ᠲᠤ᠌ ᠬᠣᠭᠣᠰᠣᠨ ᠴᠢᠨᠠᠷ ᠪᠡᠷᠢ》ᠭᠡᠮᠡᠨ ᠠᠢᠯᠠᠳᠤᠯ᠎ᠠ᠃
2025.06.13
ᠮᠣᠭᠠᠢ ᠵᠢᠯ᠂ ᠮᠣᠭᠠᠢ ᠰᠠᠷ᠎ᠠ ᠶ᠋ᠢᠨ 17 ᠤ᠋ ᠬᠠᠷᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠤᠯᠠᠭᠠᠨ ᠰᠠᠬᠢᠭᠤᠰᠤᠨ ᠦᠵᠡᠭᠳᠡᠪᠡ᠃ ᠢᠲᠡᠭᠡᠯᠲᠦ ᠪᠠᠭᠰᠢ᠄ 《ᠥᠭᠯᠢᠭᠡ ᠲᠠᠬᠢᠯ ᠤ᠋ᠨ ᠬᠡᠰᠢᠭ》 ᠭᠡᠮᠡᠨ ᠠᠢᠯᠠᠳᠤᠯ᠎ᠠ᠃
2025.06.14
ᠮᠣᠭᠠᠢ ᠵᠢᠯ ᠂ ᠮᠣᠭᠠᠢ ᠰᠠᠷ᠎ᠠ ᠶ᠋ᠢᠨ 18 ᠤ᠋ ᠬᠥᠬᠡ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《ᠤᠬᠠᠭᠠᠨ ᠠ᠋ᠴᠠ ᠭᠠᠷᠤᠭᠰᠠᠨ ᠶᠢᠷᠲᠢᠨᠴᠦ》ᠭᠡᠨ᠎ᠡ᠃ᠢᠲᠡᠭᠡᠯᠲᠦ ᠪᠠᠭᠰᠢ᠄ 《ᠥᠩᠭᠡᠲᠦ ᠶᠢᠷᠲᠢᠨᠴᠦ ᠠᠯᠲᠠᠨ ᠰᠤᠳᠤᠷᠠ᠋ᠴᠠ ᠡᠬᠢ ᠲᠡᠢ》ᠭᠡᠮᠡᠨ ᠠᠢᠯᠠᠳᠤᠯ᠎ᠠ᠃
2025.06.15
ᠮᠣᠭᠠᠢ ᠵᠢᠯ ᠂ ᠮᠣᠭᠠᠢ ᠰᠠᠷ᠎ᠠ ᠶ᠋ᠢᠨ 19 ᠦ᠌ ᠬᠥᠬᠡᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠢᠯᠴᠢ ᠲᠡᠢ ᠵᠠᠮ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄ 《ᠦᠢᠯᠡ ᠪᠦᠲᠦᠭᠡᠬᠦ ᠬᠦᠴᠦ ᠴᠢᠳᠠᠯ》ᠭᠡᠮᠡᠨ ᠠᠢᠯᠠᠳᠤᠯ᠎ᠠ᠃
2025.06.16
ᠮᠣᠭᠠᠢ ᠵᠢᠯ᠂ ᠮᠣᠭᠠᠢ ᠰᠠᠷ᠎ᠠ ᠶ᠋ᠢᠨ 20 ᠤ᠋ ᠤᠯᠠᠭᠠᠨ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠥᠪᠡᠷ ᠦ᠋ᠨ ᠠᠷᠢᠭᠤᠨ ᠴᠠᠭᠠᠨ ᠰᠡᠳᠬᠢᠯ ᠢ᠋ ᠰᠠᠬᠢᠨ᠎ᠠ᠃ ᠢᠲᠡᠭᠡᠯᠲᠦ ᠪᠠᠭᠰᠢ ᠄《 ᠰᠢᠯᠲᠠᠭᠠᠨ ᠤ᠋ ᠦᠢᠯᠡ ᠪᠦᠲᠦᠨ᠎ᠡ》ᠭᠡᠮᠡᠨ ᠠᠢᠯᠠᠳᠤᠯ᠎ᠠ᠃
2025.06.17
ᠮᠣᠭᠠᠢ ᠵᠢᠯ᠂ ᠮᠣᠭᠠᠢ ᠰᠠᠷ᠎ᠠ ᠶ᠋ᠢᠨ 21 ᠦ᠌ ᠤᠯᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠲᠣᠮᠣ ᠭᠣᠣᠯ ᠲᠠᠢ ᠵᠤᠯᠠ ᠪᠠᠳᠠᠷᠠᠵᠤ ᠪᠠᠢᠨ᠎ᠠ᠃ ᠢᠲᠡᠭᠡᠯᠲᠦ ᠪᠠᠭᠰᠢ ᠄《ᠭᠣᠣᠯᠠ᠋ᠴᠠ ᠴᠢᠨᠠᠷ ᠲᠠᠢ ᠤᠬᠠᠭᠠᠨ ᠰᠡᠳᠬᠢᠯ ᠮᠤᠩᠬᠠᠭ ᠤ᠋ᠨ ᠬᠠᠷᠠᠩᠭᠤᠢ ᠶ᠋ᠢ ᠭᠡᠷᠡᠯᠲᠦᠭᠦᠯᠬᠦ ᠤᠴᠢᠷᠲᠠᠢ》 ᠭᠡᠮᠡᠨ ᠠᠢᠯᠠᠳᠤᠯ᠎ᠠ᠃
2025.06.18
ᠮᠣᠭᠠᠢ ᠵᠢᠯ ᠂ ᠮᠣᠭᠠᠢ ᠰᠠᠷ᠎ᠠ ᠶ᠋ᠢᠨ 22 ᠊ᠤᠨ ᠰᠢᠷ᠎ᠠ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠰᠠᠢᠨ ᠶᠠᠪᠤᠳᠠᠯ ᠳ᠋ᠤ᠌ ᠣᠷᠣᠬᠤ ᠶ᠋ᠢᠨ ᠲᠥᠯᠥᠭᠡ ᠪᠣᠮᠰᠢ ᠪᠦᠲᠦᠭᠡᠵᠦ ᠪᠠᠢᠨ᠎ᠠ᠃ ᠢᠲᠡᠭᠡᠯᠲᠦ ᠪᠠᠭᠰᠢ᠄《ᠬᠢᠯᠢᠨᠴᠡ ᠡᠴᠡ ᠭᠡᠮᠰᠢᠵᠦ ᠶᠠᠪᠤᠬᠤ ᠪᠠᠷ ᠪᠤᠶᠠᠨ ᠡᠳ᠋ᠯᠡᠵᠦ ᠶᠠᠪᠤᠭᠲᠢ[явагты]》ᠭᠡᠮᠡᠨ ᠠᠢᠯᠠᠳᠤᠯ᠎ᠠ᠃
2025.06.19
ᠮᠣᠭᠠᠢ ᠵᠢᠯ᠂ ᠮᠣᠭᠠᠢ ᠰᠠᠷ᠎ᠠ ᠶ᠋ᠢᠨ 23 ᠤ᠋ ᠰᠢᠷᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠪᠤᠷᠬᠠᠨ ᠪᠠᠭᠰᠢ ᠶ᠋ᠢᠨ ᠦᠢᠯᠡ ᠲᠡᠳᠬᠦᠬᠦ ᠶ᠋ᠢᠨ ᠲᠤᠯᠠ 10 ᠰᠠᠬᠢᠭᠤᠰᠤ ᠵᠠᠯᠠᠷᠠᠭ᠎ᠠ᠃ ᠢᠲᠡᠭᠡᠯᠲᠦ ᠪᠠᠭᠰᠢ᠄ 《 ᠳ᠋ᠠᠼᠠᠩ ᠬᠡᠢᠳ ᠦ᠋ᠨ ᠲᠠᠩᠭᠠᠷᠢᠭᠲᠠᠨ ᠤ᠋ ᠬᠦᠴᠦ ᠴᠢᠳᠠᠯ》ᠭᠡᠮᠡᠨ ᠠᠢᠯᠠᠳᠤᠯ᠎ᠠ᠃
2025.06.20
ᠮᠣᠭᠠᠢ ᠵᠢᠯ᠂ ᠮᠣᠭᠠᠢ ᠰᠠᠷ᠎ᠠ ᠶ᠋ᠢᠨ 24 ᠦ᠌ ᠴᠠᠭᠠᠨ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠯᠠᠮᠠ ᠠᠪᠤᠷᠠᠯ ᠣᠲᠣᠭᠤᠯᠵᠤ ᠶᠠᠪᠤᠨ᠎ᠠ᠃ ᠢᠲᠡᠭᠡᠯᠲᠦ ᠪᠠᠭᠰᠢ ᠄《3 ᠡᠷᠳᠡᠨᠢ ᠶ᠋ᠢᠨ ᠮᠥᠨ ᠴᠢᠨᠠᠷ ᠤ᠋ᠨ ᠲᠤᠰᠠ ᠠᠮᠤᠭᠤᠯᠠᠩ ᠤ᠋ᠨ ᠣᠷᠣᠨ》ᠭᠡᠮᠡᠨ ᠠᠢᠯᠠᠳᠤᠯ᠎ᠠ᠃
2025.06.21
ᠮᠣᠭᠠᠢ ᠵᠢᠯ ᠂ ᠮᠣᠭᠠᠢ ᠰᠠᠷ᠎ᠠ ᠶ᠋ᠢᠨ 26 ᠤ᠋ ᠴᠠᠭᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠦᠢᠯᠡ ᠬᠡᠷᠡᠭ ᠶᠠᠭᠤ ᠪᠦᠲᠦᠭᠡᠨ᠎ᠡ》ᠭᠡᠵᠦ ᠠᠰᠠᠭᠤᠨ᠎ᠠ᠃ ᠢᠲᠡᠭᠡᠯᠲᠦ ᠪᠠᠭᠰᠢ ᠄《 ᠵᠠᠯᠬᠠᠭᠤᠷᠠᠬᠤ ᠦᠭᠡᠢ ᠠᠷᠭ᠎ᠠ ᠪᠢᠯᠢᠭ ᠬᠣᠶᠠᠷ ᠢ᠋ ᠬᠡᠷᠡᠭᠯᠡᠭᠲᠢ[хэргэлэгты]》ᠭᠡᠮᠡᠨ ᠠᠢᠯᠠᠳᠤᠯ᠎ᠠ᠃
2025.06.22
ᠮᠣᠭᠠᠢ ᠵᠢᠯ ᠂ ᠮᠣᠭᠠᠢ ᠰᠠᠷ᠎ᠠ ᠶ᠋ᠢᠨ 27 ᠤ᠋ ᠬᠠᠷ᠎ᠠ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠪᠤᠷᠬᠠᠨ ᠪᠠᠭᠰᠢ ᠳ᠋ᠤ᠌ ᠶᠡᠬᠡ ᠰᠦᠵᠢᠭ ᠲᠡᠢ ᠪᠠᠢᠨ᠎ᠠ᠃ ᠢᠲᠡᠭᠡᠯᠲᠦ ᠪᠠᠭᠰᠢ ᠄《ᠦᠨᠡᠨ ᠡᠴᠦᠰ ᠲᠦ᠍ ᠬᠦᠷᠭᠡᠬᠦ ᠬᠣᠭᠣᠰᠣᠨ ᠴᠢᠨᠠᠷ ᠤ᠋ᠨ ᠵᠢᠷᠦᠬᠡ》ᠭᠡᠮᠡᠨ ᠠᠢᠯᠠᠳᠤᠯ᠎ᠠ᠃
2025.06.23
ᠮᠣᠭᠠᠢ ᠵᠢᠯ ᠂ᠮᠣᠭᠠᠢ ᠰᠠᠷ᠎ᠠ ᠶ᠋ᠢᠨ 28 ᠤ᠋ ᠬᠠᠷᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠪᠤᠷᠬᠠᠨ ᠪᠠᠭᠰᠢ ᠶ᠋ᠢ ᠦᠵᠡᠵᠦ ᠡᠯᠳᠡᠪ ᠮᠠᠭᠤ ᠶᠠᠪᠤᠳᠠᠯᠠ᠋ᠴᠠ ᠭᠠᠷᠤᠭᠰᠠᠨ》 ᠭᠡᠨ᠎ᠡ᠃ ᠢᠲᠡᠭᠡᠯᠲᠦ ᠪᠠᠭᠰᠢ᠄ 《ᠡᠨᠡ ᠰᠠᠢᠨ ᠦᠢᠯᠡ ᠶ᠋ᠢᠨ ᠴᠢᠳᠠᠯ ᠢ᠋ᠶ᠋ᠠᠷ ᠠᠮᠢᠲᠠᠨ ᠪᠦᠭᠦᠳᠡ ᠶ᠋ᠢᠨ ᠬᠡᠷᠡᠭ ᠪᠦᠲᠦᠬᠦ》ᠭᠡᠮᠡᠨ ᠠᠢᠯᠠᠳᠤᠯ᠎ᠠ᠃
2025.06.24
ᠮᠣᠭᠠᠢ ᠵᠢᠯ ᠂ ᠮᠣᠭᠠᠢ ᠰᠠᠷ᠎ᠠ ᠶ᠋ᠢᠨ 29 ᠦ᠌ ᠬᠥᠬᠡ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠦ᠌ ᠤᠬᠠᠭᠠᠨ ᠰᠡᠳᠬᠢᠯ ᠳ᠋ᠦ᠍ ᠲᠠᠷᠨᠢ ᠶ᠋ᠢᠨ ᠨᠣᠮ ᠰᠠᠢᠨ ᠰᠢᠩᠭᠡᠭᠡ᠃ ᠢᠲᠡᠭᠡᠯᠲᠦ ᠪᠠᠭᠰᠢ᠄ 《 ᠨᠢᠰᠸᠠᠨᠢᠰ ᠢ᠋ ᠨᠣᠮᠣᠬᠠᠷᠠᠭᠤᠯᠬᠤ ᠨᠣᠮ ᠤ᠋ᠨ ᠬᠦᠴᠦ》ᠭᠡᠮᠡᠨ ᠠᠢᠯᠠᠳᠤᠯ᠎ᠠ᠃
2025.06.25
ᠮᠣᠭᠠᠢ ᠵᠢᠯ ᠂ ᠮᠣᠭᠠᠢ ᠰᠠᠷ᠎ᠠ ᠶ᠋ᠢᠨ 30 ᠤ᠋ ᠬᠥᠬᠡᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠬᠠᠮᠤᠭ ᠶᠠᠭᠤᠮ᠎ᠠ ᠡᠬᠢ ᠦᠭᠡᠢ ᠭᠡᠵᠦ ᠰᠣᠨᠣᠰᠤᠭᠳᠠᠭ᠎ᠠ᠃ᠢᠲᠡᠭᠡᠯᠲᠦ ᠪᠠᠭᠰᠢ᠄ 《ᠪᠤᠷᠬᠠᠨ ᠪᠠᠭᠰᠢ ᠶ᠋ᠢᠨ ᠦᠢᠯᠡ ᠪᠦᠲᠦᠭᠡᠬᠦ ᠶ᠋ᠢᠨ ᠲᠥᠯᠥᠭᠡ ᠣᠷᠴᠢᠯᠠᠩ ᠶᠢᠷᠲᠢᠨᠴᠦ ᠶ᠋ᠢᠨ ᠵᠥᠪ ᠲᠡᠢᠰᠢ ᠨᠢ ᠬᠤᠪᠢᠷᠠᠭᠤᠯᠬᠤ ᠬᠡᠷᠡᠭᠲᠡᠢ》ᠭᠡᠮᠡᠨ ᠠᠢᠯᠠᠳᠤᠯ᠎ᠠ᠃
2025.06.26
ᠮᠣᠭᠠᠢ ᠵᠢᠯ ᠂ ᠮᠣᠷᠢ ᠰᠠᠷ᠎ᠠ ᠶ᠋ᠢᠨ1 ᠦ᠌ ᠤᠯᠠᠭᠠᠨ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠮᠠᠭᠤ ᠰᠠᠨᠠᠭ᠎ᠠ ᠪᠣᠯᠤᠨ ᠳᠠᠢᠰᠤᠨ ᠲᠣᠳᠬᠠᠷ ᠢ᠋ ᠪᠤᠴᠠᠭᠠᠵᠤ ᠪᠠᠢᠨ᠎ᠠ᠃ᠢᠲᠡᠭᠡᠯᠲᠦ ᠪᠠᠭᠰᠢ᠄ 《 ᠤᠬᠠᠭᠠᠨ ᠰᠡᠳᠬᠢᠯ ᠢ᠋ ᠰᠢᠨᠵᠢᠭᠡᠳ ᠠᠶᠠᠨ ᠳ᠋ᠤ᠌ ᠨᠢ ᠵᠣᠬᠢᠳ ᠢ᠋ᠶ᠋ᠠᠷ ᠪᠤᠴᠠᠭᠠᠵᠤ ᠪᠠᠢ》ᠭᠡᠮᠡᠨ ᠠᠢᠯᠠᠳᠤᠯ᠎ᠠ᠃
2025.06.27
ᠮᠣᠭᠠᠢ ᠵᠢᠯ ᠂ ᠮᠣᠷᠢ ᠰᠠᠷ᠎ᠠ ᠶ᠋ᠢᠨ 2 ᠊ᠤᠨ ᠤᠯᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠠᠯᠲᠠᠨ ᠭᠠᠳᠠᠰᠤ ᠣᠳᠣᠨ ᠢᠯᠡ ᠦᠵᠡᠭᠳᠡᠨ᠎ᠡ᠃ ᠢᠲᠡᠭᠡᠯᠲᠦ ᠪᠠᠭᠰᠢ ᠄《 ᠰᠡᠳᠬᠢᠯ ᠦ᠋ᠨ ᠨᠢᠳᠦᠨ ᠬᠣᠭᠣᠰᠣᠨ ᠴᠢᠨᠠᠷ ᠤ᠋ᠨ ᠬᠠᠷᠠᠭ᠎ᠠ ᠲᠠᠢ》ᠭᠡᠮᠡᠨ ᠠᠢᠯᠠᠳᠤᠯ᠎ᠠ᠃
2025.06.28
ᠮᠣᠭᠠᠢ ᠵᠢᠯ᠂ ᠮᠣᠷᠢ ᠰᠠᠷ᠎ᠠ ᠶ᠋ᠢᠨ 3 ᠤ᠋ ᠰᠢᠷ᠎ᠠ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《 ᠶᠧᠯᠸᠢ ᠶ᠋ᠢᠨ ᠣᠷᠣᠨ ᠬᠣᠶᠠᠷ ᠲᠠᠯ᠎ᠠ ᠲᠠᠢ》 ᠭᠡᠨ᠎ᠡ᠃ ᠢᠲᠡᠭᠡᠯᠲᠦ ᠪᠠᠭᠰᠢ ᠄《 ᠨᠢᠰᠸᠠᠨᠢᠰ ᠤ᠋ᠨ ᠲᠡᠯᠡᠭ(ᠬᠦᠷᠢᠶ᠎ᠡ) ᠳᠣᠲᠣᠷ᠎ᠠ ᠣᠷᠴᠢᠨ ᠪᠠᠢᠭᠠᠯᠢ ᠶ᠋ᠢᠨ ᠲᠣᠳᠣ ᠭᠡᠷᠡᠯ ᠦᠵᠡᠬᠦᠯᠦᠭᠡ》ᠭᠡᠮᠡᠨ ᠠᠢᠯᠠᠳᠤᠯ᠎ᠠ᠃
2025.06.29
ᠮᠣᠭᠠᠢ ᠵᠢᠯ᠂ ᠮᠣᠷᠢ ᠰᠠᠷ᠎ᠠ ᠶ᠋ᠢᠨ 4 ᠦ᠌ ᠰᠢᠷᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠠᠵᠤ ᠠᠮᠢᠳᠤᠷᠠᠯ ᠳ᠋ᠤ᠌ ᠴᠢᠬᠤᠯᠠ ᠬᠡᠷᠡᠭᠯᠡᠬᠦ ᠶᠠᠭᠤ ᠪᠠᠢᠨ᠎ᠠ》 ᠭᠡᠵᠦ ᠠᠰᠠᠭᠤᠨ᠎ᠠ᠃ ᠢᠲᠡᠭᠡᠯᠲᠦ ᠪᠠᠭᠰᠢ ᠄《ᠤᠬᠠᠭᠠᠨ ᠰᠡᠳᠬᠢᠯ ᠬᠣᠶᠠᠷ ᠤ᠋ᠨ ᠬᠣᠭᠣᠷᠣᠨᠳᠣ ᠶ᠋ᠢᠨ ᠲᠣᠳᠣ ᠭᠡᠷᠡᠯ ᠦ᠋ᠨ ᠦᠵᠡᠭᠳᠡᠯ ᠬᠡᠷᠡᠭᠲᠡᠢ ᠮᠥᠨ》ᠭᠡᠮᠡᠨ ᠠᠢᠯᠠᠳᠤᠯ᠎ᠠ᠃
2025.06.30
ᠮᠣᠭᠠᠢ ᠵᠢᠯ᠂ ᠮᠣᠷᠢ ᠰᠠᠷ᠎ᠠ ᠶ᠋ᠢᠨ 5 ᠤ᠋ ᠴᠠᠭᠠᠨ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠮᠠᠨᠢ ᠮᠢᠭᠽᠸᠮ ᠤᠩᠰᠢᠭᠰᠠᠭᠠᠷ ᠪᠦᠷᠢ ᠨᠣᠮᠣᠬᠠᠷᠠᠵᠤ ᠪᠠᠢᠨ᠎ᠠ᠃ ᠢᠲᠡᠭᠡᠯᠲᠦ ᠪᠠᠭᠰᠢ ᠄《 ᠰᠡᠳᠬᠢᠯ ᠢ᠋ ᠲᠡᠭᠰᠢ ᠪᠠᠷᠢᠵᠤ ᠴᠢᠳᠠᠪᠠᠯ ᠵᠠᠪᠠᠯ ᠪᠤᠷᠬᠠᠨ ᠪᠣᠯᠤᠨ᠎ᠠ》ᠭᠡᠮᠡᠨ ᠠᠢᠯᠠᠳᠤᠯ᠎ᠠ᠃
ᠢᠷᠡᠯᠲᠡ᠄ ᠢᠪᠠᠯᠭ᠎ᠠ ᠶ᠋ᠢᠨ ᠳ᠋ᠠᠼᠠᠩ 《 ᠬᠠᠮᠪᠤ ᠶ᠋ᠢᠨ ᠬᠦᠷᠢᠶ᠎ᠡ》
ᠦᠰᠦᠭ ᠠᠮᠢᠯᠠᠭᠤᠯᠤᠭᠴᠢ᠄ ᠠᠯᠲᠠᠨᠨᠠᠪᠴᠢ
ᠬᠢᠨᠠᠭᠴᠢ᠄ ᠣᠳᠬᠠᠨᠰᠣ᠎ᠠ
