ᠴᠢᠩᠭᠢᠰ ᠪᠣᠭᠳᠠ ᠶ᠋ᠢᠨ ᠦᠭᠡᠰ ᠦ᠋ᠨ ᠴᠢᠭᠤᠯᠭᠠᠨ-ᠣᠷᠣᠰᠢᠯ-ᠨᠠᠷᠠᠨᠸᠴᠢᠷЧингис богдын үгсийн чуулган-Оршил-Наран очир
ᠴᠢᠩᠭᠢᠰ ᠬᠠᠭᠠᠨ— ᠰᠤᠳᠤᠯᠭᠠᠨ ᠤ᠋ ᠴᠤᠪᠤᠷᠠᠯ- ᠣᠷᠣᠰᠢᠯ
ᠴᠢᠩᠭᠢᠰ ᠬᠠᠭᠠᠨ— ᠰᠤᠳᠤᠯᠭᠠᠨ ᠤ᠋ ᠴᠤᠪᠤᠷᠠᠯ
ᠣᠷᠣᠰᠢᠯ
ᠴᠢᠩᠭᠢᠰ ᠬᠠᠭᠠᠨ ᠤ᠋ ᠦᠭᠡ ᠶᠠᠷᠢᠶ᠎ᠠ ᠪᠣᠯᠤᠨ ᠪᠢᠯᠢᠭ ᠰᠤᠷᠭᠠᠯ ᠤ᠋ᠳ 13—14 ᠳ᠋ᠦ᠍ᠭᠡᠷ ᠵᠠᠭᠤᠨ ᠤ᠋ ᠶᠡᠬᠡ ᠮᠣᠩᠭᠣᠯ ᠤᠯᠤᠰ ᠤ᠋ᠨ ᠠᠯᠪᠠᠨ ᠪᠢᠴᠢᠭ᠂ ᠲᠡᠦᠬᠡᠨ ᠵᠣᠬᠢᠶᠠᠯ ᠵᠡᠷᠭᠡ ᠳ᠋ᠦ᠍ ᠪᠢᠴᠢᠭᠲᠡᠨ ᠲᠡᠮᠳᠡᠭᠯᠡᠭᠳᠡᠵᠦ᠂ ᠲᠤᠬᠠᠢ ᠶ᠋ᠢᠨ ᠦᠶ᠎ᠡ ᠶ᠋ᠢᠨ ᠢ᠋ᠶ᠋ᠡᠨ ᠤᠯᠤᠰ ᠲᠥᠷᠥ ᠪᠣᠯᠤᠨ ᠠᠮᠢᠳᠤᠷᠠᠯ ᠤ᠋ᠨ ᠥᠷᠭᠡᠨ ᠬᠦᠷᠢᠶᠡᠨ ᠳ᠋ᠦ᠍ ᠵᠢᠯᠣᠭᠣᠳᠤᠮᠵᠢ ᠶ᠋ᠢᠨ ᠦᠢᠯᠡᠳᠦᠯ ᠦᠵᠡᠭᠦᠯᠵᠦ ᠪᠠᠢᠭᠰᠠᠨ᠃ 17—19 ᠳ᠋ᠦ᠍ᠭᠡᠷ ᠵᠠᠭᠤᠨ ᠤ᠋ ᠮᠣᠩᠭᠣᠯ ᠤ᠋ᠨ ᠲᠡᠦᠬᠡᠨ ᠪᠢᠴᠢᠭ ᠦ᠋ᠳ ᠲᠦ᠍ ᠴᠦ᠍ ᠴᠢᠩᠭᠢᠰ ᠬᠠᠭᠠᠨ ᠤ᠋ ᠦᠢᠯᠡ ᠠᠵᠢᠯᠯᠠᠭ᠎ᠠ ᠪᠣᠯᠤᠨ ᠦᠭᠡ ᠶᠠᠷᠢᠶ᠎ᠠ ᠨᠢ ᠪᠤᠰᠤᠳ ᠬᠠᠭᠠᠳ ᠠ᠋ᠴᠠ ᠢᠯᠡᠭᠦᠦ ᠬᠠᠭᠤᠳᠠᠰᠤ ᠡᠵᠡᠯᠡᠳᠡᠭ᠃ ᠡᠳᠡᠭᠡᠷ ᠲᠡᠦᠬᠡᠨ ᠵᠣᠬᠢᠶᠠᠯ ᠤ᠋ᠳ ᠲᠤ᠌ ᠴᠢᠩᠭᠢᠰ ᠬᠠᠭᠠᠨ ᠤ᠋ ᠦᠭᠡᠰ ᠲᠡᠮᠳᠡᠭᠯᠡᠭᠳᠡᠬᠦ ᠪᠠᠢᠭᠰᠠᠨ ᠪᠤᠶᠤ ᠵᠠᠷᠢᠮ ᠪᠢᠯᠢᠭ ᠰᠤᠷᠭᠠᠯ ᠤ᠋ᠳ ᠨᠢ ᠲᠤᠰᠠᠭᠠᠷ ᠳᠡᠪᠲᠡᠷᠯᠡᠭᠳᠡᠵᠦ᠂ ᠮᠣᠩᠭᠣᠯᠴᠤᠳ ᠤ᠋ᠨ ᠲᠡᠦᠬᠡᠨ ᠤᠷᠲᠤ ᠬᠤᠭᠤᠴᠠᠭᠠᠨ ᠳ᠋ᠤ᠌ ᠴᠢᠬᠤᠯᠠ ᠦᠢᠯᠡᠳᠦᠯ ᠦᠵᠡᠭᠦᠯᠦᠭᠰᠡᠭᠡᠷ ᠢᠷᠡᠵᠡᠢ᠃
20 ᠳ᠋ᠤᠭᠠᠷ ᠵᠠᠭᠤᠨ ᠤ᠋ ᠡᠬᠢᠨ ᠡᠴᠡ 21 ᠳ᠋ᠦ᠍ᠭᠡᠷ ᠵᠠᠭᠤᠨ ᠤ᠋ ᠡᠬᠢᠨ ᠪᠣᠯᠲᠠᠯ᠎ᠠ ᠴᠢᠩᠭᠢᠰ ᠬᠠᠭᠠᠨ ᠤ᠋ ᠪᠢᠯᠢᠭ ᠰᠤᠷᠭᠠᠯ ᠢ᠋ ᠡᠮᠬᠢᠳᠬᠡᠭᠰᠡᠨ ᠲᠤᠰᠬᠠᠢ ᠲᠣᠪᠬᠢᠮᠠᠯ ᠤ᠋ᠳ ᠡᠳᠦᠢ ᠲᠡᠳᠦᠢ ᠬᠡᠪᠯᠡᠭᠳᠡᠨ ᠭᠠᠷᠤᠭᠠᠳ ᠪᠠᠢᠨ᠎ᠠ᠃
1. 1915 ᠣᠨ ᠳ᠋ᠤ᠌ ᠫᠷᠣᠹᠧᠰᠰᠣᠷ ᠴᠠᠸᠠᠩ 《ᠰᠣᠳᠣ ᠪᠣᠭᠳᠠ ᠴᠢᠩᠭᠢᠰ ᠬᠠᠭᠠᠨ ᠤ᠋ ᠠᠯᠲᠠᠨ ᠰᠤᠷᠭᠠᠯ ᠣᠷᠣᠰᠢᠪᠠ》ᠬᠡᠮᠡᠬᠦ ᠵᠢᠵᠢᠭ ᠲᠣᠪᠬᠢᠮᠠᠯ ᠬᠡᠪᠯᠡᠭᠦᠯᠵᠡᠢ᠃ ᠡᠭᠦᠨ ᠢ᠋1999 ᠣᠨ ᠤ᠋ ᠳ᠋ᠣᠺᠲ᠋ᠣᠷ ᠠ᠋· ᠫᠦᠷᠪᠦᠵᠠᠪ ᠺᠢᠷᠢᠯ ᠦᠰᠦᠭ ᠲᠦ᠍ ᠪᠠᠭᠤᠯᠭᠠᠨ᠂ ᠲᠠᠢᠯᠪᠤᠷᠢ ᠵᠡᠭᠦᠯᠲᠡ ᠶ᠋ᠢᠨ ᠬᠠᠮᠲᠤ ᠬᠡᠪᠯᠡᠭᠦᠯᠵᠡᠢ᠃
2. 1924 ᠣᠨ ᠳ᠋ᠤ᠌ ᠮᠣᠩᠭᠣᠯ ᠤᠯᠤᠰ ᠤ᠋ᠨ ᠰᠤᠳᠤᠷ ᠪᠢᠴᠢᠭ ᠦ᠋ᠨ ᠬᠦᠷᠢᠶᠡᠯᠡᠩ ᠡᠴᠡ ᠡᠷᠬᠢᠯᠡᠨ ᠬᠡᠪᠯᠡᠭᠦᠯᠦᠭᠰᠡᠨ《ᠴᠢᠩᠭᠢᠰ ᠪᠣᠭᠳᠠ ᠶ᠋ᠢᠨ ᠳᠤᠷᠠᠰᠬᠠᠯ ᠤ᠋ᠨ ᠲᠡᠭᠦᠪᠦᠷᠢ 》ᠭᠡᠰᠡᠨ ᠲᠣᠪᠬᠢᠮᠠᠯ ᠢ᠋ 1926 ᠣᠨ ᠳ᠋ᠤ᠌ ᠲᠡᠮᠬᠡᠲᠦ ᠪᠡᠭᠡᠵᠢᠩ ᠬᠣᠲᠠ ᠳ᠋ᠤ᠌ ᠮᠣᠩᠭᠣᠯ ᠪᠢᠴᠢᠭ ᠦ᠋ᠨ ᠬᠣᠷᠢᠶᠠᠨ ᠠ᠋ᠴᠠ ᠳᠠᠬᠢᠨ ᠬᠡᠪᠯᠡᠨ ᠭᠠᠷᠭᠠᠵᠠᠢ᠃ ᠡᠭᠦᠨ ᠢ᠋ ᠮᠥᠨ ᠳ᠋ᠣᠺᠲ᠋ᠣᠷ ᠠ᠋· ᠫᠦᠷᠪᠦᠵᠠᠪ 2000 ᠣᠨ ᠳ᠋ᠤ᠌ ᠺᠢᠷᠢᠯ ᠦᠰᠦᠭ ᠲᠦ᠍ ᠪᠠᠭᠤᠯᠭᠠᠨ᠂ ᠲᠠᠢᠯᠪᠤᠷᠢ ᠵᠡᠭᠦᠯᠲᠡ ᠶ᠋ᠢᠨ ᠬᠠᠮᠲᠤ ᠬᠡᠪᠯᠡᠭᠦᠯᠵᠡᠢ᠃
3. ᠠᠺᠠᠳᠧᠮᠢᠴᠢ ᠴ· ᠳᠠᠮᠳᠢᠨᠰᠦ᠋ᠷᠦᠩ1959 ᠣᠨ ᠳ᠋ᠤ᠌ ᠬᠡᠪᠯᠡᠭᠦᠯᠦᠭᠰᠡᠨ 《ᠮᠣᠩᠭᠣᠯ ᠤᠷᠠᠨ ᠵᠣᠬᠢᠶᠠᠯ ᠤ᠋ᠨ ᠳᠡᠭᠡᠵᠢ ᠵᠠᠭᠤᠨ ᠪᠢᠯᠢᠭ ᠣᠷᠣᠰᠢᠪᠠᠢ》 ᠬᠡᠮᠡᠬᠦ ᠪᠦᠲᠦᠭᠡᠯ ᠳ᠋ᠡᠭᠡᠨ《ᠴᠢᠩᠭᠢᠰ ᠦ᠋ᠨ ᠪᠢᠯᠢᠭ》 ᠢ᠋ ᠲᠤᠰᠬᠠᠢᠯᠠᠨ ᠡᠮᠬᠢᠳᠬᠡᠨ ᠣᠷᠣᠭᠤᠯᠵᠠᠢ᠃
4. ᠬᠡ᠊ · ᠨᠠᠮᠵᠢᠯ1989 ᠣᠨ ᠳ᠋ᠤ᠌ ᠬᠠᠢᠯᠠᠷ ᠬᠣᠲᠠᠨ᠎ᠠ《 ᠴᠢᠩᠭᠢᠰ ᠬᠠᠭᠠᠨ ᠤ᠋ ᠵᠠᠰᠠᠭ ᠪᠠ ᠪᠢᠯᠢᠭ》ᠭᠡᠬᠦ ᠨᠣᠮ ᠬᠡᠪᠯᠡᠭᠦᠯᠪᠡ᠃
5. 1993 ᠣᠨ ᠳ᠋ᠤ᠌ ᠬᠠᠢᠯᠠᠷ ᠬᠣᠳᠠᠨ᠎ᠠ ᠳᠡᠯᠭᠡᠷᠰᠠᠩ《ᠴᠢᠩᠭᠢᠰ ᠦ᠋ᠨ ᠣᠶᠤᠨ ᠭᠡᠷᠡᠯ》 ᠬᠡᠮᠡᠬᠦ ᠲᠣᠪᠬᠢᠮᠠᠯ ᠬᠡᠪᠯᠡᠭᠦᠯᠵᠡᠢ᠃
6. 1999 ᠣᠨ ᠳ᠋ᠤ᠌ ᠭᠤ· ᠠᠺᠢᠮ ᠤᠯᠠᠭᠠᠨᠪᠠᠭᠠᠲᠤᠷ ᠬᠣᠳᠠᠨ᠎ᠠ《ᠴᠢᠩᠭᠢᠰ ᠦ᠋ᠨ ᠣᠶᠤᠨ ᠪᠢᠯᠢᠭ ᠦ᠋ᠨ ᠰᠣᠶᠣᠷᠬᠠᠯ ᠣᠷᠣᠰᠢᠪᠠᠢ》 ᠬᠡᠮᠡᠬᠦ ᠲᠣᠪᠬᠢᠮᠠᠯ ᠬᠡᠪᠯᠡᠭᠦᠯᠵᠡᠢ᠃ ᠴᠢᠩᠭᠢᠰ ᠬᠠᠭᠠᠨ ᠤ᠋ ᠲᠡᠦᠬᠡ᠂ ᠶᠡᠬᠡ ᠮᠣᠩᠭᠣᠯ ᠤᠯᠤᠰ ᠤ᠋ᠨ ᠲᠡᠦᠬᠡ᠂ ᠮᠣᠩᠭᠣᠯ ᠦᠨᠳᠦᠰᠦᠲᠡᠨ ᠦ᠌ ᠲᠡᠦᠬᠡ᠂ ᠮᠣᠩᠭᠣᠯ ᠤ᠋ᠨ ᠦᠵᠡᠯ ᠰᠠᠨᠠᠭᠠᠨ ᠤ᠋ ᠲᠡᠦᠬᠡ᠂ ᠮᠣᠩᠭᠣᠯ ᠤ᠋ᠨ ᠤᠷᠠᠨ ᠵᠣᠬᠢᠶᠠᠯ ᠤ᠋ᠨ ᠲᠡᠦᠬᠡ ᠵᠡᠷᠭᠡ ᠨᠣᠮ ᠵᠣᠬᠢᠶᠠᠯ ᠤ᠋ᠳ ᠲᠤ᠌ ᠴᠤ᠌ ᠴᠢᠩᠭᠢᠰ ᠬᠠᠭᠠᠨ ᠤ᠋ ᠦᠭᠡ ᠶᠠᠷᠢᠶ᠎ᠠ ᠪᠠ ᠪᠢᠯᠢᠭ ᠰᠤᠷᠭᠠᠯ ᠢ᠋ ᠶᠠᠮᠠᠷ ᠨᠢᠭᠡ ᠬᠡᠮᠵᠢᠶ᠎ᠡ ᠪᠡᠷ ᠬᠠᠮᠤᠷᠤᠨ ᠣᠷᠣᠭᠤᠯᠵᠤ᠂ ᠰᠢᠨᠵᠢᠯᠡᠨ ᠰᠤᠳᠤᠯᠤᠭᠰᠠᠨ ᠪᠠᠢᠳᠠᠭ᠃ ᠭᠡᠪᠡᠴᠦ ᠲᠡᠳᠡᠭᠡᠷ ᠲᠤᠰᠬᠠᠢ ᠲᠣᠪᠬᠢᠮᠠᠯ ᠤ᠋ᠳ ᠨᠢ ᠴᠢᠩᠭᠢᠰ ᠬᠠᠭᠠᠨ ᠤ᠋ ᠰᠦᠶᠦᠭᠡᠷ ᠦᠭᠡ ᠪᠤᠶᠤ ᠰᠤᠷᠭᠠᠯ ᠦᠭᠡ ᠪᠡᠷ ᠭᠣᠣᠯᠯᠠᠭᠰᠠᠨ ᠦᠭᠡ ᠶ᠋ᠢᠨ ᠲᠡᠭᠦᠪᠦᠷᠢ ᠪᠣᠯᠬᠣᠷ ᠴᠢᠩᠭᠢᠰ ᠪᠣᠭᠳᠠ ᠶ᠋ᠢᠨ ᠲᠥᠷᠥ ᠶ᠋ᠢᠨ ᠶᠠᠪᠤᠳᠠᠯ᠂ ᠭᠠᠳᠠᠭᠠᠳᠤ ᠬᠠᠷᠢᠯᠴᠠᠭ᠎ᠠ᠂ ᠴᠡᠷᠢᠭ ᠲᠡᠢᠨ ᠦ᠌ ᠪᠣᠳᠣᠯᠭ᠎ᠠ᠂ ᠬᠥᠮᠦᠨ ᠬᠡᠷᠡᠭᠯᠡᠬᠦ ᠪᠣᠳᠣᠯᠭ᠎ᠠ ᠵᠡᠷᠭᠡ ᠣᠯᠠᠨ ᠲᠠᠯ᠎ᠠ ᠶ᠋ᠢᠨ ᠵᠠᠷᠯᠢᠭ᠂ ᠵᠠᠰᠠᠭ ᠤ᠋ᠨ ᠵᠢᠭᠠᠯᠲᠠ ᠪᠣᠯᠤᠭᠰᠠᠨ ᠦᠭᠡ ᠶᠠᠷᠢᠶ᠎ᠠ ᠶ᠋ᠢ ᠬᠠᠮᠤᠷᠤᠨ ᠪᠠᠭᠲᠠᠭᠠᠵᠤ ᠴᠢᠳᠠᠭᠰᠠᠨ ᠦᠭᠡᠢ᠃ ᠳᠤᠷᠠᠳᠤᠭᠰᠠᠨ ᠲᠡᠦᠬᠡ ᠪᠣᠯᠤᠨ ᠤᠷᠠᠨ ᠵᠣᠬᠢᠶᠠᠯ ᠤ᠋ᠨ ᠲᠤᠬᠠᠢ ᠵᠣᠬᠢᠶᠠᠯ ᠤ᠋ᠳ ᠨᠢ ᠴᠦ᠍ ᠴᠢᠩᠭᠢᠰ ᠬᠠᠭᠠᠨ ᠤ᠋ ᠦᠭᠡ ᠶᠠᠷᠢᠶ᠎ᠠ ᠪᠠ ᠪᠢᠯᠢᠭ ᠰᠤᠷᠭᠠᠯ ᠢ᠋ ᠣᠯᠳᠠᠬᠤ ᠬᠢᠷᠢ ᠪᠡᠷ ᠪᠦᠬᠦᠨ ᠢ᠋ ᠬᠣᠷᠢᠶᠠᠨ ᠰᠢᠨᠵᠢᠯᠡᠭᠰᠡᠨ ᠦᠭᠡᠢ᠃
ᠴᠢᠩᠭᠢᠰ ᠬᠠᠭᠠᠨ ᠤ᠋ ᠦᠭᠡᠰ ᠪᠣᠯ ᠴᠢᠩᠭᠢᠰ ᠬᠠᠭᠠᠨ ᠤ᠋ ᠦᠵᠡᠯ ᠰᠠᠨᠠᠭᠠᠨ ᠤ᠋ ᠭᠣᠣᠯ ᠠᠴᠢᠶᠠᠯᠠᠪᠤᠷᠢ᠂ ᠴᠢᠩᠭᠢᠰ ᠬᠠᠭᠠᠨ ᠤ᠋ ᠦᠵᠡᠯ ᠰᠠᠨᠠᠭ᠎ᠠ ᠪᠣᠯ ᠲᠡᠭᠦᠨ ᠦ᠌ ᠠᠮᠵᠢᠯᠲᠠ ᠣᠯᠤᠭᠰᠠᠨ ᠦᠵᠡᠯ ᠰᠠᠨᠠᠭᠠᠨ ᠤ᠋ ᠰᠠᠭᠤᠷᠢ ᠪᠥᠭᠡᠳ ᠵᠣᠷᠢᠭ ᠰᠠᠨᠠᠭᠠᠨ ᠤ᠋ ᠬᠢᠨᠢ ᠲᠤᠯᠭᠠᠭᠤᠷᠢ ᠪᠠᠢᠭᠰᠠᠨ᠃ ᠴᠢᠩᠭᠢᠰ ᠬᠠᠭᠠᠨ ᠤ᠋ ᠠᠮᠵᠢᠯᠲᠠ ᠣᠯᠤᠭᠰᠠᠨ ᠨᠢᠭᠤᠴᠠ ᠶ᠋ᠢ ᠬᠠᠢᠨ ᠰᠢᠨᠵᠢᠯᠡᠭᠰᠡᠨ ᠣᠯᠠᠨ ᠵᠢᠯ ᠦ᠋ᠨ ᠰᠤᠳᠤᠯᠭ᠎ᠠ ᠨᠢ ᠵᠥᠪᠬᠡᠨ ᠲᠡᠭᠦᠨ ᠦ᠌ ᠠᠭᠤᠤ ᠶᠡᠬᠡ ᠦᠢᠯᠡᠳᠦᠯᠭᠡ ᠪᠣᠯᠤᠨ ᠦᠢᠯᠡᠰ ᠪᠦᠲᠦᠭᠡᠯ ᠢ᠋ ᠨᠢ ᠯᠡ ᠴᠢᠬᠤᠯᠠᠴᠢᠯᠠᠭᠠᠳ ᠦᠵᠡᠯ ᠰᠠᠨᠠᠭᠠᠨ ᠤ᠋ ᠬᠢᠨᠢ ᠰᠤᠳᠤᠯᠭ᠎ᠠ ᠶ᠋ᠢ ᠣᠮᠲᠣᠭᠠᠢᠯᠠᠭᠰᠠᠨ ᠠ᠋ᠴᠠ ᠪᠤᠷᠤᠭᠤ ᠣᠢᠯᠠᠭᠠᠯᠲᠠ ᠭᠠᠷᠤᠭᠰᠠᠭᠠᠷ ᠪᠠᠢᠨ᠎ᠠ᠃ ᠡᠭᠦᠨ ᠳ᠋ᠦ᠍ ᠣᠯᠠᠨ ᠲᠠᠯ᠎ᠠ ᠶ᠋ᠢᠨ ᠰᠢᠯᠲᠠᠭᠠᠨ ᠪᠠᠢᠨ᠎ᠠ᠂ ᠲᠡᠭᠦᠨ ᠦ᠌ ᠨᠢᠭᠡ ᠴᠢᠬᠤᠯᠠ ᠰᠢᠯᠲᠠᠭᠠᠨ ᠨᠢ ᠣᠳᠣ ᠪᠣᠯᠲᠠᠯ᠎ᠠ ᠴᠢᠩᠭᠢᠰ ᠬᠠᠭᠠᠨ ᠤ᠋ ᠦᠵᠡᠯ ᠰᠠᠨᠠᠭ᠎ᠠ ᠶ᠋ᠢ ᠪᠦᠬᠦ ᠲᠠᠯ᠎ᠠ ᠪᠠᠷ᠂ ᠪᠤᠰᠤᠳᠴᠢ ᠪᠠᠷ ᠲᠤᠰᠬᠠᠨ ᠬᠠᠷᠠᠭᠤᠯᠤᠭᠰᠠᠨ 《ᠴᠢᠩᠭᠢᠰ ᠬᠠᠭᠠᠨ ᠤ᠋ ᠦᠭᠡᠰ ᠦ᠋ᠨ ᠴᠢᠭᠤᠯᠭᠠᠨ》ᠨᠠᠢᠷᠠᠭᠤᠯᠵᠤ ᠭᠠᠷᠭᠠᠭᠰᠠᠨ ᠦᠭᠡᠢ ᠳ᠋ᠦ᠍ ᠪᠠᠢᠨ᠎ᠠ᠃ ᠲᠡᠮᠦᠵᠢᠨ ᠴᠢᠩᠭᠢᠰ ᠬᠠᠭᠠᠨ ᠡᠷᠲᠡᠨ ᠦ᠌ ᠮᠣᠩᠭᠣᠯ ᠤ᠋ᠨ ᠡᠯ᠎ᠡ ᠠᠢᠮᠠᠭ ᠤ᠋ᠨ ᠨᠢᠭᠡᠳᠦᠯ ᠢ᠋ ᠪᠡᠶᠡᠯᠡᠭᠦᠯᠵᠦ᠂ ᠮᠣᠩᠭᠣᠯ ᠦᠨᠳᠦᠰᠦᠲᠡᠨ ᠦ᠌ ᠲᠡᠦᠬᠡᠨ ᠦᠰᠦᠷᠦᠯᠲᠡ ᠶ᠋ᠢ ᠠᠬᠢᠭᠤᠯᠤᠭᠰᠠᠨ ᠮᠥᠷᠲᠡᠭᠡᠨ ᠴᠠᠭ ᠦᠶ᠎ᠡ ᠶ᠋ᠢᠨ ᠵᠣᠷᠢᠭ ᠰᠠᠨᠠᠭ᠎ᠠ ᠪᠣᠯᠤᠨ ᠦᠨᠳᠦᠰᠦᠲᠡᠨ ᠦ᠌ ᠵᠣᠷᠢᠭ ᠰᠠᠨᠠᠭᠠᠨ ᠤ᠋ ᠨᠢᠭᠡᠳᠦᠯ ᠳ᠋ᠦ᠍ ᠰᠠᠭᠤᠷᠢᠯᠠᠵᠤ ᠤᠳᠤᠮᠰᠢᠯ ᠢ᠋ᠶ᠋ᠠᠨ ᠪᠠᠷᠢᠮᠲᠠᠯᠠᠬᠤ ᠶ᠋ᠢᠨ ᠵᠡᠷᠭᠡᠴᠡᠭᠡ ᠪᠤᠰᠤᠳ ᠦᠨᠳᠦᠰᠦᠲᠡᠨ ᠦ᠌ ᠳᠠᠪᠰᠢᠩᠭᠤᠢ ᠰᠣᠶᠣᠯ ᠳ᠋ᠤ᠌ ᠬᠠᠨᠳᠤᠬᠤ᠂ ᠳᠡᠯᠡᠬᠡᠢ ᠳ᠋ᠦ᠍ ᠬᠠᠨᠳᠤᠬᠤ ᠦᠨᠳᠦᠰᠦᠲᠡᠨ ᠦ᠌ ᠰᠣᠶᠣᠯ ᠤ᠋ᠨ ᠬᠥᠭᠵᠢᠯ ᠦ᠋ᠨ ᠰᠢᠨ᠎ᠡ ᠵᠠᠮ ᠢ᠋ ᠨᠡᠭᠡᠭᠡᠵᠡᠢ᠃ ᠡᠨᠡ ᠨᠢ ᠥᠨᠥ ᠶ᠋ᠢᠨ ᠶᠢᠷᠲᠢᠨᠴᠦ ᠳ᠋ᠦ᠍ ᠮᠥᠨ ᠯᠡ ᠴᠢᠬᠤᠯᠠ ᠠᠴᠢ ᠬᠣᠯᠪᠣᠭᠳᠠᠯ ᠲᠠᠢ ᠪᠠᠢᠭᠰᠠᠭᠠᠷ᠃ ᠡᠨᠡ ᠪᠦᠬᠦᠨ ᠢ᠋ ᠪᠡᠶᠡᠯᠡᠭᠦᠯᠦᠭᠰᠡᠨ ᠡᠵᠡᠨ ᠪᠣᠭᠳᠠ ᠴᠢᠩᠭᠢᠰ ᠬᠠᠭᠠᠨ ᠨᠢ ᠠᠭᠤᠤ ᠶᠡᠬᠡ ᠤᠯᠤᠰ ᠲᠦᠷᠦᠴᠢ᠂ ᠴᠡᠷᠢᠭ ᠦ᠋ᠨ ᠥᠷᠯᠥᠭ ᠵᠠᠩᠵᠤᠨ ᠪᠠᠢᠭᠰᠠᠨ ᠢ᠋ᠶ᠋ᠠᠷ ᠪᠠᠷᠠᠬᠤ ᠦᠭᠡᠢ ᠠᠭᠤᠤ ᠶᠡᠬᠡ ᠪᠣᠳᠣᠯᠭᠠᠲᠠᠨ ᠪᠠᠢᠭᠰᠠᠨ ᠶᠤᠮ᠃ ᠠᠭᠤᠤ ᠶᠡᠬᠡ ᠪᠣᠳᠣᠯᠭᠠᠲᠠᠨ ᠴᠢᠩᠭᠢᠰ ᠬᠠᠭᠠᠨ ᠤ᠋ ᠦᠵᠡᠯ ᠰᠠᠨᠠᠭ᠎ᠠ ᠶ᠋ᠢ ᠴᠢᠩᠭᠢᠰ ᠬᠠᠭᠠᠨ ᠤ᠋ ᠦᠭᠡᠰ ᠨᠢ ᠳᠤᠰᠬᠠᠨ ᠬᠠᠷᠠᠭᠤᠯᠵᠤ ᠪᠠᠢᠨ᠎ᠠ᠂ ᠡᠢᠮᠦ ᠡᠴᠡ ᠴᠢᠩᠭᠢᠰ ᠬᠠᠭᠠᠨ ᠤ᠋ ᠦᠭᠡᠰ ᠨᠢ ᠲᠡᠦᠬᠡᠨ ᠮᠠᠲ᠋ᠧᠷᠢᠶᠠᠯ ᠪᠣᠯᠤᠨ ᠡᠷᠳᠡᠮ ᠰᠢᠨᠵᠢᠯᠡᠭᠡᠨ ᠦ᠌ ᠯᠤᠲᠤ ᠶᠡᠬᠡ ᠦᠨ᠎ᠡ ᠥᠷᠲᠡᠭ ᠲᠡᠢ ᠪᠡᠷ ᠪᠠᠷᠠᠬᠤ ᠦᠭᠡᠢ ᠬᠥᠮᠦᠨ ᠲᠥᠷᠥᠯᠬᠢᠲᠡᠨ ᠦ᠌ ᠪᠣᠯᠪᠠᠰᠤᠨ ᠤ᠋ ᠨᠠᠨᠳᠢᠨ ᠥᠪ ᠪᠣᠯᠤᠭᠠᠳ ᠪᠠᠢᠨ᠎ᠠ᠃
ᠲᠡᠦᠬᠡ ᠶ᠋ᠢᠨ ᠬᠥᠭᠵᠢᠯ ᠦ᠋ᠨ ᠮᠠᠰᠢ ᠤᠷᠲᠤ ᠬᠤᠭᠤᠴᠠᠭᠠᠨ᠎ᠠ ᠬᠢᠶᠠᠨ ᠠᠢᠮᠠᠭ ᠤ᠋ᠨ ᠬᠢᠨ ᠳ᠋ᠦ᠍ ᠬᠢᠶᠠᠨ᠂ ᠶᠣᠰᠣᠨ᠂ ᠡᠶ᠎ᠡ᠂ ᠰᠦᠯᠳᠡ ᠮᠡᠲᠦ ᠶ᠋ᠢᠨ ᠨᠡᠷ᠎ᠡ ᠲᠣᠮᠢᠶ᠎ᠠ ᠪᠤᠶᠤ ᠦᠭᠡᠰ ᠢ᠋ᠶ᠋ᠡᠷ ᠢᠯᠡᠷᠡᠭᠰᠡᠨ ᠭᠦᠨ ᠤᠬᠠᠭᠠᠨ ᠤ᠋ ᠦᠵᠡᠯ ᠰᠠᠨᠠᠭ᠎ᠠ ᠨᠢ ᠠᠯᠢ ᠣᠯᠠᠨ ᠦᠢᠯᠡᠳᠦᠯᠭᠡ ᠶ᠋ᠢᠨ ᠦᠨᠳᠦᠰᠦᠨ ᠣᠨᠣᠯᠵᠢᠬᠤᠨ ᠢ᠋ᠶ᠋ᠠᠷ ᠤᠵᠠᠭᠤᠷ ᠮᠣᠩᠭᠣᠯᠴᠤᠳ ᠢ᠋ ᠨᠥᠯᠥᠭᠡᠯᠡᠨ ᠡᠵᠡᠮᠳᠡᠵᠦ ᠪᠠᠢᠵᠠᠢ᠃ ᠡᠳᠡᠭᠡᠷ ᠣᠨᠣᠯᠵᠢᠬᠤᠨ ᠨᠢ ᠲᠡᠳᠡᠨ ᠦ᠌ ᠠᠮᠢᠳᠤᠷᠠᠯ ᠲᠡᠮᠡᠴᠡᠯ ᠦ᠋ᠨ ᠴᠢᠬᠤᠯᠠ ᠣᠢᠯᠠᠭᠠᠪᠤᠷᠢ ᠪᠤᠶᠤ ᠤᠬᠠᠪᠤᠷᠢ ᠶ᠋ᠢ ᠢᠯᠡᠳᠬᠡᠭᠰᠡᠨ ᠨᠡᠷᠡᠰ ᠪᠤᠶᠤ ᠦᠭᠡᠰ ᠢ᠋ᠶ᠋ᠡᠷ ᠬᠡᠷᠡᠭᠯᠡᠭᠳᠡᠵᠦ ᠪᠠᠢᠭᠰᠠᠨ ᠶᠤᠮ᠃ ᠬᠣᠵᠢᠮ ᠨᠢ ᠴᠢᠩᠭᠢᠰ ᠪᠣᠭᠳᠠ ᠪᠠᠷ ᠤᠢᠭᠤᠷᠵᠢᠨ ᠮᠣᠩᠭᠣᠯ ᠦᠰᠦᠭ ᠢ᠋ ᠳᠡᠯᠭᠡᠷᠡᠭᠦᠯᠦᠭᠰᠡᠨ᠂ ᠣᠨᠴᠠᠭᠠᠢᠯᠠᠨ《ᠲᠣᠪᠴᠢᠶ᠎ᠠ》 ᠵᠣᠬᠢᠶᠠᠭᠳᠠᠬᠤ ᠶ᠋ᠢᠨ ᠳᠠᠭᠠᠤ ᠦᠰᠦᠭ ᠪᠢᠴᠢᠭ ᠢ᠋ᠶ᠋ᠡᠷ ᠲᠡᠮᠳᠡᠭᠯᠡᠭᠳᠡᠭᠰᠡᠨ ᠲᠤᠰᠬᠠᠢ ᠤᠬᠠᠭᠳᠠᠬᠤᠨ ᠬᠢᠭᠡᠳ ᠣᠨᠣᠯᠵᠢᠬᠤᠨ ᠤ᠋ ᠨᠢᠭᠡᠳᠦᠯ ᠡᠴᠡ ᠮᠣᠩᠭᠣᠯ ᠰᠣᠶᠣᠯ ᠢ᠋ ᠳᠡᠭᠡᠭᠰᠢᠯᠡᠭᠦᠯᠦᠨ ᠲᠡᠦᠬᠡ ᠶ᠋ᠢᠨ ᠰᠢᠨ᠎ᠡ ᠱᠠᠲᠤᠨ ᠳ᠋ᠤ᠌ ᠳᠡᠪᠰᠢᠭᠦᠯᠵᠡᠢ᠃ ᠲᠡᠢᠮᠦ ᠡᠴᠡ ᠴᠢᠩᠭᠢᠰ ᠪᠣᠭᠳᠠ ᠶ᠋ᠢᠨ ᠠᠬᠢᠨ ᠳᠠᠬᠢᠨ ᠶᠠᠷᠢᠵᠤ ᠪᠠᠢᠭᠰᠠᠨ ᠶᠡᠬᠡ ᠶᠣᠰᠣᠨ᠂ ᠶᠡᠬᠡ ᠡᠶ᠎ᠡ᠂ ᠬᠢᠶᠠᠨ᠂ ᠰᠦᠯᠳᠡ ᠮᠡᠲᠦ ᠶ᠋ᠢᠨ ᠤᠬᠠᠭᠳᠠᠬᠤᠨ ᠪᠣᠯ ᠤᠵᠠᠭᠤᠷ ᠮᠣᠩᠭᠣᠯᠴᠤᠳ ᠤ᠋ᠨ ᠡᠩ ᠦ᠋ᠨ ᠠᠮᠢᠳᠤᠷᠠᠯ ᠤ᠋ᠨ ᠤᠬᠠᠭᠳᠠᠬᠤᠨ ᠪᠤᠶᠤ ᠨᠡᠷ᠎ᠡ ᠲᠣᠮᠢᠶ᠎ᠠ ᠲᠠᠢ ᠠᠳᠠᠯᠢ ᠦᠭᠡᠢ᠂ ᠬᠠᠷᠢᠨ ᠨᠢᠭᠡᠨᠲᠡ ᠴᠢᠩᠭᠢᠰ ᠪᠣᠭᠳᠠ ᠶ᠋ᠢᠨ ᠦᠵᠡᠯ ᠰᠠᠨᠠᠭᠠᠨ ᠤ᠋ ᠢᠷᠡᠯ ᠪᠣᠯᠤᠨ ᠭᠣᠣᠯ ᠪᠦᠷᠢᠯᠳᠦᠬᠦᠨ ᠦ᠌ ᠬᠤᠪᠢ ᠪᠠᠷ ᠲᠡᠭᠦᠨ ᠦ᠌ ᠪᠦᠬᠦᠢᠯᠡ ᠦᠢᠯᠡᠳᠦᠯᠭᠡ ᠳ᠋ᠦ᠍ ᠲᠤᠨᠤᠷᠠᠨ ᠰᠢᠩᠭᠡᠵᠦ᠂ ᠣᠨᠣᠯᠵᠢᠭᠰᠠᠨ ᠣᠨᠣᠯᠵᠢᠬᠤᠨ ᠪᠣᠯᠤᠨ ᠳᠡᠭᠡᠭᠰᠢᠯᠡᠭᠰᠡᠨ ᠢ᠋ ᠬᠠᠷᠠᠭᠤᠯᠵᠤ ᠪᠠᠢᠨ᠎ᠠ᠃ ᠳᠠᠭᠠᠯᠳᠤᠭᠤᠯᠤᠨ ᠲᠡᠮᠳᠡᠭᠯᠡᠬᠦ ᠳ᠋ᠦ᠍᠂ ᠲᠤᠬᠠᠢ ᠶ᠋ᠢᠨ ᠦᠶ᠎ᠡ ᠳ᠋ᠦ᠍ ᠨᠢᠭᠡ ᠲᠠᠯ᠎ᠠ ᠪᠠᠷ ᠶᠣᠰᠣᠨ᠂ ᠮᠥᠷ ᠶᠣᠰᠣᠨ᠂ ᠲᠥᠷᠥ ᠶᠣᠰᠣᠨ ᠢ᠋ ᠢᠵᠢᠯᠢ ᠤᠬᠠᠭᠳᠠᠬᠤᠨ ᠢ᠋ᠶ᠋ᠠᠷ ᠦᠵᠡᠵᠦ᠂ᠰᠣᠯᠪᠢᠴᠠᠭᠤᠯᠤᠨ ᠬᠡᠷᠡᠭᠯᠡᠵᠦ ᠪᠠᠢᠭᠰᠠᠨ᠂ ᠨᠥᠭᠦᠭᠡ ᠲᠠᠯ᠎ᠠ ᠪᠠᠷ ᠲᠡᠳᠡᠭᠡᠷ ᠦ᠋ᠨ ᠤᠳᠬ᠎ᠠ ᠶ᠋ᠢ ᠬᠡᠢᠰᠪᠦᠷᠢ ᠪᠣᠯᠤᠨ ᠪᠣᠳᠠᠲᠤ᠂ ᠨᠡᠢᠲᠡᠯᠢᠭ ᠪᠣᠯᠤᠨ ᠣᠨᠴᠠᠭᠠᠢ ᠪᠠᠢᠳᠠᠭ ᠠ᠋ᠴᠠ ᠨᠢ ᠳᠡᠭᠲᠡᠷᠯᠡᠨ ᠠᠩᠭᠢᠯᠠᠵᠤ᠂ ᠮᠥᠷ ᠶᠣᠰᠣᠨ(ᠵᠢᠮ᠎ᠡ ᠶᠣᠰᠣ)᠂ ᠶᠣᠰᠣ ᠮᠣᠷᠠᠯ᠂ ᠬᠠᠤᠯᠢ ᠶᠣᠰᠣᠨ ᠭᠡᠮᠡᠨ ᠭᠤᠷᠪᠠᠨ ᠱᠠᠲᠤ ᠪᠠᠷ ᠣᠢᠯᠠᠭᠠᠨ ᠡᠵᠡᠮᠳᠡᠵᠦ ᠪᠠᠢᠵᠠᠢ᠃ ᠡᠨᠡ ᠪᠣᠯ ᠯᠣᠭᠢᠭ ᠪᠣᠯᠤᠨ ᠲᠡᠦᠬᠡ ᠶ᠋ᠢᠨ ᠨᠢᠭᠡᠳᠦᠯ ᠡᠴᠡ ᠳᠡᠭᠲᠡᠷᠯᠡᠨ ᠤᠬᠠᠪᠤᠷᠢᠯᠠᠬᠤ ᠪᠣᠯᠤᠭᠰᠠᠨ ᠴᠠᠭ ᠡᠷᠢᠨ ᠦ᠌ ᠰᠡᠳᠬᠢᠬᠦᠢ ᠶ᠋ᠢᠨ ᠬᠥᠭᠵᠢᠯ ᠦ᠋ᠨ ᠦᠷ᠎ᠡ ᠪᠦᠲᠦᠭᠡᠯ ᠮᠥᠨ᠃
ᠨᠢᠭᠡ᠂ ᠴᠢᠩᠭᠢᠰ ᠬᠠᠭᠠᠨ ᠤ᠋ ᠦᠭᠡᠰ ᠦ᠋ᠨ ᠴᠢᠭᠤᠯᠭᠠᠨ ᠤ᠋ ᠭᠣᠣᠯ ᠠᠭᠤᠯᠭ᠎ᠠ᠂ ᠦᠨᠳᠦᠰᠦᠨ ᠰᠠᠨᠠᠭ᠎ᠠ ᠶ᠋ᠢ ᠪᠦᠷᠢᠨ ᠲᠥᠬᠥᠷ᠂ ᠵᠥᠪ ᠣᠨᠣᠪᠴᠢᠲᠠᠢ ᠣᠢᠯᠠᠭᠠᠨ ᠡᠵᠡᠮᠳᠡᠶ᠎ᠡ ᠭᠡᠪᠡᠯ ᠬᠠᠮᠤᠭ ᠤ᠋ᠨ ᠲᠦᠷᠦᠭᠦᠨ ᠳ᠋ᠦ᠍ ᠲᠡᠭᠦᠨ ᠦ᠌ ᠢᠲᠡᠭᠡᠯ ᠪᠢᠰᠢᠷᠡᠯ ᠦ᠋ᠨ ᠦᠵᠡᠯᠲᠡ ᠶ᠋ᠢ ᠭᠦᠨᠵᠡᠭᠡᠢ ᠤᠬᠠᠪᠤᠷᠢᠯᠠᠨ ᠵᠥᠪ ᠣᠢᠯᠠᠭᠠᠬᠤ ᠬᠡᠷᠡᠭᠲᠡᠢ᠃ ᠴᠢᠩᠭᠢᠰ ᠬᠠᠭᠠᠨ ᠠ᠋ᠴᠠ᠄《ᠪᠢ᠁ ᠳᠡᠭᠡᠳᠦ ᠶ᠋ᠢᠨ ᠦᠶ᠎ᠡ ᠶ᠋ᠢᠨ ᠳᠦᠷᠢᠮ ᠬᠢᠭᠡᠳ ᠶᠣᠰᠣᠨ ᠢ᠋ ᠶᠠᠭᠠᠬᠢᠭᠰᠠᠨ ᠴᠤ᠌ ᠡᠪᠳᠡᠷᠡᠭᠦᠯᠬᠦ ᠦᠭᠡᠢ》① ᠭᠡᠵᠡᠢ᠃ ᠡᠭᠦᠨ ᠳ᠋ᠦ᠍ ᠰᠦᠯᠳᠡ ᠰᠢᠲᠦᠯᠭᠡ ᠶ᠋ᠢᠨ ᠶᠣᠰᠣᠨ ᠪᠣᠯ ᠯᠠᠪ ᠲᠡᠭᠦᠨ ᠦ᠌ ᠳᠡᠭᠡᠳᠦ ᠶ᠋ᠢᠨ ᠦᠶ᠎ᠡ ᠡᠴᠡ ᠤᠯᠠᠮᠵᠢᠯᠠᠵᠤ ᠢᠷᠡᠭᠰᠡᠨ ᠠᠯᠢ ᠣᠯᠠᠨ ᠶᠣᠰᠣᠨ ᠤ᠋ ᠳᠣᠲᠣᠷ᠎ᠠ ᠬᠠᠮᠤᠭ ᠤ᠋ᠨ ᠲᠦᠷᠦᠭᠦᠨ ᠳ᠋ᠦ᠍ ᠲᠣᠭᠠᠴᠠᠭᠳᠠᠬᠤ ᠴᠥᠮ᠎ᠡ ᠪᠤᠶᠤ ᠴᠢᠮᠥᠭᠡ ᠶᠣᠰᠣᠨ ᠪᠣᠯᠠᠢ᠃ ᠴᠢᠩᠭᠢᠰ ᠬᠠᠭᠠᠨ ᠳᠡᠭᠡᠳᠦᠰ ᠦ᠋ᠨ ᠢ᠋ᠶ᠋ᠡᠨ ᠡᠨᠡ ᠬᠦ᠌ ᠶᠣᠰᠣᠨ ᠢ᠋ ᠪᠦᠲᠦᠭᠡᠯᠴᠢ ᠪᠡᠷ ᠵᠠᠯᠭᠠᠮᠵᠢᠯᠠᠨ ᠬᠥᠭᠵᠢᠭᠦᠯᠦᠭᠡᠳ᠂ ᠰᠦᠯᠳᠡ ᠰᠢᠲᠦᠯᠭᠡ ᠶ᠋ᠢᠨ ᠲᠣᠭᠲᠠᠴᠠ ᠶ᠋ᠢ ᠪᠦᠷᠢᠯᠳᠦᠭᠦᠯᠦᠨ ᠪᠦᠲᠦᠭᠡᠵᠦ᠂ ᠪᠦᠬᠦ ᠮᠣᠩᠭᠣᠯᠴᠤᠳ ᠤ᠋ᠨ ᠲᠥᠪ ᠰᠢᠲᠦᠯᠭᠡ ᠪᠣᠯᠭᠠᠵᠤ ᠳᠡᠭᠡᠳᠦᠯᠡᠭᠰᠡᠨ ᠡᠴᠡ ᠮᠣᠩᠭᠣᠯᠴᠤᠳ ᠰᠠᠶᠢ ᠲᠡᠷᠡ ᠮᠡᠲᠦ ᠨᠢᠭᠲᠠᠷᠠᠨ ᠪᠦᠯᠬᠦᠮᠳᠡᠵᠦ᠂ ᠲᠡᠷᠡ ᠮᠡᠲᠦ ᠣᠷᠭᠢᠯᠤᠮ᠎ᠠ ᠬᠠᠯᠠᠭᠤᠨ ᠰᠡᠳᠬᠢᠯ ᠪᠣᠯᠤᠨ ᠮᠢᠲᠠᠷᠠᠯ ᠦᠭᠡᠢ ᠵᠣᠷᠢᠭ ᠢ᠋ᠶ᠋ᠠᠷ ᠬᠠᠮᠲᠤ ᠶ᠋ᠢᠨ ᠵᠣᠷᠢᠯ ᠨᠡᠢᠲᠡ ᠶ᠋ᠢᠨ ᠬᠦᠰᠡᠯ ᠢ᠋ᠶ᠋ᠡᠨ ᠪᠡᠶᠡᠯᠡᠭᠦᠯᠦᠨ᠂ ᠮᠣᠩᠭᠣᠯ ᠦᠨᠳᠦᠰᠦᠲᠡᠨ ᠢ᠋ᠶ᠋ᠡᠨ ᠳᠡᠯᠡᠬᠡᠢ ᠶ᠋ᠢᠨ ᠲᠠᠪᠰᠢᠭᠰᠠᠨ ᠦᠨᠳᠦᠰᠦᠲᠡᠨ ᠦ᠌ ᠳᠦᠪᠰᠢᠨᠡ ᠳᠡᠪᠰᠢᠭᠦᠯᠦᠨ ᠴᠢᠳᠠᠪᠠᠢ᠃ ᠡᠭᠦᠨ ᠳ᠋ᠦ᠍ ᠬᠥᠮᠦᠨ ᠦ᠌ ᠢᠲᠡᠭᠡᠯ ᠪᠢᠰᠢᠷᠡᠯ ᠦ᠋ᠨ ᠦᠵᠡᠯᠲᠡ ᠰᠢᠢᠳᠪᠦᠷᠢᠲᠦ ᠴᠢᠨᠠᠷ ᠲᠠᠢ ᠪᠠᠢᠯ᠎ᠠ᠃ ᠬᠡᠷᠪᠡ ᠪᠦᠬᠦᠢᠯᠡ ᠢᠲᠡᠭᠡᠯ ᠪᠢᠰᠢᠷᠡᠯ ᠦ᠋ᠨ ᠦᠵᠡᠯᠲᠡ ᠶ᠋ᠢ ᠬᠥᠮᠦᠰ ᠦ᠋ᠨ ᠶᠢᠷᠲᠢᠨᠴᠦ ᠶ᠋ᠢ ᠡᠵᠡᠮᠳᠡᠬᠦ ᠶ᠋ᠢᠨ ᠲᠥᠯᠥᠭᠡᠨ ᠦ᠌ ᠪᠦᠲᠦᠭᠡᠯ ᠭᠡᠪᠡᠯ ᠮᠣᠩᠭᠣᠯᠴᠤᠳ ᠤ᠋ᠨ ᠪᠦᠲᠦᠭᠡᠨ ᠪᠠᠢᠭᠤᠯᠤᠭᠰᠠᠨ ᠰᠦᠯᠳᠡ ᠶ᠋ᠢᠨ ᠰᠢᠳᠦᠯ ᠪᠢᠰᠢᠷᠡᠯ ᠪᠣᠯ ᠲᠡᠳᠡᠨᠦᠰ ᠦ᠋ᠨ ᠥᠪᠡᠷ ᠢ᠋ ᠪᠡᠨ ᠤᠬᠠᠪᠤᠷᠢᠯᠠᠨ ᠡᠵᠡᠮᠳᠡᠬᠦ ᠶ᠋ᠢᠨ ᠲᠥᠯᠥᠭᠡᠨ ᠦ᠌ ᠮᠣᠩᠭᠣᠯᠵᠢᠭᠤᠨ ᠪᠦᠲᠦᠭᠡᠯ ᠭᠡᠮᠡᠨ ᠦᠵᠡᠮᠡᠷ ᠪᠠᠢᠨ᠎ᠠ᠃ ᠡᠷᠲᠡᠨ ᠦ᠌ ᠰᠦᠯᠳᠡ ᠰᠢᠲᠦᠯᠭᠡ ᠬᠡᠳᠦᠢᠪᠡᠷ ᠱᠠᠰᠢᠨ ᠰᠢᠲᠦᠯᠭᠡ ᠶ᠋ᠢᠨ ᠰᠡᠳᠬᠢᠴᠡ ᠲᠡᠢ ᠬᠣᠯᠢᠯᠳᠤᠨ ᠪᠠᠢᠵᠤ᠂ ᠣᠯᠠᠨ ᠲᠠᠯ᠎ᠠ ᠪᠠᠷ ᠡᠯ᠎ᠡ ᠱᠠᠰᠢᠨ ᠤ᠋ ᠨᠥᠯᠥᠭᠡ ᠶ᠋ᠢ ᠣᠯᠵᠤ ᠪᠠᠢᠭᠰᠠᠨ ᠪᠣᠯᠪᠠᠴᠤ ᠣᠣᠷ ᠴᠢᠨᠠᠷ ᠤᠤᠭᠠᠯ ᠰᠢᠨᠵᠢ ᠡᠴᠡ ᠪᠡᠨ ᠱᠠᠰᠢᠨ ᠰᠢᠲᠦᠯᠭᠡ ᠲᠡᠢ ᠠᠳᠠᠯᠢ ᠦᠭᠡᠢ᠃ ᠥᠭᠡᠷ᠎ᠡ ᠪᠡᠷ ᠬᠡᠯᠡᠪᠡᠯ ᠱᠠᠰᠢᠨ ᠰᠢᠲᠦᠯᠭᠡ ᠰᠢᠭ ᠬᠥᠮᠦᠨ ᠦ᠌ ᠶᠢᠷᠲᠢᠨᠴᠦ ᠡᠴᠡ ᠭᠠᠳᠠᠨᠠᠬᠢ ᠶᠠᠮᠠᠷ ᠨᠢᠭᠡᠨ ᠬᠤᠪᠢᠯᠭᠠᠨ ᠬᠦᠴᠦᠨ ᠬᠥᠮᠦᠨ ᠦ᠌ ᠶᠢᠷᠲᠢᠨᠴᠦ ᠶ᠋ᠢ ᠪᠦᠲᠦᠭᠡᠵᠦ᠂ ᠬᠥᠮᠦᠨ ᠦ᠌ ᠶᠢᠷᠲᠢᠨᠴᠦ ᠶ᠋ᠢ ᠡᠵᠡᠮᠳᠡᠨ ᠬᠠᠮᠢᠶᠠᠷᠴᠤ ᠪᠣᠢ ᠭᠡᠮᠡᠨ ᠦᠵᠡᠳᠡᠭ ᠦᠭᠡᠢ᠂ ᠬᠠᠷᠢᠨ ᠥᠪᠡᠷ ᠦ᠋ᠨ《ᠰᠥᠰᠥ ᠬᠠᠲᠠᠭᠤ᠂ ᠡᠷᠡᠯᠬᠡᠭ ᠪᠠᠭᠠᠲᠤᠷ᠂ ᠮᠠᠰᠢ ᠶᠡᠬᠡ ᠵᠣᠷᠢᠭ》② ᠢ᠋ᠶ᠋ᠠᠨ ᠲᠦᠰᠢᠭᠯᠡᠵᠦ ᠥᠪᠡᠷ ᠢ᠋ ᠪᠡᠨ ᠠᠪᠤᠷᠠᠨ ᠲᠡᠩᠬᠡᠷᠡᠭᠦᠯᠳᠡᠭ ᠤᠳᠤᠮᠰᠢᠯ ᠲᠠᠢ ᠭᠡᠮᠡᠨ ᠥᠪᠡᠷ ᠢ᠋ ᠪᠡᠨ ᠦᠵᠡᠳᠡᠭ ᠪᠠᠢᠵᠠᠢ᠃ ᠠᠯᠤᠨ ᠭᠤᠸ᠎ᠠ ᠡᠬᠡ ᠶ᠋ᠢᠨ《ᠡᠶᠡᠳᠡᠨ》 ᠦ᠌ ᠬᠥᠮᠦᠵᠢᠯ᠂ ᠬᠠᠪᠤᠯ ᠬᠠᠭᠠᠨ ᠤ᠋《ᠬᠢᠶᠠᠨ ᠢ᠋ ᠳᠠᠬᠢᠨ ᠰᠡᠷᠭᠦᠭᠡᠭᠰᠡᠨ》 ᠰᠣᠶᠣᠯ ᠤ᠋ᠨ ᠤᠳᠤᠮᠰᠢᠯ᠂ ᠳ᠋ᠠᠢ ᠰᠡᠴᠡᠨ ᠦ᠌《ᠬᠢᠶᠠᠳ ᠤ᠋ᠨ ᠰᠦᠯᠳᠡ》 ᠶ᠋ᠢᠨ ᠰᠤᠷᠭᠠᠯ᠂ ᠥᠭᠡᠯᠦᠨ ᠡᠬᠡ ᠶ᠋ᠢᠨ《ᠪᠡᠶ᠎ᠡ ᠪᠡᠷ ᠢ᠋ᠶ᠋ᠡᠨ ᠡᠷᠭᠦᠨ》 ᠮᠠᠨᠳᠤᠭᠤᠯᠤᠭᠰᠠᠨ ᠲᠤᠭ ᠰᠦᠯᠳᠡ ᠪᠣᠯ ᠪᠦᠷ ᠮᠣᠩᠭᠣᠯ ᠰᠣᠶᠣᠯ ᠲᠡᠦᠬᠡ ᠶ᠋ᠢᠨ ᠰᠢᠯᠢᠳᠡᠭ ᠤᠳᠤᠮᠰᠢᠯ ᠤ᠋ᠨ ᠰᠣᠩᠭᠣᠳᠠᠭ ᠵᠢᠱ᠌ᠢᠶ᠎ᠡ ᠮᠥᠨ᠃ ᠪᠦᠷ ᠴᠢᠩᠭᠢᠰ ᠬᠠᠭᠠᠨ ᠤ᠋ ᠪᠠᠲᠤ ᠰᠠᠬᠢᠵᠤ ᠴᠢᠩᠭ᠎ᠠ ᠪᠠᠷᠢᠮᠲᠠᠯᠠᠵᠤ᠂ ᠪᠦᠲᠦᠭᠡᠯᠴᠢ ᠪᠡᠷ ᠬᠥᠭᠵᠢᠭᠦᠯᠦᠨ ᠮᠠᠨᠳᠤᠭᠤᠯᠤᠭᠰᠠᠨ ᠰᠦᠯᠳᠡ ᠰᠢᠲᠦᠯᠭᠡ ᠶ᠋ᠢᠨ ᠤᠳᠤᠮᠰᠢᠯ ᠪᠣᠯᠬᠤ ᠶᠤᠮ᠃
ᠴᠢᠩᠭᠢᠰ ᠬᠠᠭᠠᠨ1204 ᠣᠨ ᠤ᠋4 ᠰᠠᠷ᠎ᠠ ᠶ᠋ᠢᠨ16 ᠤ᠋ ᠡᠳᠦᠷ᠂ ᠨᠠᠢ᠍ᠮᠠᠨ ᠳ᠋ᠤ᠌ ᠵᠠᠷᠯᠠᠭᠰᠠᠨ ᠰᠢᠢᠳᠪᠦᠷᠢᠲᠦ ᠲᠡᠢᠨ ᠦ᠌ ᠳᠠᠢᠴᠢᠯᠠᠯᠲᠠ ᠳ᠋ᠠᠭᠠᠨ ᠬᠠᠮᠤᠭ ᠤ᠋ᠨ ᠶᠡᠬᠡ ᠺᠣᠮᠠᠨᠳ᠋ᠯᠠᠭᠴᠢ ᠶ᠋ᠢᠨ ᠡᠭᠦᠳᠡᠨ ᠡᠴᠡ ᠲᠤᠭ ᠰᠦᠯᠳᠡ ᠪᠡᠨ ᠲᠠᠬᠢᠭᠰᠠᠨ ᠨᠢ ᠰᠦᠯᠳᠡ ᠶ᠋ᠢᠨ ᠡᠷᠬᠡ ᠰᠦᠷ᠂ ᠳᠠᠷᠬᠠᠨ ᠲᠠᠩᠰᠤᠭ᠂ ᠡᠷᠬᠢᠮ ᠳᠡᠭᠡᠳᠦ ᠪᠠᠢᠷᠢ ᠰᠠᠭᠤᠷᠢ ᠶ᠋ᠢ ᠪᠦᠷᠢᠮᠦᠰᠦᠨ ᠬᠠᠷᠠᠭᠤᠯᠵᠤ ᠪᠠᠢᠨ᠎ᠠ᠃
ᠣᠨᠴᠠᠭᠠᠢᠯᠠᠨ1206 ᠣᠨ ᠳ᠋ᠤ᠌ ᠴᠢᠩᠭᠢᠰ ᠬᠠᠭᠠᠨ ᠤᠨᠤᠨ ᠮᠥᠷᠡᠨ ᠦ᠌ ᠬᠥᠪᠡᠭᠡᠨ᠎ᠡ ᠶᠡᠬᠡ ᠮᠣᠩᠭᠣᠯ ᠤᠯᠤᠰ ᠢ᠋ ᠪᠠᠢᠭᠤᠯᠤᠨ ᠬᠠᠭᠠᠨ ᠰᠠᠭᠤᠬᠤ ᠳ᠋ᠠᠭᠠᠨ ᠶᠢᠰᠦᠨ ᠬᠥᠯᠲᠦ ᠴᠠᠭᠠᠨ ᠰᠦᠯᠳᠡ ᠶ᠋ᠢ ᠪᠤᠰᠬᠠᠨ ᠪᠦᠲᠦᠭᠡᠭᠰᠡᠨ ᠪᠣᠯ ᠶᠡᠷᠦ ᠶ᠋ᠢᠨ ᠤᠴᠢᠷ ᠪᠢᠰᠢ ᠶᠦ᠍ᠮ᠃ ᠲᠡᠭᠦᠨ ᠡᠴᠡ ᠰᠦᠯᠳᠡ ᠰᠢᠲᠦᠯᠭᠡ ᠮᠣᠩᠭᠣᠯᠴᠤᠳ ᠤ᠋ᠨ ᠲᠥᠪ ᠰᠢᠲᠦᠯᠭᠡ ᠪᠣᠯᠤᠭᠰᠠᠨ ᠠ᠋ᠴᠠ《ᠡᠵᠡᠨ ᠰᠦᠯᠳᠡ》᠂《ᠪᠣᠭᠳᠠ ᠰᠦᠯᠳᠡ》(圣主) ᠭᠡᠬᠦ ᠣᠨᠣᠯᠵᠢᠬᠤᠨ ᠲᠣᠭᠲᠠᠪᠤᠷᠢᠵᠢᠨ ᠲᠦᠭᠡᠮᠡᠯᠵᠢᠭᠰᠡᠨ ᠦ᠌ ᠬᠠᠮᠲᠤ᠂ ᠲᠡᠭᠦᠨ ᠡᠴᠡ ᠮᠣᠩᠭᠣᠯᠴᠤᠳ ᠪᠡᠶ᠎ᠡ ᠪᠡᠨ ᠳᠠᠭᠠᠭᠠᠭᠰᠠᠨ ᠲᠤᠩ ᠥᠪᠡᠷᠮᠢᠴᠡ ᠣᠨᠴᠠᠯᠢᠭ ᠲᠠᠢ ᠣᠶᠤᠨ ᠤ᠋ ᠮᠥᠷᠲᠡᠭᠡᠨ ᠪᠣᠳᠠᠲᠤᠯᠢᠭ᠂ ᠵᠢᠱ᠌ᠢᠶᠡᠯᠡᠪᠡᠯ ᠬᠠᠷ᠎ᠠ᠂ ᠴᠠᠭᠠᠨ᠂ ᠠᠯᠠᠭ ᠢᠯᠠᠭᠤᠭᠰᠠᠨ ᠭᠤᠷᠪᠠᠨ ᠰᠦᠯᠳᠡ ᠶ᠋ᠢᠨ ᠬᠡᠯᠪᠡᠷᠢ., ᠬᠤᠪᠢ ᠬᠥᠮᠦᠨ ᠦ᠌ ᠮᠥᠷᠲᠡᠭᠡᠨ ᠪᠦᠬᠦ ᠦᠨᠳᠦᠰᠦᠲᠡᠨ ᠦ᠌ ᠨᠢᠭᠡᠳᠦᠮᠡᠯ ᠰᠣᠶᠣᠯ ᠤ᠋ᠨ ᠵᠣᠷᠢᠭ ᠰᠠᠨᠠᠭ᠎ᠠ., ᠳᠠᠷᠬᠠᠨ ᠲᠠᠩᠰᠤᠭ ᠮᠥᠷᠲᠡᠭᠡᠨ ᠬᠥᠮᠦᠨ ᠮᠥᠰᠤᠴᠢᠯᠡᠭᠰᠡᠨ(人格化) ᠰᠦᠯᠳᠡ ᠰᠢᠲᠦᠯᠭᠡ ᠶ᠋ᠢᠨ ᠲᠣᠭᠲᠠᠯᠴᠠᠭ᠎ᠠ ᠪᠦᠷᠢᠯᠳᠦᠨ ᠲᠣᠭᠲᠠᠨᠢᠭᠰᠠᠨ ᠢ᠋ ᠲᠤᠩᠬᠠᠭᠯᠠᠨ ᠳᠡᠯᠭᠡᠷᠡᠭᠦᠯᠪᠡ᠃ ᠰᠦᠯᠳᠡ ᠰᠢᠲᠦᠯᠭᠡ ᠮᠣᠩᠭᠣᠯ ᠰᠣᠶᠣᠯ ᠤ᠋ᠨ ᠴᠥᠮ᠎ᠡ ᠪᠤᠶᠤ ᠴᠢᠮᠥᠭᠡ ᠪᠣᠯᠤᠭᠰᠠᠨ ᠤ᠋ ᠬᠤᠪᠢ ᠳ᠋ᠤ᠌᠂ ᠮᠣᠩᠭᠣᠯᠴᠤᠳ ᠤ᠋ᠨ ᠣᠶᠤᠨ ᠰᠣᠶᠣᠯ(文化精神 ) ᠤ᠋ᠨ ᠲᠥᠪᠯᠡᠷᠡᠭᠰᠡᠨ ᠢᠯᠡᠷᠡᠯ ᠮᠥᠨ᠃ ᠲᠡᠭᠡᠬᠦᠯᠡᠷ ᠰᠠᠶᠢ ᠮᠣᠩᠭᠣᠯᠴᠤᠳ ᠤ᠋ᠨ ᠠᠮᠢᠳᠤᠷᠠᠯ ᠤ᠋ᠨ ᠪᠦᠬᠦ ᠲᠠᠯ᠎ᠠ ᠳ᠋ᠤ᠌ ᠳᠣᠭᠣᠰᠢᠯᠠᠭᠳᠠᠨ ᠠᠭᠤᠰᠴᠤ ᠪᠠᠢᠳᠠᠭ᠃ ᠰᠦᠯᠳᠡ ᠰᠢᠲᠦᠯᠭᠡ ᠠᠯᠢ ᠣᠯᠠᠨ ᠰᠢᠯᠲᠠᠭᠠᠨ ᠠ᠋ᠴᠠ ᠪᠣᠯᠵᠤ ᠱᠠᠰᠢᠨ ᠤ᠋ ᠬᠡᠯᠪᠡᠷᠢ ᠶ᠋ᠢᠨ ᠳᠠᠢᠯᠭ᠎ᠠ ᠲᠠᠬᠢᠯᠭ᠎ᠠ ᠶ᠋ᠢᠨ ᠠᠵᠢᠯᠯᠠᠭ᠎ᠠ ᠶ᠋ᠢ ᠠᠪᠳᠠᠭ ᠪᠣᠯᠪᠠᠴᠤ ᠦᠨᠡᠨ ᠳ᠋ᠡᠭᠡᠨ ᠲᠡᠭᠦᠨ ᠦ᠌ ᠲᠠᠬᠢᠯᠭ᠎ᠠ ᠪᠣᠯ ᠥᠪᠡᠷ ᠦ᠋ᠨ ᠬᠦᠴᠦᠨ ᠦ᠌ ᠤᠷᠮᠠᠰᠢᠭᠤᠯᠤᠯ ᠪᠤᠶᠤ ᠬᠠᠮ ᠨᠡᠢᠲᠡ ᠶ᠋ᠢᠨ ᠬᠦᠴᠦᠨ ᠦ᠌ ᠨᠢᠭᠲᠠᠷᠠᠭᠤᠯᠤᠯ ᠤ᠋ᠨ ᠳᠠᠢᠴᠢᠯᠠᠯᠲᠠ ᠪᠣᠯᠬᠤ ᠠ᠋ᠴᠠ ᠪᠢᠰᠢ ᠰᠠᠬᠢᠭᠤᠯᠰᠤᠨᠴᠢᠯᠠᠭᠰᠠᠨ ᠠᠵᠢᠯᠯᠠᠭ᠎ᠠ ᠪᠢᠰᠢ ᠶᠦ᠍ᠮ᠃ ᠴᠢᠩᠭᠢᠰ ᠬᠠᠭᠠᠨ ᠤ᠋ ᠰᠦᠯᠳᠡ ᠰᠢᠲᠦᠯᠭᠡ ᠶ᠋ᠢᠨ ᠣᠣᠷ ᠴᠢᠨᠠᠷ᠂ ᠤᠤᠭᠠᠯ ᠰᠢᠨᠵᠢ ᠶ᠋ᠢ ᠦᠨᠡᠨ ᠬᠦ᠌ ᠣᠢᠯᠠᠭᠠᠵᠤ ᠴᠢᠳᠠᠪᠠᠯ ᠪᠢᠳᠡ ᠰᠠᠶᠢ ᠲᠡᠭᠦᠨ ᠦ᠌ ᠦᠭᠡᠰ ᠦ᠋ᠨ ᠴᠢᠭᠤᠯᠭᠠᠨ ᠢ᠋ ᠦᠨᠡᠨ ᠬᠦ᠌ ᠣᠢᠯᠠᠭᠠᠨ ᠡᠵᠡᠮᠳᠡᠵᠦ ᠴᠢᠳᠠᠬᠤ ᠪᠣᠯᠤᠨ᠎ᠠ᠃
ᠳᠠᠷᠠᠭᠠᠯᠠᠪᠠᠯ᠂ ᠴᠢᠩᠭᠢᠰ ᠬᠠᠭᠠᠨ ᠤ᠋ ᠦᠭᠡᠰ ᠦ᠋ᠨ ᠴᠢᠭᠤᠯᠭᠠᠨ ᠤ᠋ ᠭᠣᠣᠯ ᠠᠭᠤᠯᠭ᠎ᠠ᠂ ᠦᠨᠳᠦᠰᠦᠨ ᠰᠠᠨᠠᠭ᠎ᠠ ᠶ᠋ᠢ ᠪᠦᠷᠢᠨ ᠲᠥᠬᠥᠷ᠂ ᠵᠥᠪ ᠣᠨᠣᠪᠴᠢᠲᠠᠢ ᠣᠢᠯᠠᠭᠠᠨ ᠡᠵᠡᠮᠳᠡᠶ᠎ᠡ ᠭᠡᠪᠡᠯ᠂ ᠡᠷᠬᠡᠪᠰᠢ ᠲᠡᠭᠦᠨ ᠦ᠌ ᠰᠡᠳᠬᠢᠬᠦᠢ ᠶ᠋ᠢᠨ ᠠᠷᠭ᠎ᠠ᠂ ᠣᠨᠴᠠᠭᠠᠢᠯᠠᠨ ᠲᠡᠭᠦᠨ ᠦ᠌ ᠤᠷᠠᠯᠠᠨ ᠪᠣᠳᠣᠬᠤᠢ ᠴᠢᠳᠠᠪᠤᠷᠢ ᠶ᠋ᠢ ᠨᠢ ᠭᠦᠨᠵᠡᠭᠡᠢ ᠤᠬᠠᠪᠤᠷᠢᠯᠠᠨ ᠵᠥᠪ ᠡᠵᠡᠮᠳᠡᠬᠦ ᠬᠡᠷᠡᠭᠲᠡᠢ᠃
ᠰᠡᠳᠬᠢᠬᠦᠢ ᠶ᠋ᠢᠨ ᠤᠷᠠᠯᠠᠨ ᠪᠣᠳᠣᠬᠤᠢ ᠪᠣᠯ ᠲᠡᠦᠬᠡ ᠶ᠋ᠢᠨ ᠤᠷᠲᠤ ᠬᠤᠭᠤᠴᠠᠭᠠᠨ᠎ᠠ᠂ ᠥᠷᠭᠡᠨ ᠬᠡᠪᠴᠢᠶ᠎ᠡ ᠲᠡᠢ ᠬᠡᠷᠡᠭᠯᠡᠭᠳᠡᠵᠦ ᠢᠷᠡᠭᠰᠡᠨ ᠣᠷᠣᠯᠠᠭᠤᠯᠵᠤ ᠪᠣᠯᠣᠰᠢ ᠦᠭᠡᠢ ᠪᠡᠶ᠎ᠡ ᠪᠡᠨ ᠳᠠᠭᠠᠭᠠᠭᠰᠠᠨ ᠰᠡᠳᠬᠢᠬᠦᠢ ᠶ᠋ᠢᠨ ᠨᠢᠭᠡ ᠦᠨᠳᠦᠰᠦᠨ ᠬᠡᠯᠪᠡᠷᠢ ᠪᠣᠯᠤᠨ᠎ᠠ᠃ ᠬᠥᠮᠦᠨ ᠦ᠌ ᠲᠠᠷᠢᠬᠢᠨ ᠤ᠋ ᠦᠨᠳᠦᠰᠦᠨ ᠴᠢᠳᠠᠯ ᠴᠢᠳᠠᠪᠬᠢ ᠠ᠋ᠴᠠ ᠪᠣᠯᠵᠤ᠂ ᠬᠥᠮᠦᠨ ᠦ᠌ ᠰᠡᠳᠬᠢᠬᠦᠢ ᠶ᠋ᠢᠨ ᠦᠨᠳᠦᠰᠦᠨ ᠬᠡᠯᠪᠡᠷᠢ ᠶ᠋ᠢ ᠡᠷᠳᠡᠮᠲᠡᠨ ᠨᠠᠷ ᠤᠷᠠᠯᠠᠨ ᠪᠣᠳᠣᠬᠤᠢ᠂ ᠵᠦᠢᠴᠢᠯᠡᠨ ᠰᠡᠳᠬᠢᠬᠦᠢ ᠭᠡᠮᠡᠨ ᠬᠣᠶᠠᠷ ᠠᠩᠭᠢᠯᠠᠳᠠᠭ᠃ ᠦᠰᠦᠭ ᠪᠢᠴᠢᠭ ᠪᠣᠯᠤᠨ ᠰᠢᠨᠵᠢᠯᠡᠬᠦ ᠤᠬᠠᠭᠠᠨ ᠤ᠋ ᠬᠥᠭᠵᠢᠯ ᠢ᠋ ᠳᠠᠭᠠᠯᠳᠤᠨ᠂ ᠲᠡᠭᠦᠨ ᠦ᠌ ᠵᠦᠢᠴᠢᠯᠡᠨ ᠰᠡᠳᠬᠢᠬᠦᠢ ᠶ᠋ᠢᠨ ᠬᠡᠯᠪᠡᠷᠢ ᠭᠣᠣᠯᠳᠠᠭᠤ ᠤᠬᠠᠭᠳᠠᠬᠤᠨ ᠤ᠋ ᠰᠢᠰᠲ᠋ᠧᠮ ᠪᠤᠶᠤ ᠯᠣᠭᠢᠭ ᠰᠤᠳᠤᠯᠤᠯ ᠢ᠋ᠶ᠋ᠠᠷ ᠳᠠᠮᠵᠢᠨ ᠮᠠᠰᠢ ᠲᠦᠷᠭᠡᠨ ᠬᠥᠭᠵᠢᠵᠦ᠂ ᠵᠠᠷᠢᠮ ᠰᠣᠶᠣᠯᠲᠤ ᠦᠨᠳᠦᠰᠦᠲᠡᠨ ᠦ᠌ ᠳᠤᠮᠳᠠ ᠭᠦᠨ ᠤᠬᠠᠭᠠᠨ ᠤ᠋ ᠬᠤᠪᠢ ᠪᠠᠷ ᠲᠡᠳᠡᠨᠦᠰ ᠦ᠋ᠨ ᠰᠡᠳᠬᠢᠬᠦᠢ ᠶ᠋ᠢᠨ ᠰᠤᠳᠤᠯᠤᠯ ᠢ᠋ ᠬᠥᠭᠵᠢᠭᠡᠨ᠂ ᠰᠡᠳᠬᠢᠬᠦᠢ ᠶ᠋ᠢᠨ ᠴᠢᠳᠠᠪᠤᠷᠢ ᠶ᠋ᠢ ᠳᠡᠭᠡᠭᠰᠢᠯᠡᠭᠦᠯᠦᠭᠰᠡᠭᠡᠷ ᠢᠷᠡᠯ᠎ᠡ᠃
ᠥᠭᠡᠷ᠎ᠡ ᠪᠡᠷ ᠬᠡᠯᠡᠪᠡᠯ᠂ ᠵᠦᠢᠴᠢᠯᠡᠨ ᠰᠡᠳᠬᠢᠬᠦᠢ ᠨᠢ ᠤᠬᠠᠭᠳᠠᠬᠤᠨ ᠤ᠋ ᠬᠤᠪᠢᠷᠠᠯ ᠪᠤᠶᠤ ᠯᠣᠭᠢᠭ ᠤ᠋ᠨ ᠬᠡᠯᠪᠡᠷᠢ ᠪᠡᠷ ᠭᠦᠨ ᠤᠬᠠᠭᠠᠨ ᠤ᠋ ᠬᠥᠭᠵᠢᠯ ᠢ᠋ ᠲᠦᠯᠬᠢᠨ ᠠᠬᠢᠭᠤᠯᠵᠤ ᠳᠡᠯᠡᠬᠡᠢ ᠳ᠋ᠠᠬᠢᠨ᠎ᠠ ᠳᠡᠯᠭᠡᠷᠡᠭᠦᠯᠦᠭᠰᠡᠨ ᠶᠦᠮ᠃ ᠭᠡᠲᠡᠯ᠎ᠡ ᠤᠷᠠᠯᠠᠨ ᠪᠣᠳᠣᠬᠤᠢ ᠶ᠋ᠢᠨ ᠬᠡᠯᠪᠡᠷᠢ ᠲᠡᠭᠦᠨ ᠰᠢᠭ ᠥᠷᠭᠡᠨ ᠳᠡᠯᠭᠡᠷᠡᠵᠦ ᠴᠢᠳᠠᠭ᠎ᠠ ᠦᠭᠡᠢ᠂ ᠭᠠᠭᠴᠠ ᠬᠦ᠌ ᠮᠣᠩᠭᠣᠯᠴᠤᠳ ᠤ᠋ᠨ ᠨᠡᠭᠦᠳᠡᠯ ᠮᠠᠯᠵᠢᠯ ᠤ᠋ᠨ ᠠᠮᠢᠳᠤᠷᠠᠯ ᠳᠤᠮᠳᠠ ᠶᠡᠬᠡ ᠪᠠᠢᠭᠠᠯᠢ ᠶ᠋ᠢᠨ ᠠᠶᠤᠯ ᠲᠦᠭᠰᠢᠭᠦᠷᠢ᠂ ᠬᠦᠴᠢᠷ ᠵᠣᠪᠠᠭᠤᠷᠢ ᠶ᠋ᠢ ᠠᠷᠭᠠᠴᠠᠬᠤ ᠶ᠋ᠢᠨ ᠳᠤᠮᠳᠠ ᠲᠡᠳᠡᠨᠦᠰ ᠥᠪᠡᠷ ᠦ᠋ᠨ ᠣᠨᠴᠠᠯᠢᠭ ᠪᠦᠬᠦᠢ ᠤᠷᠠᠯᠠᠨ ᠪᠣᠳᠣᠬᠤᠢ ᠶ᠋ᠢᠨ ᠠᠷᠭ᠎ᠠ ᠶ᠋ᠢ ᠬᠥᠭᠵᠢᠭᠦᠯᠦᠨ ᠳᠡᠭᠡᠳᠦᠯᠡᠵᠦ ᠢᠷᠡᠪᠡ᠃ ᠴᠢᠩᠭᠢᠰ ᠬᠠᠭᠠᠨ ᠠᠭᠤᠤ ᠶᠡᠬᠡ ᠪᠣᠳᠣᠯᠭᠠᠲᠠᠨ ᠤ᠋ ᠬᠤᠪᠢ ᠳ᠋ᠤ᠌ ᠤᠷᠠᠯᠠᠨ ᠪᠣᠳᠣᠬᠤᠢ ᠶ᠋ᠢᠨ ᠰᠡᠳᠬᠢᠬᠦ ᠠᠷᠭ᠎ᠠ ᠶ᠋ᠢ ᠪᠦᠲᠦᠭᠡᠯᠴᠢ ᠪᠡᠷ ᠵᠠᠯᠭᠠᠮᠵᠢᠯᠠᠨ ᠬᠥᠭᠵᠢᠭᠦᠯᠦᠭᠡᠳ᠂ ᠤᠷᠠᠯᠠᠨ ᠪᠣᠳᠣᠬᠤᠢ ᠪᠠᠷ ᠭᠣᠣᠯᠯᠠᠨ᠂ ᠲᠡᠭᠡᠭᠡᠳ ᠲᠡᠭᠦᠨ ᠢ᠋ ᠵᠦᠢᠴᠢᠯᠡᠨ ᠪᠣᠳᠣᠬᠤᠢ ᠲᠠᠢ ᠤᠶᠠᠯᠳᠤᠭᠤᠯᠤᠨ ᠮᠣᠩᠭᠣᠯᠴᠤᠳ ᠤ᠋ᠨ ᠰᠡᠳᠬᠢᠬᠦᠢ ᠶ᠋ᠢ ᠴᠠᠭ ᠡᠷᠢᠨ ᠦ᠌ ᠬᠥᠭᠵᠢᠯ ᠦ᠋ᠨ ᠨᠣᠶᠠᠨ ᠣᠷᠭᠢᠯ ᠳ᠋ᠤ᠌ ᠬᠦᠷᠭᠡᠵᠦ᠂ ᠬᠥᠮᠦᠨ ᠲᠥᠷᠥᠯᠬᠢᠲᠡᠨ ᠦ᠌ ᠰᠡᠳᠬᠢᠬᠦᠢ ᠶ᠋ᠢᠨ ᠲᠡᠦᠬᠡᠨ᠎ᠡ ᠪᠠᠯᠠᠷᠠᠰᠢ ᠦᠭᠡᠢ ᠭᠢᠯᠠᠯᠵᠠᠭᠰᠠᠨ ᠬᠠᠨᠳᠢᠪ ᠨᠡᠮᠡᠷᠢᠯᠡᠪᠡᠢ᠃ ᠮᠣᠩᠭᠣᠯ ᠵᠦᠢᠷ ᠰᠡᠴᠡᠨ ᠦᠭᠡ ᠶ᠋ᠢ ᠣᠢᠯᠠᠭᠠᠵᠤ ᠴᠢᠳᠠᠬᠤ ᠦᠭᠡᠢ ᠶᠦᠮ ᠪᠣᠯ ᠮᠣᠩᠭᠣᠯᠴᠤᠳ ᠢ᠋ ᠳᠠᠭᠠᠵᠤ ᠴᠢᠳᠠᠬᠤ ᠦᠭᠡᠢ ᠶᠦᠮ ᠭᠡᠵᠦ ᠡᠷᠳᠡᠮᠲᠡᠳ ᠥᠭᠦᠯᠡᠳᠡᠭ᠃ ᠮᠣᠩᠭᠣᠯ ᠵᠦᠢᠷ ᠰᠡᠴᠡᠨ ᠦᠭᠡ ᠪᠠᠷᠤᠭ ᠴᠥᠮ ᠤᠷᠠᠯᠠᠨ ᠪᠣᠳᠣᠬᠤᠢ ᠶ᠋ᠢᠨ ᠪᠦᠲᠦᠭᠡᠯ ᠪᠠᠢᠵᠠᠢ᠃ ᠡᠨᠡ ᠪᠣᠯ ᠵᠦᠢᠷ ᠰᠡᠴᠡᠨ ᠦᠭᠡ ᠮᠣᠩᠭᠣᠯᠴᠤᠳ ᠤ᠋ᠨ ᠳᠤᠮᠳᠠ ᠲᠡᠷᠡ ᠮᠡᠲᠦ ᠪᠡᠷ ᠳᠡᠯᠭᠡᠷᠡᠨ ᠬᠥᠭᠵᠢᠵᠦ ᠪᠠᠢᠭᠰᠠᠨ ᠤ᠋ ᠴᠢᠬᠤᠯᠠ ᠨᠢᠭᠡᠨ ᠰᠢᠯᠲᠠᠭᠠᠨ ᠪᠣᠯᠤᠨ᠎ᠠ᠃
ᠴᠢᠩᠭᠢᠰ ᠬᠠᠭᠠᠨ ᠤ᠋ ᠤᠷᠠᠯᠠᠨ ᠪᠣᠳᠣᠬᠤᠢ ᠥᠪᠡᠷ ᠦ᠋ᠨ ᠣᠨᠴᠠᠯᠢᠭ ᠢ᠋ᠶ᠋ᠠᠷ ᠢ᠋ᠶ᠋ᠠᠨ ᠬᠥᠮᠦᠰ ᠦ᠋ᠨ ᠠᠩᠬᠠᠷᠤᠯ ᠢ᠋ ᠬᠦᠴᠦᠲᠡᠢ ᠲᠠᠲᠠᠭᠰᠠᠭᠠᠷ ᠢᠷᠡᠪᠡ᠃ ᠤᠷᠠᠯᠠᠨ ᠪᠣᠳᠣᠬᠤᠢ ᠪᠣᠯᠤᠨ ᠵᠦᠢᠴᠢᠯᠡᠨ ᠰᠡᠳᠬᠢᠬᠦᠢ ᠪᠣᠯ ᠬᠥᠮᠦᠰ ᠦ᠋ᠨ ᠰᠡᠳᠬᠢᠬᠦᠢ ᠶ᠋ᠢᠨ ᠬᠣᠶᠠᠷ ᠦᠨᠳᠦᠰᠦᠨ ᠬᠡᠯᠪᠡᠷᠢ ᠪᠣᠯᠬᠤ ᠶ᠋ᠢ ᠳᠡᠭᠡᠷ᠎ᠡ ᠨᠢᠭᠡᠨᠲᠡ ᠶᠠᠷᠢᠵᠤ ᠥᠩᠭᠡᠷᠡᠪᠡ᠃ ᠴᠢᠩᠭᠢᠰ ᠬᠠᠭᠠᠨ ᠤ᠋ ᠰᠡᠳᠬᠢᠬᠦᠢ ᠶ᠋ᠢᠨ ᠳᠣᠪᠣᠢᠭᠰᠠᠨ ᠨᠢᠭᠡ ᠣᠨᠴᠠᠯᠢᠭ ᠪᠣᠯ ᠤᠷᠠᠯᠠᠨ ᠪᠣᠳᠣᠬᠤᠢ ᠪᠠᠷ ᠭᠣᠣᠯᠯᠠᠨ᠂ ᠤᠷᠠᠯᠠᠨ ᠪᠣᠳᠣᠬᠤᠢ ᠪᠣᠯᠤᠨ ᠵᠦᠢᠴᠢᠯᠡᠨ ᠰᠡᠳᠬᠢᠬᠦᠢ ᠶ᠋ᠢᠨ ᠨᠢᠭᠡᠳᠦᠯ ᠢ᠋ᠶ᠋ᠡᠷ ᠢᠯᠡᠷᠡᠳᠡᠭ ᠲᠦ᠍ ᠣᠷᠣᠰᠢᠨ᠎ᠠ᠃ ᠡᠨᠡ ᠨᠢ ᠮᠣᠩᠭᠣᠯ ᠰᠣᠶᠣᠯ ᠤ᠋ᠨ ᠬᠥᠭᠵᠢᠯ ᠦ᠋ᠨ ᠪᠠᠢᠳᠠᠯ᠂ ᠳᠠᠷᠤᠢ ᠲᠤᠬᠠᠢ ᠶ᠋ᠢᠨ ᠦᠶ᠎ᠡ ᠳ᠋ᠦ᠍ ᠤᠬᠠᠭᠳᠠᠬᠤᠨ ᠤ᠋ ᠰᠢᠰᠲ᠋ᠧᠮ ᠪᠤᠶᠤ ᠵᠦᠢᠴᠢᠯᠡᠬᠦᠢ ᠯᠣᠭᠢᠭ ᠭᠷᠧᠭ ᠦ᠋ᠨ ᠰᠣᠶᠣᠯ ᠰᠢᠭ᠋ ᠬᠥᠭᠵᠢᠭᠰᠡᠨ ᠬᠡᠮᠵᠢᠶᠡᠨ ᠳ᠋ᠦ᠍ ᠬᠦᠷᠦᠭᠡᠳᠦᠢ ᠪᠠᠢᠭᠰᠠᠨ ᠠ᠋ᠴᠠ ᠪᠣᠯᠤᠭᠰᠠᠨ ᠶᠤᠮ᠃ ᠡᠭᠦᠨ ᠦ᠌ ᠬᠠᠮᠲᠤ᠂ ᠮᠣᠩᠭᠣᠯᠴᠤᠳ ᠤ᠋ᠨ ᠮᠠᠯᠵᠢᠯ ᠤ᠋ᠨ ᠠᠮᠢᠳᠤᠷᠠᠯ ᠪᠣᠯᠤᠨ ᠠᠩ ᠠᠩᠨᠠᠯ ᠤ᠋ᠨ ᠠᠮᠢᠳᠤᠷᠠᠯ ᠨᠢ ᠲᠡᠳᠡᠨᠦᠰ ᠦ᠋ᠨ ᠳᠦᠷᠰᠦᠯᠢᠭ ᠰᠡᠳᠬᠢᠬᠦᠢ ᠶ᠋ᠢ ᠬᠥᠭᠵᠢᠭᠡᠨ ᠪᠠᠳᠠᠷᠠᠭᠤᠯᠳᠠᠭ ᠠ᠋ᠴᠠ ᠲᠡᠳᠡᠨᠦᠰ ᠦ᠋ᠨ ᠤᠷᠠᠯᠠᠨ ᠪᠣᠳᠣᠬᠤᠢ ᠶ᠋ᠢᠨ ᠴᠢᠳᠠᠪᠤᠷᠢ ᠤᠯᠠᠮ ᠪᠣᠯᠪᠠᠰᠤᠷᠠᠭᠤᠯᠤᠭᠳᠠᠨ ᠳᠡᠭᠡᠭᠰᠢᠯᠡᠪᠡ᠃ ᠴᠢᠩᠭᠢᠰ ᠬᠠᠭᠠᠨ ᠴᠡᠷᠢᠭ ᠲᠡᠢᠨ ᠦ᠌ ᠠᠮᠢᠳᠤᠷᠠᠯ ᠳᠤᠮᠳᠠ ᠥᠪᠡᠷ ᠦ᠋ᠨ ᠠᠪᠢᠶᠠᠰ ᠪᠢᠯᠢᠭ ᠢ᠋ᠶ᠋ᠡᠨ ᠪᠠᠳᠠᠷᠠᠭᠤᠯᠤᠨ᠂ ᠤᠷᠠᠯᠠᠨ ᠪᠣᠳᠣᠬᠤᠢ ᠪᠠᠷ ᠭᠣᠣᠯᠯᠠᠭᠰᠠᠨ ᠰᠡᠳᠬᠢᠬᠦᠢ ᠶ᠋ᠢᠨ ᠬᠡᠯᠪᠡᠷᠢ ᠶ᠋ᠢ ᠪᠦᠷᠢᠯᠳᠦᠭᠦᠯᠦᠨ ᠪᠣᠯᠪᠠᠰᠤᠷᠠᠭᠤᠯᠪᠠ᠃ ᠵᠢᠱ᠌ᠢᠶᠡᠯᠡᠪᠡᠯ᠂ ᠨᠠᠬᠤ ᠬᠤᠨ ᠤ᠋ ᠪᠠᠢᠯᠳᠤᠭᠠᠨ ᠪᠣᠯ ᠴᠢᠩᠭᠢᠰ ᠬᠠᠭᠠᠨ ᠤ᠋ ᠶᠡᠬᠡ ᠮᠣᠩᠭᠣᠯ ᠤᠯᠤᠰ ᠢ᠋ ᠪᠠᠢᠭᠤᠯᠤᠨ ᠮᠣᠩᠭᠣᠯ ᠦᠨᠳᠦᠰᠦᠲᠡᠨ ᠦ᠌ ᠪᠦᠷᠢᠯᠳᠦᠯ ᠢ᠋ ᠪᠡᠶᠡᠯᠡᠭᠦᠯᠬᠦ ᠳ᠋ᠦ᠍ ᠰᠢᠢᠳᠪᠦᠷᠢᠲᠦ ᠴᠢᠨᠠᠷ ᠲᠠᠢ ᠶᠡᠬᠡ ᠲᠡᠢᠨ ᠪᠣᠯᠤᠨ᠎ᠠ᠃ ᠲᠤᠰ ᠲᠡᠢᠨ ᠳ᠋ᠦ᠍ ᠴᠢᠩᠭᠢᠰ ᠬᠠᠭᠠᠨ ᠠᠯᠳᠠᠷᠲᠤ ᠲᠡᠢᠨ ᠦ᠌ ᠭᠤᠷᠪᠠᠨ ᠵᠠᠷᠴᠢᠮ ᠢ᠋ ᠳᠤᠷᠠᠳᠪᠠ᠃ ᠲᠡᠷᠡ ᠪᠡᠷ᠄
《ᠬᠠᠷᠭᠠᠨ᠎ᠠ ᠮᠡᠲᠦ
ᠴᠤᠪᠤᠷᠠᠯᠳᠤᠨ ᠲᠠᠪᠰᠢᠵᠤ
ᠨᠠᠭᠤᠷ ᠮᠡᠲᠦ
ᠨᠡᠯᠦᠢᠲᠡᠯᠡ ᠵᠢᠭᠰᠠᠵᠤ
ᠴᠦᠴᠡ ᠮᠡᠲᠦ
ᠴᠤᠭᠤᠯᠤᠨ ᠬᠠᠳᠬᠤᠯᠳᠤᠰᠤ 》③(195 ᠳ᠋ᠤᠭᠠᠷ ᠵᠦᠢᠯ) ᠭᠡᠪᠡ᠃
ᠡᠨᠳᠡ ᠥᠪᠡᠷ ᠦ᠋ᠨ ᠴᠡᠷᠢᠭ ᠦ᠋ᠨ ᠵᠣᠬᠢᠶᠠᠨ ᠪᠠᠢᠭᠤᠯᠤᠯᠲᠠ ᠪᠠᠨ ᠬᠠᠷᠭᠠᠨ᠎ᠠ ᠶ᠋ᠢᠨ ᠪᠤᠲᠠ ᠪᠠᠷ ᠵᠢᠱ᠌ᠢᠶᠡᠯᠡᠨ᠂ ᠳᠠᠢᠰᠤᠨ ᠢ᠋ ᠪᠦᠰᠡᠯᠡᠨ ᠴᠣᠬᠢᠬᠤ ᠪᠠᠨ ᠨᠠᠭᠤᠷ ᠨᠡᠯᠦᠢᠬᠦ ᠪᠡᠷ ᠢᠯᠡᠳᠬᠡᠭᠡᠳ᠂ ᠳᠠᠢᠰᠤᠨ ᠤ᠋ ᠺᠣᠮᠠᠨᠳᠠᠯᠠᠭᠴᠢ ᠪᠤᠶᠤ ᠠᠮᠢᠨ ᠰᠤᠳᠠᠰᠤ ᠶ᠋ᠢ ᠨᠢᠴᠠ ᠳᠠᠭᠠᠷᠢᠬᠤ ᠶ᠋ᠢ ᠴᠦᠴᠡ ᠪᠡᠷ ᠰᠢᠪᠡᠭᠯᠡᠬᠦ ᠳᠦᠷᠰᠦᠯᠡᠵᠦ᠂ ᠲᠡᠢᠮᠦ ᠶᠡᠬᠡ ᠪᠤᠳᠤᠯᠢᠶᠠᠨ ᠶᠠᠷᠰᠢᠭ ᠪᠦᠬᠦᠢ ᠲᠡᠢᠨ ᠢ᠋ ᠢᠩᠭᠢᠵᠦ ᠠᠮᠢᠳᠤᠯᠢᠭ ᠮᠥᠷᠲᠡᠭᠡᠨ ᠣᠨᠣᠴᠢᠲᠠᠢ ᠢᠯᠡᠳᠬᠡᠵᠦ ᠴᠢᠳᠠᠭᠰᠠᠨ ᠨᠢ ᠪᠣᠯ ᠲᠡᠭᠦᠨ ᠦ᠌ ᠳᠦᠷᠰᠦᠯᠢᠭ ᠰᠡᠳᠬᠢᠬᠦᠢ᠂ ᠤᠷᠠᠯᠠᠨ ᠪᠣᠳᠣᠬᠤᠢ ᠶ᠋ᠢᠨ ᠠᠮᠵᠢᠯᠲᠠ ᠪᠤᠶᠤ᠃ ᠮᠥᠨ ᠴᠦ᠍ ᠲᠡᠭᠦᠨ ᠦ᠌ ᠤᠷᠠᠯᠠᠨ ᠪᠣᠳᠣᠬᠤᠢ ᠴᠢᠳᠠᠯ ᠴᠢᠳᠠᠪᠬᠢ ᠶ᠋ᠢᠨ ᠬᠢᠨᠢ ᠲᠥᠪᠯᠡᠷᠡᠭᠰᠡᠨ ᠢᠯᠡᠷᠡᠯ ᠪᠤᠶᠤ᠃ ᠳᠠᠬᠢᠨ ᠵᠢᠱ᠌ᠢᠶᠡᠯᠡᠪᠡᠯ᠂ ᠴᠢᠩᠭᠢᠰ ᠬᠠᠭᠠᠨ ᠠ᠋ᠴᠠ᠄
《ᠥᠨᠳᠥᠷ ᠠᠭᠤᠯᠠ ᠶ᠋ᠢᠨ ᠬᠥᠲᠥᠯ ᠵᠣᠷᠢ
ᠥᠷᠭᠡᠨ ᠳᠠᠯᠠᠢ ᠶ᠋ᠢᠨ ᠣᠯᠣᠮ ᠵᠣᠷᠢ᠃
ᠬᠣᠯᠠ ᠭᠡᠮᠡᠨ ᠪᠦᠦ ᠴᠥᠬᠥ
ᠶᠠᠪᠤᠪᠠᠰᠤ ᠬᠥᠷᠥᠶᠦ᠃
ᠬᠦᠨᠳᠦ ᠭᠡᠮᠡᠨ ᠪᠦᠦ ᠴᠥᠬᠥ
ᠡᠷᠭᠦᠪᠡᠰᠦ ᠳᠠᠭᠠᠭᠠᠶᠤ᠃
ᠮᠢᠬ᠎ᠠ ᠢᠳᠡᠬᠦ ᠰᠢᠳᠦ ᠠᠮᠠᠨ ᠳ᠋ᠤᠷ ᠠᠶᠤ
ᠬᠥᠮᠦᠨ ᠢᠳᠡᠬᠦ ᠰᠢᠳᠦᠨ ᠰᠡᠳᠬᠢᠯ ᠳ᠋ᠦ᠍ᠷ ᠠᠶᠤ
ᠪᠡᠶ᠎ᠡ ᠪᠥᠬᠡ ᠪᠥᠭᠡᠰᠦ ᠭᠠᠭᠴᠠ ᠶ᠋ᠢ ᠢᠯᠠᠬᠤᠶᠤ
ᠪᠢᠯᠢᠭ ᠪᠥᠬᠡ ᠪᠥᠭᠡᠰᠦ ᠣᠯᠠᠨ ᠢ᠋ ᠢᠯᠠᠬᠤᠶᠤ》④ ᠭᠡᠪᠡ᠃
ᠡᠨᠡ ᠪᠣᠯ ᠤᠷᠠᠯᠠᠨ ᠪᠣᠳᠣᠬᠤᠢ ᠶ᠋ᠢᠨ ᠭᠠᠢᠬᠠᠮᠰᠢᠭᠲᠤ ᠰᠣᠳᠣᠨ ᠵᠢᠱ᠌ᠢᠶ᠎ᠡ ᠪᠣᠯᠬᠤ ᠶᠤᠮ ᠃ᠡᠨᠳᠡ ᠬᠥᠲᠥᠯ ᠪᠣᠯᠤᠨ ᠣᠯᠣᠮ ᠢ᠋ᠶ᠋ᠠᠷ ᠵᠦᠢ ᠶᠣᠰᠣ ᠪᠤᠶᠤ ᠮᠥᠷ ᠶᠣᠰᠣᠨ ᠢ᠋ ᠲᠥᠯᠥᠭᠡᠯᠡᠭᠦᠯᠦᠨ᠂ ᠪᠤᠤ ᠴᠥᠬᠥ ᠪᠡᠷ《ᠰᠥᠰᠥ᠂ ᠵᠣᠷᠢᠭ》 ᠢ᠋ ᠣᠷᠣᠯᠠᠭᠤᠯᠵᠤ᠂ᠶᠠᠪᠤᠪᠠᠰᠤ ᠪᠣᠯᠤᠨ ᠡᠷᠭᠦᠪᠡᠰᠦ ᠪᠡᠷ ᠬᠥᠮᠦᠰ ᠦ᠋ᠨ ᠦᠢᠯᠡᠳᠦᠯᠭᠡ ᠶ᠋ᠢ ᠦᠯᠢᠭᠡᠷᠯᠡᠨ᠂ ᠰᠡᠳᠬᠢᠯ ᠦ᠋ᠨ ᠰᠢᠳᠦ ᠪᠣᠯᠤᠨ ᠪᠥᠬᠡ ᠪᠢᠯᠢᠭ ᠢ᠋ᠶ᠋ᠡᠷ ᠪᠢᠰᠢᠷᠡᠭᠦᠯᠦᠯ ᠪᠤᠶᠤ ᠨᠢᠭᠲᠠᠷᠠᠭᠤᠯᠤᠯ ᠤ᠋ᠨ ᠴᠢᠳᠠᠯ ᠢ᠋ ᠵᠦᠢᠷᠯᠡᠨ ᠪᠡᠯᠭᠡᠳᠡᠪᠡᠢ᠃ ᠡᠨᠳᠡ ᠵᠦᠢ ᠶᠣᠰᠣ᠂ ᠰᠥᠰᠥ ᠵᠣᠷᠢᠭ᠂ ᠦᠢᠯᠡᠳᠦᠯᠭᠡ᠂ ᠪᠢᠯᠢᠭ ᠮᠡᠲᠦ ᠶ᠋ᠢᠨ ᠤᠬᠠᠭᠳᠠᠬᠤᠨ᠂ ᠠᠮᠢᠳᠤᠷᠠᠯ ᠲᠡᠮᠡᠴᠡᠯ ᠦ᠋ᠨ ᠣᠨᠣᠯᠵᠢᠬᠤᠨ ᠢ᠋ᠶ᠋ᠠᠷ ᠰᠢᠭᠤᠳ ᠪᠢᠰᠢ ᠳᠠᠮ ᠢ᠋ᠶ᠋ᠠᠷ᠂ ᠢᠯᠡ ᠪᠢᠰᠢ ᠪᠡᠯᠭᠡᠳᠡᠯ ᠢ᠋ᠶ᠋ᠡᠷ ᠵᠦᠢᠷᠯᠡᠨ ᠪᠣᠳᠣᠬᠤᠢ ᠪᠤᠶᠤ ᠣᠨᠴᠠᠭᠠᠢᠯᠠᠨ ᠤᠷᠠᠯᠠᠨ ᠪᠣᠳᠣᠬᠤᠢ ᠪᠠᠷ ᠳᠠᠮᠵᠢᠨ᠂ ᠥᠪᠡᠷᠰᠡᠳ ᠦ᠋ᠨ ᠦᠢᠯᠡᠳᠦᠯ ᠢ᠋ᠶ᠋ᠡᠨ ᠦᠵᠡᠭᠦᠯᠵᠦ ᠪᠠᠢᠪᠠ᠃ ᠥᠭᠡᠷ᠎ᠡ ᠪᠡᠷ ᠬᠡᠯᠡᠪᠡᠯ᠂ ᠠᠮᠢᠳᠤᠷᠠᠯ ᠲᠡᠮᠡᠴᠡᠯ ᠦ᠋ᠨ ᠪᠣᠳᠠᠲᠤ ᠤᠬᠠᠭᠳᠠᠬᠤᠨ ᠢ᠋ ᠳᠦᠷᠰᠦᠯᠢᠭ ᠰᠡᠳᠬᠢᠬᠦᠢ ᠪᠡᠷ ᠠᠮᠢᠯᠠᠭᠤᠯᠤᠨ ᠪᠣᠳᠠᠲᠠᠢᠴᠢᠯᠠᠭᠠᠳ ᠂ ᠥᠪᠡᠷ ᠦ᠋ᠨ ᠤᠷᠠᠯᠠᠨ ᠪᠣᠳᠣᠬᠤᠢ ᠪᠠᠨ ᠨᠡᠩ ᠠᠮᠢᠳᠤᠯᠢᠭ᠂ ᠨᠡᠩ ᠴᠢᠨᠠᠷᠵᠢᠭᠤᠨ ᠪᠣᠯᠭᠠᠭᠰᠠᠨ ᠪᠠᠢᠳᠠᠭ ᠠᠵᠢ᠃ ᠬᠠᠷᠠᠮᠰᠠᠯᠲᠠᠢ ᠨᠢ᠂ ᠵᠦᠢᠯ ᠵᠦᠢᠯ ᠦ᠋ᠨ ᠰᠢᠯᠲᠠᠭᠠᠨ ᠠ᠋ᠴᠠ ᠪᠣᠯᠵᠤ᠂ ᠣᠯᠠᠨ ᠵᠠᠭᠤᠨ ᠤ᠋ ᠲᠤᠷᠰᠢ ᠳ᠋ᠤ᠌ ᠡᠨᠡ ᠬᠦ᠌ ᠤᠷᠠᠯᠠᠨ ᠪᠣᠳᠣᠬᠤᠢ ᠶ᠋ᠢᠨ ᠢᠷᠠᠭᠤ ᠤᠳᠤᠮᠰᠢᠯ ᠢ᠋ ᠶᠡᠷᠦ ᠨᠢ ᠬᠦᠨᠳᠦᠳᠬᠡᠨ ᠦᠵᠡᠵᠦ ᠭᠦᠨᠵᠡᠭᠡᠢ ᠰᠤᠳᠤᠯᠤᠭᠰᠠᠨ ᠢ᠋ᠶ᠋ᠠᠷ ᠬᠦᠷᠦᠯᠴᠡᠬᠦ ᠦᠭᠡᠢ ᠪᠠᠢᠵᠤ᠂ ᠣᠨᠣᠯᠵᠢᠭᠰᠠᠨ ᠬᠡᠯᠪᠡᠷᠢ ᠪᠡᠷ ᠲᠦᠭᠡᠮᠡᠯᠵᠢᠭᠦᠯᠵᠦ ᠴᠢᠳᠠᠭ᠎ᠠ ᠦᠭᠡᠢ ᠪᠢᠯᠡ᠃
ᠴᠢᠩᠭᠢᠰ ᠬᠠᠭᠠᠨ ᠤ᠋ ᠤᠷᠠᠯᠠᠨ ᠪᠣᠳᠣᠬᠤᠢ ᠶ᠋ᠢᠨ ᠨᠥᠭᠦᠭᠡ ᠨᠢᠭᠡ ᠳᠣᠪᠣᠢᠭᠰᠠᠨ ᠣᠨᠴᠠᠯᠢᠭ ᠪᠣᠯ ᠬᠥᠮᠦᠨ ᠦ᠌ ᠣᠶᠤᠨ ᠪᠢᠯᠢᠭ ᠢ᠋ ᠡᠷᠬᠢᠮᠯᠡᠨ ᠬᠥᠭᠡᠭᠡᠴᠡᠯᠳᠦᠬᠦ ᠪᠤᠶᠤ ᠪᠢᠯᠢᠭ ᠦ᠋ᠨ ᠬᠦᠴᠦᠨ ᠢ᠋ ᠳᠡᠭᠡᠳᠦᠯᠡᠨ ᠪᠢᠰᠢᠷᠡᠳᠡᠭ ᠲᠦ᠍ ᠣᠷᠣᠰᠢᠨ᠎ᠠ᠃ ᠪᠢᠯᠢᠭ ᠪᠣᠯ ᠬᠥᠮᠦᠨ ᠦ᠌ ᠲᠠᠷᠢᠬᠢᠨ ᠤ᠋ ᠴᠢᠳᠠᠪᠤᠷᠢ ᠮᠥᠨ᠃ ᠬᠥᠮᠦᠨ ᠦ᠌ ᠲᠠᠷᠢᠬᠢᠨ ᠤ᠋ ᠴᠢᠳᠠᠪᠤᠷᠢ ᠶ᠋ᠢ ᠶᠡᠷᠦᠩᠬᠡᠢ ᠳ᠋ᠡᠭᠡᠨ ᠬᠣᠶᠠᠷ ᠵᠦᠢᠯ ᠳ᠋ᠦ᠍ ᠬᠤᠪᠢᠶᠠᠷᠢᠯᠠᠨ᠂ ᠨᠢᠭᠡ ᠶ᠋ᠢ ᠨᠢ ᠴᠡᠭᠡᠵᠢᠯᠡᠬᠦ ᠴᠢᠳᠠᠪᠤᠷᠢ ᠭᠡᠵᠦ᠂ ᠨᠥᠭᠦᠭᠡ ᠶ᠋ᠢ ᠨᠢ ᠰᠡᠳᠬᠢᠬᠦᠢ ᠶ᠋ᠢᠨ ᠴᠢᠳᠠᠪᠤᠷᠢ ᠬᠡᠮᠡᠳᠡᠭ᠃ ᠰᠡᠳᠬᠢᠬᠦᠢ ᠶ᠋ᠢᠨ ᠴᠢᠳᠠᠪᠤᠷᠢ ᠶ᠋ᠢ ᠪᠠᠰᠠ ᠲᠡᠭᠦᠨ ᠦ᠌ ᠦᠢᠯᠡᠳᠦᠯ ᠦᠵᠡᠭᠦᠯᠬᠦ ᠬᠡᠯᠪᠡᠷᠢ ᠡᠴᠡ ᠨᠢ ᠵᠦᠢᠴᠢᠯᠡᠨ ᠰᠡᠳᠬᠢᠬᠦᠢ ᠪᠣᠯᠤᠨ ᠤᠷᠠᠯᠠᠨ ᠪᠣᠳᠣᠬᠤᠢ ᠭᠡᠮᠡᠨ ᠬᠣᠶᠠᠷ ᠦᠨᠳᠦᠰᠦᠨ ᠬᠡᠯᠪᠡᠷᠢ ᠪᠡᠷ ᠠᠩᠭᠢᠯᠠᠳᠠᠭ᠃ ᠡᠷᠲᠡᠨ ᠦ᠌ ᠭᠷᠧᠭ ᠦ᠋ᠨ ᠬᠢᠨ ᠢ᠋ᠶ᠋ᠡᠷ ᠲᠥᠯᠦᠭᠡᠯᠡᠭᠦᠯᠦᠭᠰᠡᠨ ᠠᠯᠢ ᠣᠯᠠᠨ ᠤᠯᠤᠰ ᠦᠨᠳᠦᠰᠦᠲᠡᠨ ᠦ᠌ ᠪᠢᠴᠢᠭ ᠦ᠋ᠨ ᠡᠷᠳᠡᠮᠲᠡᠳ ᠢ᠋ᠶ᠋ᠡᠷ ᠤᠬᠠᠭᠳᠠᠬᠤᠨ ᠤ᠋ ᠰᠢᠰᠲ᠋ᠧᠮ ᠪᠤᠶᠤ ᠯᠣᠭᠢᠭ ᠤ᠋ᠨ ᠰᠤᠳᠤᠯᠤᠯ ᠠ᠋ᠴᠠ ᠭᠠᠷᠳᠠᠨ᠂ ᠬᠥᠮᠦᠨ ᠦ᠌ ᠪᠢᠯᠢᠭ ᠢ᠋ ᠡᠷᠬᠢᠮᠯᠡᠨ ᠬᠠᠢᠷᠠᠯᠠᠬᠤ ᠵᠠᠮᠨᠠᠯ ᠢ᠋ᠶ᠋ᠠᠷ ᠵᠦᠢᠴᠢᠯᠡᠨ ᠰᠡᠳᠬᠢᠬᠦᠢ ᠶ᠋ᠢ ᠬᠥᠭᠵᠢᠭᠦᠯᠦᠨ᠂ ᠭᠦᠨ ᠤᠬᠠᠭᠠᠨ ᠤ᠋ ᠰᠤᠷᠭᠠᠯ ᠢ᠋ ᠡᠭᠦᠳᠦᠨ ᠪᠦᠲᠦᠭᠡᠵᠦ᠂ ᠬᠥᠮᠦᠨ ᠲᠥᠷᠥᠯᠬᠢᠲᠡᠨ ᠦ᠌ ᠪᠣᠯᠪᠠᠰᠤᠨ ᠤ᠋ ᠳᠡᠭᠡᠭᠰᠢᠯᠡᠯᠲᠡ ᠳ᠋ᠦ᠍ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠭᠦᠯᠦᠭᠰᠡᠨ ᠪᠠᠢᠵᠠᠢ᠃ ᠭᠡᠲᠡᠯ᠎ᠡ ᠲᠡᠳᠡᠨᠦᠰ ᠤᠷᠠᠯᠠᠨ ᠪᠣᠳᠣᠬᠤᠢ ᠶ᠋ᠢ ᠲᠡᠷᠡ ᠮᠡᠲᠦ ᠡᠷᠬᠢᠮᠯᠡᠨ ᠦᠵᠡᠵᠦ ᠴᠢᠬᠤᠯᠠᠴᠢᠯᠠᠨ ᠳᠡᠭᠡᠳᠦᠯᠡᠭᠰᠡᠨ ᠦᠭᠡᠢ ᠶᠦᠮ᠃ ᠲᠡᠭᠡᠬᠦᠯᠡᠷ ᠨᠣᠮᠯᠠᠭᠴᠢ ᠦᠵᠡᠯ ᠠᠮᠠᠷᠬᠠᠨ ᠳᠡᠯᠭᠡᠷᠡᠳᠡᠭ᠃ ᠭᠡᠲᠡᠯ᠎ᠡ ᠮᠠᠨ ᠤ᠋ ᠮᠣᠩᠭᠣᠯ ᠤ᠋ᠨ ᠳᠡᠭᠡᠳᠦᠰ ᠨᠡᠭᠦᠳᠡᠯ ᠮᠠᠯᠵᠢᠯ ᠤ᠋ᠨ ᠠᠮᠢᠳᠤᠷᠠᠯ ᠢ᠋ᠶ᠋ᠠᠷ ᠰᠠᠭᠤᠷᠢᠯᠠᠨ᠂ ᠠᠷᠢᠶᠠᠲᠠᠨ ᠠᠮᠢᠲᠠᠨ ᠢ᠋ ᠠᠷᠭᠠᠴᠠᠭᠠᠬᠤ ᠶ᠋ᠢᠨ ᠶᠠᠪᠤᠴᠠ ᠳ᠋ᠤ᠌ ᠰᠡᠳᠬᠢᠬᠦᠢ ᠶ᠋ᠢᠨ ᠠᠷᠭ᠎ᠠ ᠶ᠋ᠢᠨ ᠤᠷᠠᠯᠠᠨ ᠪᠣᠳᠣᠬᠤᠢ ᠶ᠋ᠢᠨ ᠴᠢᠳᠠᠯ ᠳ᠋ᠤ᠌ ᠲᠤᠩ ᠭᠦᠨᠵᠡᠭᠡᠢ ᠤᠬᠠᠪᠤᠷᠢ ᠲᠠᠢ ᠪᠣᠯᠵᠤ᠂ ᠲᠡᠭᠡᠭᠡᠳ ᠲᠡᠭᠦᠨ ᠢ᠋ᠶ᠋ᠡᠷ ᠢ᠋ᠶ᠋ᠡᠨ ᠬᠥᠮᠦᠨ ᠦ᠌ ᠪᠢᠯᠢᠭ ᠢ᠋ ᠡᠷᠬᠢᠮᠯᠡᠨ ᠬᠥᠭᠡᠭᠡᠴᠡᠯᠳᠦᠬᠦ ᠥᠪᠡᠷ ᠦ᠋ᠨ ᠣᠨᠴᠠᠯᠢᠭ ᠪᠦᠬᠦᠢ ᠰᠢᠨ᠎ᠡ ᠵᠠᠮ ᠢ᠋ ᠨᠡᠭᠡᠭᠡᠵᠦ ᠲᠤᠩ ᠥᠪᠡᠷᠮᠢᠴᠡ ᠰᠣᠶᠣᠯ ᠤᠳᠤᠮᠰᠢᠯ ᠢ᠋ ᠪᠦᠷᠢᠯᠳᠦᠭᠦᠯᠵᠡᠢ᠃ ᠴᠢᠩᠭᠢᠰ ᠬᠠᠭᠠᠨ ᠥᠪᠡᠷ ᠦ᠋ᠨ ᠠᠪᠢᠶᠠᠰ ᠪᠢᠯᠢᠭ ᠢ᠋ᠶ᠋ᠡᠨ ᠪᠠᠳᠠᠷᠠᠭᠤᠯᠵᠤ᠂ ᠬᠥᠮᠦᠨ ᠦ᠌ ᠡᠢᠮᠦᠷᠬᠦᠦ ᠪᠢᠯᠢᠭ ᠦ᠋ᠨ ᠬᠦᠴᠦᠨ ᠢ᠋ ᠢᠳᠡᠭᠡᠨ ᠪᠢᠰᠢᠷᠡᠵᠦ《ᠳᠡᠭᠡᠳᠦᠰ ᠦ᠋ᠨ ᠶᠣᠰᠣᠨ》 ᠢ᠋ᠶ᠋ᠠᠷ ᠰᠢᠳᠦᠨ ᠳᠡᠭᠡᠳᠦᠯᠡᠵᠦ ᠪᠠᠢᠯ᠎ᠠ᠃ ᠲᠡᠢᠮᠦ ᠡᠴᠡ᠂ ᠴᠢᠩᠭᠢᠰ ᠬᠠᠭᠠᠨ ᠤ᠋ ᠦᠷ᠎ᠡ ᠠᠴᠢ ᠨᠠᠷ ᠪᠣᠯᠤᠨ ᠲᠡᠭᠦᠨ ᠦ᠌ ᠦᠵᠡᠯ ᠰᠠᠨᠠᠭ᠎ᠠ᠂ ᠠᠵᠢᠯ ᠦᠢᠯᠡᠰ ᠢ᠋ ᠵᠠᠯᠭᠠᠮᠵᠢᠯᠠᠭᠴᠢᠳ ᠡᠴᠡ ᠴᠢᠩᠭᠢᠰ ᠬᠠᠭᠠᠨ ᠤ᠋ ᠦᠭᠡ ᠶᠠᠷᠢᠶ᠎ᠠ᠂ ᠰᠤᠷᠭᠠᠯ ᠰᠦᠶᠦᠭᠡᠷ ᠢ᠋《ᠵᠠᠰᠠᠭ》᠂《ᠪᠢᠯᠢᠭ》 ᠬᠣᠶᠠᠷ ᠠᠩᠭᠢᠯᠠᠵᠤ ᠰᠤᠷᠲᠠᠯᠴᠢᠯᠠᠨ ᠤᠯᠠᠮᠵᠢᠯᠠᠵᠤ ᠢᠷᠡᠪᠡ᠃ ᠡᠭᠦᠨ ᠡᠴᠡ ᠭᠦᠨ ᠤᠬᠠᠭᠠᠯᠢᠭ ᠦᠵᠡᠯ ᠰᠠᠨᠠᠭ᠎ᠠ ᠮᠣᠩᠭᠣᠯᠴᠤᠳ ᠤ᠋ᠨ ᠳᠤᠮᠳᠠ ᠨᠡᠩ ᠤᠬᠠᠮᠰᠠᠷᠠᠩᠭᠤᠢ ᠳᠡᠯᠭᠡᠷᠡᠨ ᠴᠢᠳᠠᠪᠠᠢ᠃ ᠣᠷᠴᠢᠨ ᠦᠶ᠎ᠡ ᠶ᠋ᠢᠨ ᠶᠡᠬᠡ ᠵᠣᠬᠢᠶᠠᠯᠴᠢ᠂ ᠠᠭᠤᠤ ᠶᠡᠬᠡ ᠪᠣᠳᠣᠯᠭᠠᠲᠠᠨ ᠢᠨᠵᠠᠨᠨᠠᠰᠢ ᠡᠴᠡ᠄
《ᠪᠡᠶ᠎ᠡ ᠪᠠᠭᠠᠲᠤᠷ ᠪᠣᠯᠪᠠᠰᠤ ᠨᠢᠭᠡᠬᠡᠨ ᠦᠶ᠎ᠡ ᠶ᠋ᠢᠨ ᠪᠠᠭᠠᠲᠤᠷ
ᠪᠢᠯᠢᠭ ᠪᠠᠭᠠᠲᠤᠷ ᠪᠣᠯᠪᠠᠰᠤ ᠲᠦᠮᠡᠨ ᠣᠨ ᠤ᠋ ᠪᠠᠭᠠᠲᠤᠷ》⑤
ᠭᠡᠰᠡᠨ ᠨᠢ ᠮᠣᠩᠭᠣᠯ ᠤ᠋ᠨ ᠤᠳᠤᠮᠰᠢᠯᠲᠤ ᠰᠣᠶᠣᠯ ᠤ᠋ᠨ ᠦᠨᠳᠦᠰᠦᠨ ᠣᠨᠴᠠᠯᠢᠭ ᠢ᠋ ᠪᠠᠷᠢᠵᠤ ᠣᠨᠣᠭᠠᠵᠤ ᠬᠡᠯᠡᠭᠰᠡᠨ ᠮᠡᠷᠭᠡᠨ ᠰᠡᠴᠡᠨ ᠥᠭᠦᠯᠡᠮᠵᠢ ᠪᠣᠯᠬᠤ ᠶᠤᠮ᠃ ᠲᠡᠷᠡ ᠪᠡᠷ ᠨᠢᠭᠡ ᠲᠠᠯ᠎ᠠ ᠪᠠᠷ ᠴᠢᠩᠭᠢᠰ ᠬᠠᠭᠠᠨ ᠤ᠋ ᠪᠠᠭᠠᠲᠤᠷ ᠢ᠋ ᠪᠢᠯᠢᠭ ᠪᠠᠭᠠᠲᠤᠷ ᠭᠡᠮᠡᠨ ᠭᠦᠨᠵᠡᠭᠡᠢ ᠤᠬᠠᠪᠤᠷᠢᠯᠠᠨ᠂ ᠨᠥᠭᠦᠭᠡ ᠲᠠᠯ᠎ᠠ ᠪᠠᠷ ᠪᠢᠯᠢᠭ ᠪᠠᠭᠠᠲᠤᠷ ᠢ᠋ ᠡᠷᠬᠢᠮᠯᠡᠨ ᠳᠡᠭᠡᠳᠦᠯᠡᠬᠦ ᠦᠨ᠎ᠡ ᠬᠦᠷᠲᠡᠭᠡᠯ ᠦ᠋ᠨ ᠦᠨᠳᠦᠰᠦᠨ ᠦᠵᠡᠯᠲᠡ ᠪᠡᠨ ᠢᠯᠡᠳᠬᠡᠵᠡᠢ᠃
ᠴᠢᠩᠭᠢᠰ ᠬᠠᠭᠠᠨ ᠡᠴᠡ᠄
《ᠠᠷᠭ᠎ᠠ ᠪᠢᠯᠢᠭ ᠬᠣᠶᠠᠷ ᠢ᠋ ᠮᠡᠳᠡᠪᠡᠰᠦ ᠡᠯ᠎ᠡ
ᠠᠯᠢᠪᠠ ᠬᠦᠴᠦᠲᠡᠨ ᠢ᠋ ᠡᠷᠬᠡᠨ ᠳ᠋ᠡᠭᠡᠨ ᠣᠷᠣᠭᠤᠯᠵᠤ
ᠠᠷᠭ᠎ᠠ ᠪᠢᠯᠢᠭ ᠢ᠋ ᠡᠰᠡ ᠤᠬᠠᠪᠠᠰᠤ ᠡᠯ᠎ᠡ
ᠠᠯᠠᠭᠠᠨ ᠳ᠋ᠠᠭᠠᠨ ᠪᠢᠴᠢᠭᠰᠡᠨ ᠢ᠋ ᠲᠣᠭᠲᠠᠭᠠᠬᠤᠶ᠎ᠠ ᠪᠡᠷᠬᠡ》⑥ ᠭᠡᠵᠡᠢ᠃
ᠲᠤᠬᠠᠢ ᠶ᠋ᠢᠨ ᠦᠶ᠎ᠡ ᠳ᠋ᠦ᠍ ᠠᠷᠭ᠎ᠠ ᠪᠢᠯᠢᠭ ᠬᠣᠶᠠᠷ ᠢ᠋ ᠬᠣᠣᠰᠯᠠᠭᠤᠯᠤᠨ ᠬᠡᠷᠡᠭᠯᠡᠵᠦ᠂ ᠠᠷᠭ᠎ᠠ ᠤᠬᠠᠭᠠᠨ ᠠᠷᠭ᠎ᠠ ᠪᠣᠳᠣᠯᠭ᠎ᠠ ᠶ᠋ᠢ ᠵᠢᠭᠠᠬᠤ ᠪᠣᠯᠵᠠᠢ ᠭᠡᠮᠡᠨ ᠡᠷᠳᠡᠮᠲᠡᠨ ᠨᠠᠷ ᠤ᠋ᠨ ᠲᠠᠢᠯᠪᠤᠷᠢᠯᠠᠳᠠᠭ ᠪᠣᠯ ᠶᠣᠰᠣᠲᠠᠢ ᠠᠵᠢ᠃ ᠪᠢᠯᠢᠭ ᠨᠢ ᠬᠥᠮᠦᠨ ᠦ᠌ ᠲᠠᠷᠢᠬᠢᠨ ᠤ᠋ ᠴᠢᠳᠠᠪᠤᠷᠢ ᠪᠣᠯᠤᠭᠰᠠᠨ ᠤ᠋ ᠬᠤᠪᠢ ᠳ᠋ᠤ᠌᠂ ᠲᠡᠷᠡ ᠪᠡᠷ ᠬᠥᠮᠦᠨ ᠦ᠌ ᠣᠣᠷ ᠴᠢᠨᠠᠷ᠂ ᠤᠤᠭᠠᠯ ᠰᠢᠨᠵᠢ ᠶ᠋ᠢᠨ ᠰᠢᠭᠤᠳ ᠢᠯᠳᠬᠡᠪᠦᠷᠢ ᠪᠤᠶᠤ ᠢᠯᠡᠷᠡᠯ ᠪᠣᠯᠬᠤ ᠶᠤᠮ᠃ ᠲᠡᠭᠡᠬᠦᠯᠡᠷ ᠡᠷᠳᠡᠮᠲᠡᠳ ᠡᠴᠡ ᠪᠢᠯᠢᠭ ᠢ᠋ᠶ᠋ᠡᠷ ᠴᠢᠬᠤᠯᠠ ᠪᠠᠷᠢᠮᠵᠢᠶ᠎ᠠ ᠪᠣᠯᠭᠠᠵᠤ᠂ ᠬᠥᠮᠦᠨ ᠰᠠᠷᠮᠠᠭᠴᠢᠨᠠ᠋ᠴᠠ ᠣᠳᠣᠬᠢ ᠬᠥᠮᠦᠨ ᠪᠣᠯᠲᠠᠯ᠎ᠠ ᠳᠥᠷᠪᠡᠨ ᠶᠡᠬᠡ ᠱᠠᠲᠤ ᠦᠶ᠎ᠡ ᠶ᠋ᠢ ᠥᠩᠭᠡᠷᠡᠭᠡᠯ᠎ᠡ ᠭᠡᠮᠡᠨ ᠦᠵᠡᠳᠡᠭ᠃ ᠡᠨᠡ ᠨᠢ ᠡᠬᠢᠨ ᠦ᠌ ᠦᠶ᠎ᠡ ᠶ᠋ᠢᠨ ᠰᠠᠷᠮᠠᠭᠴᠢᠨ ᠬᠥᠮᠦᠨ᠂ ᠰᠡᠭᠦᠯᠴᠢ ᠶ᠋ᠢᠨ ᠦᠶ᠎ᠡ ᠶ᠋ᠢᠨ ᠰᠠᠷᠮᠠᠭᠴᠢᠨ ᠬᠥᠮᠦᠨ᠂ ᠡᠬᠢᠨ ᠦ᠌ ᠦᠶ᠎ᠡ ᠶ᠋ᠢᠨ ᠪᠢᠯᠢᠭᠲᠦ ᠬᠥᠮᠦᠨ᠂ ᠰᠡᠭᠦᠯᠴᠢ ᠶ᠋ᠢᠨ ᠦᠶ᠎ᠡ ᠶ᠋ᠢᠨ ᠪᠢᠯᠢᠭᠲᠦ ᠬᠥᠮᠦᠨ ᠭᠡᠮᠡᠨ ᠠᠩᠭᠢᠯᠠᠳᠠᠭ᠃ ᠡᠨᠡ ᠪᠣᠯ ᠬᠥᠮᠦᠨ ᠦ᠌ ᠣᠣᠷ ᠴᠢᠳᠠᠯ ᠤᠤᠭᠠᠯ ᠰᠢᠨᠵᠢ ᠶ᠋ᠢ ᠬᠠᠷᠠᠭᠤᠯᠵᠤ ᠴᠢᠳᠠᠭᠰᠠᠨ ᠰᠢᠨᠵᠢᠯᠡᠬᠦ ᠤᠬᠠᠭᠠᠨᠴᠢ ᠦᠵᠡᠯᠲᠡ ᠪᠣᠯᠬᠤ ᠶᠤᠮ᠃ ᠴᠢᠩᠭᠢᠰ ᠬᠠᠭᠠᠨ ᠠᠪᠢᠶᠠᠰ ᠪᠢᠯᠢᠭ ᠲᠡᠢ ᠪᠡᠷ ᠮᠣᠩᠭᠣᠯ ᠰᠣᠶᠣᠯ ᠤ᠋ᠨ ᠤᠷᠠᠯᠠᠨ ᠪᠣᠳᠣᠬᠤᠢ ᠶ᠋ᠢᠨ ᠴᠢᠳᠠᠯ ᠢ᠋ ᠬᠥᠭᠵᠢᠭᠦᠯᠦᠨ ᠳᠡᠭᠡᠳᠦᠯᠡᠵᠦ᠂ ᠤᠷᠠᠯᠠᠨ ᠪᠣᠳᠣᠬᠤᠢ ᠶ᠋ᠢᠨ ᠵᠠᠮᠨᠠᠯ ᠢ᠋ᠶ᠋ᠠᠷ ᠬᠥᠮᠦᠨ ᠦ᠌ ᠪᠢᠯᠢᠭ ᠢ᠋ ᠨᠠᠨᠳᠢᠩᠨᠠᠨ ᠬᠥᠭᠡᠭᠡᠴᠡᠯᠳᠦᠵᠦ᠂ ᠮᠣᠩᠭᠣᠯ ᠣᠨᠴᠠᠯᠢᠭ ᠪᠦᠬᠦᠢ ᠭᠦᠨ ᠤᠬᠠᠭᠠᠨᠴᠢ ᠦᠵᠡᠯ ᠰᠠᠨᠠᠭᠠᠨ ᠤ᠋ ᠲᠣᠭᠲᠠᠯᠴᠠᠭ᠎ᠠ ᠶ᠋ᠢ ᠬᠥᠮᠦᠨ ᠲᠥᠷᠥᠯᠬᠢᠲᠡᠨ ᠦ᠌ ᠰᠣᠶᠣᠯ ᠤ᠋ᠨ ᠰᠠᠩ ᠳ᠋ᠤ᠌ ᠨᠡᠮᠡᠷᠢᠯᠡᠪᠡᠢ᠃ ᠴᠢᠩᠭᠢᠰ ᠬᠠᠭᠠᠨ ᠤ᠋ ᠦᠭᠡᠰ ᠦ᠋ᠨ ᠴᠢᠭᠤᠯᠭᠠᠨ ᠳ᠋ᠤ᠌ ᠴᠢᠩᠭᠢᠰ ᠬᠠᠭᠠᠨ ᠤ᠋ 《ᠪᠣᠳᠠᠲᠠᠢ ᠶ᠋ᠢ ᠡᠷᠬᠢᠮᠯᠡᠬᠦ》᠂《ᠬᠤᠪᠢᠷᠠᠯ ᠬᠥᠭᠵᠢᠯ ᠢ᠋ ᠡᠷᠬᠢᠮᠯᠡᠬᠦ》᠂《ᠦᠢᠯᠡᠳᠦᠯᠭᠡ ᠶ᠋ᠢ ᠡᠷᠬᠢᠮᠯᠡᠬᠦ 》᠂《ᠪᠡᠶᠡᠴᠢ ᠴᠢᠳᠠᠮᠠᠭᠠᠢ ᠴᠢᠨᠠᠷ ᠢ᠋ ᠳᠡᠭᠡᠳᠦᠯᠡᠬᠦ 》 ᠵᠡᠷᠭᠡ ᠦᠵᠡᠯ ᠰᠠᠨᠠᠭ᠎ᠠ ᠨᠢ᠂ ᠨᠢᠭᠡ ᠲᠠᠯ᠎ᠠ ᠪᠠᠷ ᠴᠢᠩᠭᠢᠰ ᠬᠠᠭᠠᠨ ᠤ᠋ ᠭᠠᠢᠬᠠᠮᠰᠢᠭᠲᠤ ᠣᠶᠤᠨ ᠪᠢᠯᠢᠭ ᠢ᠋ ᠲᠣᠳᠣᠷᠬᠠᠢ ᠮᠥᠷᠲᠡᠭᠡᠨ ᠮᠠᠰᠢ ᠭᠠᠢᠬᠠᠮᠰᠢᠭᠲᠠᠢ ᠬᠠᠷᠠᠭᠤᠯᠵᠤ᠂ ᠨᠥᠭᠦᠭᠡ ᠲᠠᠯ᠎ᠠ ᠪᠠᠷ ᠲᠡᠭᠦᠨ ᠦ᠌ ᠤᠷᠠᠯᠠᠨ ᠪᠣᠳᠣᠬᠤᠢ ᠶ᠋ᠢᠨ ᠴᠢᠳᠠᠯ ᠢ᠋ ᠴᠦ᠍ ᠭᠦᠢᠴᠡᠳ ᠢᠯᠡᠷᠡᠭᠦᠯᠵᠦ ᠭᠠᠷᠭᠠᠪᠠᠢ᠃ ᠡᠭᠦᠨ ᠳ᠋ᠦ᠍ ᠣᠨᠴᠠᠭᠠᠢᠯᠠᠨ ᠠᠩᠬᠠᠷᠤᠭᠤᠰᠢᠲᠠᠢ ᠨᠢ᠂ ᠴᠢᠩᠭᠢᠰ ᠬᠠᠭᠠᠨ ᠤ᠋ ᠤᠷᠠᠯᠠᠨ ᠪᠣᠳᠣᠬᠤᠢ ᠶ᠋ᠢᠨ ᠴᠢᠳᠠᠪᠤᠷᠢ ᠨᠢ ᠠᠮᠢᠳᠤᠷᠠᠯ ᠲᠡᠮᠡᠴᠡᠯ ᠦ᠋ᠨ ᠠᠯᠢ ᠣᠯᠠᠨ ᠪᠣᠳᠠᠲᠤ ᠬᠡᠷᠡᠭ ᠪᠣᠳᠠᠰ ᠢ᠋ᠶ᠋ᠠᠷ ᠦᠨᠳᠦᠰᠦᠯᠡᠨ᠂ ᠳᠦᠷᠰᠦᠯᠢᠭ ᠰᠡᠳᠬᠢᠬᠦᠢ ᠶ᠋ᠢᠨ ᠪᠦᠲᠦᠭᠡᠯ ᠢ᠋ ᠠᠰᠢᠲᠠᠢ ᠠᠰᠢᠭᠯᠠᠬᠤ ᠶ᠋ᠢᠨ ᠳᠠᠭᠠᠤ《ᠬᠣᠶᠠᠷ ᠠᠷᠠᠯ 》(177 ᠵᠦᠢᠯ) ᠂ 《ᠬᠣᠶᠠᠷ ᠬᠦᠷᠳᠦ》(177 ᠵᠦᠢᠯ) ᠪᠤᠶᠤ ᠬᠣᠶᠠᠷ ᠵᠢᠭᠦᠷ (212 ᠵᠦᠢᠯ) ᠢ᠋ᠶ᠋ᠡᠷ ᠬᠡᠷᠡᠭ ᠪᠣᠳᠠᠰ ᠤ᠋ᠨ ᠬᠣᠶᠠᠷ ᠲᠠᠯ᠎ᠠ ᠶ᠋ᠢᠨ ᠬᠠᠷᠢᠴᠠᠭ᠎ᠠ ᠶ᠋ᠢ ᠢᠯᠡᠳᠬᠡᠳᠡᠭ ᠦ᠋ᠨ ᠬᠠᠮᠲᠤ᠂《ᠠᠢᠯ ᠭᠡᠷ ᠢ᠋ᠶ᠋ᠡᠨ ᠳᠣᠳᠣᠮᠳᠠᠵᠤ ᠴᠢᠳᠠᠬᠰᠠᠳ ᠲᠥᠷᠥ ᠤᠯᠤᠰ ᠢ᠋ ᠵᠠᠰᠠᠵᠤ ᠴᠢᠳᠠᠮᠤᠢ᠂ ᠠᠷᠪᠠᠨ ᠬᠥᠮᠦᠨ ᠢ᠋ ᠵᠠᠬᠢᠷᠴᠤ ᠴᠢᠳᠠᠬᠰᠠᠳ ᠮᠢᠩᠭ᠎ᠠ ᠲᠦᠮᠡᠨ ᠬᠥᠮᠦᠨ ᠢ᠋ ᠵᠠᠬᠢᠷᠴᠤ ᠴᠢᠳᠠᠮᠤᠢ》⑦ ᠬᠡᠮᠡᠬᠦ ᠪᠡᠷ ᠵᠢᠱ᠌ᠢᠶᠡᠯᠡᠨ᠂ ᠨᠡᠢᠲᠡᠯᠢᠭ ᠴᠢᠨᠠᠷ ᠪᠣᠯᠤᠨ ᠥᠪᠡᠷᠮᠢᠴᠡ ᠴᠢᠨᠠᠷ ᠤ᠋ᠨ ᠬᠠᠷᠢᠴᠠᠭ᠎ᠠ ᠶ᠋ᠢ ᠢᠯᠡᠳᠬᠡᠵᠦ ᠪᠠᠢᠯ᠎ᠠ᠃ ᠮᠠᠨ ᠤ᠋ ᠮᠡᠳᠡᠭᠡᠵᠢ ᠪᠡᠷ ᠡᠨᠡ ᠬᠠᠷᠢᠴᠠᠭ᠎ᠠ ᠶ᠋ᠢᠨ ᠠᠰᠠᠭᠤᠳᠠᠯ ᠪᠣᠯ ᠭᠦᠨ ᠤᠬᠠᠭᠠᠨ ᠤ᠋ ᠲᠡᠦᠬᠡᠨ ᠳ᠋ᠡᠬᠢ ᠲᠣᠮᠣ ᠠᠰᠠᠭᠤᠳᠠᠯ ᠪᠣᠯᠬᠤ ᠶᠤᠮ᠃ ᠵᠥᠪᠬᠡᠨ ᠡᠨᠡ ᠬᠣᠶᠠᠷ ᠳᠥᠭᠥᠮ ᠵᠢᠱ᠌ᠢᠶ᠎ᠡ ᠡᠴᠡ ᠪᠢᠳᠡ ᠯᠠᠪ ᠴᠢᠩᠭᠢᠰ ᠬᠠᠭᠠᠨ ᠤ᠋ ᠭᠠᠢᠬᠠᠮᠰᠢᠭᠲᠤ ᠪᠢᠯᠢᠭ ᠢ᠋ ᠣᠯᠵᠤ ᠮᠡᠳᠡᠵᠦ ᠪᠣᠯᠬᠤ ᠶ᠋ᠢᠨ ᠬᠠᠮᠲᠤ᠂ ᠮᠥᠨ ᠪᠠᠰᠠ ᠲᠡᠭᠦᠨ ᠦ᠌ ᠭᠦᠨ ᠤᠬᠠᠭᠠᠯᠢᠭ ᠦᠵᠡᠯ ᠰᠠᠨᠠᠭᠠᠨ ᠤ᠋ ᠥᠨᠳᠥᠷᠴᠡ ᠶ᠋ᠢ ᠴᠦ᠍ ᠭᠦᠨᠵᠡᠭᠡᠢ ᠤᠬᠠᠪᠤᠷᠢᠯᠠᠨ ᠣᠢᠯᠠᠭᠠᠵᠤ ᠪᠣᠯᠬᠤ ᠶᠤᠮ᠃
ᠬᠤᠷᠢᠶᠠᠩᠭᠤᠢᠯᠠᠭᠠᠳ ᠥᠭᠦᠯᠡᠪᠡᠯ᠂ ᠴᠢᠩᠭᠢᠰ ᠬᠠᠭᠠᠨ ᠤ᠋ ᠠᠪᠢᠶᠠᠰ ᠪᠢᠯᠢᠭ ᠲᠦ᠍ ᠤᠷᠠᠯᠠᠨ ᠪᠣᠳᠣᠬᠤᠢ ᠪᠣᠯ ᠨᠡᠭᠦᠳᠡᠯ ᠮᠠᠯᠵᠢᠯ ᠤ᠋ᠨ ᠠᠮᠢᠳᠤᠷᠠᠯ ᠤ᠋ᠨ ᠰᠠᠭᠤᠷᠢᠨ ᠳᠡᠭᠡᠷ᠎ᠡ ᠮᠣᠩᠭᠣᠯ ᠰᠣᠶᠣᠯ ᠤ᠋ᠨ ᠰᠢᠯᠢᠳᠡᠭ ᠤᠳᠤᠮᠰᠢᠯ ᠢ᠋ ᠪᠦᠲᠦᠭᠡᠯᠴᠢ ᠪᠡᠷ ᠵᠠᠯᠭᠠᠮᠵᠢᠯᠠᠨ ᠬᠥᠭᠵᠢᠭᠦᠯᠦᠭᠰᠡᠨ ᠦ᠌ ᠦᠷ᠎ᠡ ᠪᠦᠲᠦᠭᠡᠯ ᠮᠥᠨ᠃ ᠲᠡᠭᠦᠨ ᠦ᠌ ᠲᠥᠪᠯᠡᠷᠡᠭᠰᠡᠨ ᠢᠯᠡᠷᠡᠯ ᠨᠢ ᠳᠠᠷᠤᠢ ᠰᠦᠯᠳᠡ ᠰᠢᠲᠦᠯᠭᠡ ᠪᠣᠯᠬᠤ ᠰᠠᠨ᠃ ᠴᠢᠩᠭᠢᠰ ᠬᠠᠭᠠᠨ ᠤ᠋ ᠳᠡᠭᠡᠳᠦᠰ ᠬᠢᠶᠠᠨ ᠢ᠋ᠶ᠋ᠠᠷ ᠥᠪᠡᠷ ᠢ᠋ ᠪᠡᠨ ᠣᠪᠣᠭᠯᠠᠵᠤ᠂ ᠳᠠᠷᠠᠭ᠎ᠠ ᠨᠢ ᠬᠢᠶᠠᠳ ᠤ᠋ᠨ ᠰᠦᠯᠳᠡ ᠶ᠋ᠢ ᠡᠷᠭᠦᠨ ᠮᠠᠨᠳᠤᠭᠤᠯᠵᠤ᠂ ᠳᠠᠬᠢᠨ ᠴᠢᠩᠭᠢᠰ ᠬᠠᠭᠠᠨ ᠤ᠋ ᠭᠦᠨᠵᠡᠭᠡᠢ ᠤᠬᠠᠪᠤᠷᠢᠯᠠᠯ ᠪᠣᠯᠤᠨ ᠨᠢᠮᠪᠠᠢ ᠪᠣᠳᠣᠯᠬᠢᠯᠠᠯ ᠢ᠋ᠶ᠋ᠠᠷ ᠶᠢᠰᠦᠨ ᠬᠥᠯᠲᠦ ᠴᠠᠭᠠᠨ ᠰᠦᠯᠳᠡ ᠶ᠋ᠢᠨ ᠳᠡᠭᠡᠳᠦᠯᠡᠯ ᠳ᠋ᠦ᠍ ᠬᠦᠷᠭᠡᠭᠡᠳ᠂ ᠮᠣᠩᠭᠣᠯᠴᠤᠳ ᠤ᠋ᠨ ᠲᠥᠪ ᠰᠢᠲᠦᠯᠭᠡ ᠶ᠋ᠢ ᠳᠦᠷᠢᠮᠵᠢᠭᠦᠯᠦᠨ ᠳᠡᠯᠭᠡᠷᠡᠭᠦᠯᠪᠡ᠃ ᠡᠳᠡᠭᠡᠷ ᠨᠢ ᠲᠡᠦᠬᠡ ᠪᠣᠯᠤᠨ ᠯᠣᠭᠢᠭ ᠤ᠋ᠨ ᠨᠢᠭᠡᠳᠦᠯ ᠡᠴᠡ ᠴᠢᠩᠭᠢᠰ ᠬᠠᠭᠠᠨ ᠤ᠋ ᠤᠷᠠᠯᠠᠨ ᠪᠣᠳᠣᠬᠤᠢ ᠶ᠋ᠢᠨ ᠪᠡᠶᠡᠯᠡᠯ ᠪᠤᠶᠤ ᠢᠯᠠᠯᠲᠠ ᠮᠥᠨ᠃ ᠦᠨᠡᠨ ᠳ᠋ᠡᠭᠡᠨ ᠬᠢᠶᠠᠨ᠂ ᠰᠦᠯᠳᠡ᠂ ᠮᠥᠷ ᠶᠣᠰᠣ ᠪᠣᠯᠤᠨ ᠴᠢᠩᠭᠢᠰ ᠬᠠᠭᠠᠨ ᠤ᠋ ᠥᠭᠦᠯᠡᠵᠦ ᠪᠠᠢᠭᠰᠠᠨ《ᠰᠡᠳᠬᠢᠯ ᠦ᠋ᠨ ᠬᠦᠯᠦᠭ 》(205 ᠵᠦᠢᠯ)᠂《ᠬᠦᠨᠳᠦ ᠮᠥᠷ ᠲᠦ᠍ ᠬᠥᠮᠦᠨ 》(201 ᠵᠦᠢᠯ)᠂《ᠣᠯᠠᠨ ᠲᠣᠯᠣᠭᠠᠢᠲᠤ ᠮᠣᠭᠠᠢ 》ᠵᠡᠷᠭᠡ ᠨᠡᠷᠡᠰ ᠪᠤᠶᠤ ᠬᠡᠯᠡᠯᠭᠡ ᠪᠣᠯ ᠴᠥᠮ ᠤᠷᠠᠯᠠᠨ ᠪᠣᠳᠣᠬᠤᠢ ᠶ᠋ᠢᠨ ᠰᠣᠩᠭᠣᠳᠠᠭ ᠢᠯᠡᠳᠬᠡᠯ ᠪᠣᠯᠬᠤ ᠶᠤᠮ᠃
ᠬᠣᠶᠠᠷ᠂ ᠴᠢᠩᠭᠢᠰ ᠬᠠᠭᠠᠨ ᠤ᠋ ᠦᠭᠡᠰ ᠦ᠋ᠨ ᠴᠢᠭᠤᠯᠭᠠᠨ ᠤ᠋ ᠭᠣᠣᠯ ᠠᠭᠤᠯᠭ᠎ᠠ᠂ ᠦᠨᠳᠦᠰᠦᠨ ᠰᠠᠨᠠᠭ᠎ᠠ ᠶ᠋ᠢ ᠪᠦᠷᠢᠨ ᠲᠥᠬᠥᠷ᠂ ᠵᠥᠪ ᠣᠨᠣᠪᠴᠢᠲᠠᠢ ᠣᠢᠯᠠᠭᠠᠨ ᠡᠵᠡᠮᠳᠡᠶ᠎ᠡ ᠭᠡᠪᠡᠯ᠂ ᠮᠥᠨ ᠪᠠᠰᠠ ᠲᠡᠭᠦᠨ ᠦ᠌ ᠤᠯᠤᠰ ᠲᠥᠷᠥ ᠶ᠋ᠢᠨ ᠦᠵᠡᠯᠲᠡ ᠪᠣᠯᠤᠨ ᠭᠦᠨ ᠤᠬᠠᠭᠠᠨ ᠤ᠋ ᠦᠨᠳᠦᠰᠦᠨ ᠦᠵᠡᠯᠲᠡ ᠶ᠋ᠢ ᠭᠦᠨᠵᠡᠭᠡᠢ ᠤᠬᠠᠪᠤᠷᠢᠯᠠᠨ ᠵᠥᠪ ᠣᠢᠯᠠᠭᠠᠬᠤ ᠬᠡᠷᠡᠭᠲᠡᠢ ᠪᠢᠯᠡ᠃
ᠥᠭᠡᠳᠡᠢ ᠬᠠᠭᠠᠨ ᠲᠤᠩ ᠠᠮᠵᠢᠯᠲᠠ ᠪᠦᠲᠦᠮᠵᠢ ᠲᠡᠢ ᠪᠡᠷ ᠴᠢᠩᠭᠢᠰ ᠬᠠᠭᠠᠨ ᠤ᠋ ᠪᠠᠢᠭᠤᠯᠤᠨ ᠪᠤᠰᠬᠠᠭᠰᠠᠨ ᠲᠥᠷᠥ ᠭᠦᠷᠦᠨ ᠦ᠌ ᠡᠷᠬᠡ ᠪᠣᠯᠤᠨ ᠦᠢᠯᠡᠰ ᠢ᠋ ᠵᠠᠯᠭᠠᠮᠵᠢᠯᠠᠨ ᠠᠪᠤᠭᠰᠠᠨ ᠤ᠋ ᠬᠠᠮᠲᠤ᠂ ᠴᠢᠩᠭᠢᠰ ᠬᠠᠭᠠᠨ ᠤ᠋ ᠦᠵᠡᠯ ᠰᠠᠨᠠᠭ᠎ᠠ᠂ ᠣᠨᠴᠠᠭᠠᠢᠯᠠᠨ ᠲᠡᠭᠦᠨ ᠦ᠌ ᠤᠯᠤᠰ ᠲᠥᠷᠥ ᠶ᠋ᠢᠨ ᠦᠵᠡᠯ ᠰᠠᠨᠠᠭ᠎ᠠ ᠶ᠋ᠢ ᠵᠥᠪ ᠣᠢᠯᠠᠭᠠᠵᠤ᠂ ᠬᠦᠴᠦᠲᠡᠢ ᠲᠤᠭᠤᠰᠢᠯᠠᠭᠤᠯᠤᠨ ᠬᠡᠷᠡᠭᠵᠢᠭᠦᠯᠵᠦ ᠪᠠᠢᠭᠰᠠᠨ ᠰᠠᠨᠵᠠᠢ᠃ ᠵᠢᠱ᠌ᠢᠶᠡᠯᠡᠪᠡᠯ᠂ 《ᠮᠣᠩᠭᠣᠯ ᠤ᠋ᠨ ᠨᠢᠭᠤᠴᠠ ᠲᠣᠪᠴᠢᠶᠠᠨ 》 ᠤ᠋ 277 ᠵᠦᠢᠯ ᠳ᠋ᠦ᠍ ᠲᠣᠳᠣᠷᠬᠠᠢ ᠲᠡᠮᠳᠡᠭᠯᠡᠭᠡᠰᠦᠲᠡᠢ ᠥᠭᠡᠳᠡᠢ ᠬᠠᠭᠠᠨ ᠤ᠋ ᠡᠰᠢᠯᠡᠨ ᠶᠠᠷᠢᠭᠰᠠᠨ《ᠣᠯᠠᠨ ᠠᠶᠤᠭᠤᠯᠢ᠂ ᠭᠦᠨ ᠦᠬᠦᠭᠦᠯᠢ 》ᠪᠣᠯ ᠴᠢᠩᠭᠢᠰ ᠬᠠᠭᠠᠨ ᠤ᠋ ᠦᠵᠡᠯ ᠰᠠᠨᠠᠭ᠎ᠠ ᠶ᠋ᠢ ᠭᠦᠨᠵᠡᠭᠡᠢ ᠳᠤᠰᠬᠠᠵᠤ ᠴᠢᠳᠠᠭᠰᠠᠨ ᠰᠣᠩᠭᠣᠳᠠᠭ ᠰᠦᠶᠦᠭᠡᠷ ᠮᠥᠨ᠃ ᠣᠨᠴᠠᠭᠠᠢᠯᠠᠨ ᠴᠢᠩᠭᠢᠰ ᠬᠠᠭᠠᠨ ᠤ᠋ ᠤᠯᠤᠰ ᠲᠥᠷᠥ ᠶ᠋ᠢᠨ ᠦᠵᠡᠯ ᠰᠠᠨᠠᠭ᠎ᠠ ᠪᠣᠯᠤᠨ ᠭᠦᠨ ᠤᠬᠠᠭᠠᠨ ᠤ᠋ ᠦᠵᠡᠯ ᠰᠠᠨᠠᠭ᠎ᠠ ᠶ᠋ᠢ ᠲᠡᠷᠡ ᠪᠡᠷ ᠨᠡᠩ ᠲᠥᠪᠯᠡᠷᠡᠭᠦᠯᠦᠨ ᠲᠤᠰᠬᠠᠵᠤ᠂ ᠨᠡᠩ ᠠᠮᠢᠳᠤᠯᠢᠭ ᠢᠯᠡᠳᠬᠡᠨ ᠢᠯᠡᠷᠡᠭᠦᠯᠦᠭᠰᠡᠨ ᠰᠠᠨᠵᠠᠢ᠃ ᠠᠯᠢ ᠴᠤ᠌ ᠤᠯᠤᠰ ᠦᠨᠳᠦᠰᠦᠲᠡᠨ ᠦ᠌ ᠲᠡᠦᠬᠡᠨ ᠳ᠋ᠡᠬᠢ ᠲᠡᠳᠡᠭᠡᠷ ᠠᠭᠤᠤ ᠶᠡᠬᠡ ᠤᠯᠤᠰ ᠲᠥᠷᠥᠴᠢᠨ ᠠᠯᠢ ᠨᠢ ᠴᠦ᠍ ᠭᠡᠳ ᠪᠦᠷ ᠠᠷᠠᠳ ᠲᠦᠮᠡᠨ ᠢ᠋ ᠴᠢᠬᠤᠯᠠᠴᠢᠯᠠᠨ ᠦᠵᠡᠵᠦ᠂ ᠠᠷᠠᠳ ᠲᠦᠮᠡᠨ ᠦ᠌ ᠬᠦᠴᠦᠨ ᠢ᠋ ᠨᠢᠭᠲᠠᠷᠠᠭᠤᠯᠤᠨ ᠴᠢᠳᠠᠳᠠᠭ ᠢ᠋ᠶ᠋ᠠᠷ ᠢ᠋ᠶ᠋ᠠᠨ ᠠᠮᠵᠢᠯᠲᠠ ᠪᠦᠲᠦᠭᠡᠯ ᠭᠠᠷᠭᠠᠭᠠᠳ᠂ ᠲᠡᠦᠬᠡ ᠶ᠋ᠢᠨ ᠬᠥᠭᠵᠢᠯ ᠳᠡᠪᠰᠢᠯ ᠢ᠋ ᠠᠬᠢᠭᠤᠯᠤᠭᠰᠠᠨ ᠪᠠᠢᠳᠠᠭ᠃ ᠮᠣᠩᠭᠣᠯ ᠰᠣᠶᠣᠯ ᠤ᠋ᠨ ᠰᠢᠯᠢᠳᠡᠭ ᠤᠳᠤᠮᠰᠢᠯ ᠢ᠋ᠶ᠋ᠠᠷ 《ᠣᠷᠴᠢᠯᠠᠩ ᠤ᠋ᠨ ᠵᠦᠢ᠂ ᠣᠯᠠᠨ ᠤ᠋ ᠶᠣᠰᠣᠨ》ᠬᠡᠮᠡᠬᠦ ᠳᠡᠭᠡᠳᠦᠰ ᠦ᠋ᠨ ᠰᠤᠷᠭᠠᠯ ᠢ᠋ ᠤᠯᠠᠮᠵᠢᠯᠠᠳᠠᠭ᠃ ᠲᠡᠢᠨ ᠬᠦ᠌ ᠣᠯᠠᠨ ᠤ᠋ ᠬᠦᠴᠦᠨ᠂ ᠣᠯᠠᠨ ᠤ᠋ ᠠᠰᠢᠭ᠂ ᠣᠯᠠᠨ ᠤ᠋ ᠶᠣᠰᠣᠨ ᠤ᠋ ᠨᠡᠢᠯᠡᠪᠦᠷᠢ ᠪᠤᠶᠤ ᠶᠡᠷᠦᠩᠬᠡᠢᠯᠡᠯ ᠪᠣᠯᠤᠭᠰᠠᠨ《ᠣᠯᠠᠨ ᠠᠶᠤᠭᠤᠯᠢ ᠭᠦᠨ ᠦᠬᠦᠭᠦᠯᠢ 》ᠪᠣᠯ ᠯᠠᠪ ᠬᠠᠮᠤᠭ ᠤ᠋ᠨ ᠴᠢᠬᠤᠯᠠ ᠤᠯᠤᠰ ᠲᠥᠷᠥ᠂ ᠬᠠᠮᠤᠭ ᠤ᠋ᠨ ᠠᠮᠢᠳᠤᠯᠢᠭ ᠭᠦᠨ ᠤᠬᠠᠭᠠᠨ ᠪᠣᠯᠬᠤ ᠶᠣᠰᠣᠲᠠᠢ᠃
ᠡᠨᠳᠡ ᠳᠠᠭᠠᠯᠳᠤᠭᠤᠯᠤᠨ ᠲᠣᠳᠣᠷᠬᠠᠢᠯᠠᠬᠤ ᠨᠢ᠂ ᠲᠤᠰ ᠥᠭᠦᠯᠡᠯ ᠳ᠋ᠦ᠍ ᠡᠰᠢᠯᠡᠨ ᠪᠦᠬᠦᠢ ᠠᠷᠳᠠᠵᠠᠪ ᠭᠤᠸᠠᠢ ᠶ᠋ᠢᠨ ᠰᠡᠢᠷᠡᠭᠦᠯᠦᠯ ᠳ᠋ᠦ᠍《ᠣᠯᠠᠨ ᠠᠶᠤᠭᠤᠯᠢ᠂ ᠭᠦᠨ ᠦᠬᠦᠭᠦᠯᠢ 》 ᠶ᠋ᠢ《ᠣᠯᠠᠨ ᠬᠥᠮᠦᠨ ᠬᠦᠴᠦ ᠲᠡᠢ᠂ ᠭᠦᠨ ᠤᠰᠤ ᠠᠶᠤᠯ ᠲᠠᠢ》ᠭᠡᠮᠡᠨ ᠲᠠᠢᠯᠪᠤᠷᠢᠯᠠᠨ ᠰᠡᠢᠷᠡᠭᠦᠯᠵᠡᠢ᠃ ᠡᠨᠡ ᠨᠢ ᠪᠠᠷᠤᠭ ᠴᠠᠩᠲᠤ ᠶ᠋ᠢᠨ ᠳᠠᠮᠳᠢᠨᠰᠦ᠋ᠷᠦᠩ ᠦ᠋ᠨ ᠬᠡᠯᠡᠯᠭᠡ ᠶ᠋ᠢ ᠬᠦᠯᠢᠶᠡᠭᠰᠡᠨ ᠨᠢ ᠯᠠᠪᠲᠠᠢ ᠪᠣᠯᠤᠯᠲᠠᠢ᠃ ᠭᠡᠬᠦ ᠳ᠋ᠦ᠍᠂ ᠡᠨᠡ ᠨᠢ ᠬᠡᠳᠦᠢᠪᠡᠷ ᠰᠣᠶᠣᠯ ᠵᠦᠢ ᠶ᠋ᠢᠨ ᠦᠨᠳᠦᠰᠦ ᠪᠦᠬᠦᠢ ᠲᠤᠩ ᠣᠢᠯᠠᠭᠠᠮᠵᠢᠲᠠᠢ ᠬᠡᠯᠡᠯᠭᠡ ᠪᠣᠯᠬᠤ ᠪᠣᠯᠪᠠᠴᠤ ᠣᠯᠠᠨ ᠤ᠋ ᠠᠰᠢᠭ ᠪᠣᠯᠤᠨ ᠣᠯᠠᠨ ᠤ᠋ ᠶᠣᠰᠣᠨ ᠤ᠋ ᠡᠷᠬᠡ ᠰᠦᠷ᠂ ᠬᠦᠴᠦᠨ ᠴᠢᠳᠠᠪᠬᠢ ᠶ᠋ᠢ ᠢᠯᠡᠳᠬᠡᠨ ᠢᠯᠡᠷᠡᠭᠦᠯᠬᠦ ᠲᠠᠯ᠎ᠠ ᠪᠠᠷ ᠬᠠᠷᠠᠬᠠᠨ ᠲᠡᠢᠮᠦ ᠬᠠᠨᠤᠮᠵᠢᠲᠠᠢ ᠪᠣᠯᠵᠤ ᠴᠢᠳᠠᠬᠤ ᠦᠭᠡᠢ ᠪᠣᠯᠬᠣᠷ ᠪᠢᠳᠡ ᠤᠤᠯ ᠤ᠋ᠨ ᠬᠡᠯᠡᠯᠭᠡ ᠶ᠋ᠢ ᠴᠢᠬᠤᠯᠠᠴᠢᠯᠠᠨ《ᠣᠯᠠᠨ ᠠᠶᠤᠭᠤᠯᠢ᠂ ᠭᠦᠨ ᠦᠬᠦᠭᠦᠯᠢ》 ᠶ᠋ᠢ ᠪᠠᠷᠢᠮᠲᠠᠯᠠᠨ ᠬᠡᠷᠡᠭᠯᠡᠭᠰᠡᠨ ᠪᠠᠢᠨ᠎ᠠ᠃ ᠴᠢᠩᠭᠢᠰ ᠬᠠᠭᠠᠨ ᠤ᠋ ᠶᠠᠷᠢᠵᠤ ᠪᠠᠢᠭᠰᠠᠨ 《ᠣᠯᠠᠨ》ᠪᠣᠯ ᠬᠡᠢᠰᠪᠦᠷᠢ ᠣᠯᠠᠨ ᠤᠬᠠᠭᠳᠠᠬᠤᠨ ᠪᠢᠰᠢ᠂ ᠬᠠᠷᠢᠨ ᠬᠠᠮᠤᠭ ᠤ᠋ᠨ ᠲᠦᠷᠦᠭᠦᠨ ᠳ᠋ᠦ᠍ ᠲᠡᠭᠦᠨ ᠦ᠌ ᠦᠷ᠎ᠡ ᠠᠴᠢ ᠨᠠᠷ ᠪᠣᠯᠤᠨ ᠠᠷᠠᠳ ᠢᠷᠭᠡᠳ ᠢ᠋ ᠵᠢᠭᠠᠭᠰᠠᠨ ᠨᠢ ᠲᠣᠳᠣᠷᠬᠠᠢ ᠪᠢᠯᠡ᠃ ᠠᠷᠠᠳ ᠲᠦᠮᠡᠨ ᠢ᠋ᠶ᠋ᠡᠷ ᠭᠣᠣᠯᠯᠠᠭᠰᠠᠨ ᠣᠯᠠᠨᠴᠢ ᠦᠵᠡᠯ ᠪᠣᠯ ᠴᠢᠩᠭᠢᠰ ᠬᠠᠭᠠᠨ ᠤ᠋ ᠪᠦᠬᠦᠢᠯᠡ ᠦᠵᠡᠯ ᠰᠠᠨᠠᠭᠠᠨ ᠤ᠋ ᠥᠨᠳᠥᠷ ᠲᠦᠪᠰᠢᠨ ᠢ᠋ ᠲᠤᠭᠤᠰᠢᠲᠠᠢ ᠬᠠᠷᠠᠭᠤᠯᠵᠤ ᠴᠢᠳᠠᠭᠰᠠᠨ ᠢ᠋ᠶ᠋ᠠᠷ ᠢ᠋ᠶ᠋ᠠᠨ ᠲᠡᠦᠬᠡᠨ᠎ᠡ ᠠᠯᠳᠠᠷᠰᠢᠵᠤ ᠲᠦᠮᠡᠨ ᠦ᠌ ᠰᠡᠳᠬᠢᠯ ᠳ᠋ᠦ᠍ ᠦᠨᠡᠨ ᠬᠦ ᠬᠠᠳᠠᠩᠰᠢᠨ ᠴᠢᠳᠠᠪᠠᠢ᠃《ᠣᠯᠠᠨ ᠠᠶᠤᠭᠤᠯᠢ᠂ ᠭᠦᠨ ᠦᠬᠦᠭᠦᠯᠢ 》ᠪᠣᠯ ᠲᠡᠭᠦᠨ ᠦ᠌ ᠬᠠᠮᠤᠭ ᠤ᠋ᠨ ᠠᠮᠢᠳᠤᠯᠢᠭ ᠬᠠᠮᠤᠭ ᠤ᠋ᠨ ᠭᠦᠨᠵᠡᠭᠡᠢ ᠮᠥᠷᠲᠡᠭᠡᠨ ᠮᠣᠩᠭᠣᠯᠵᠢᠭᠤᠨ ᠬᠡᠯᠡᠯᠭᠡ ᠪᠣᠯᠬᠤ ᠶᠤᠮ᠃ ᠠᠷᠠᠳ ᠲᠦᠮᠡᠨ ᠦ᠌ ᠲᠡᠦᠬᠡᠨ ᠦᠢᠯᠡᠳᠦᠯ ᠢ᠋ ᠢᠩᠭᠢᠵᠦ ᠲᠠᠨᠢᠭᠰᠠᠨ ᠢ᠋ᠶ᠋ᠠᠷ ᠢ᠋ᠶ᠋ᠠᠨ ᠴᠢᠩᠭᠢᠰ ᠬᠠᠭᠠᠨ ᠰᠠᠶᠢ ᠲᠡᠦᠬᠡ ᠶ᠋ᠢᠨ ᠡᠢᠮᠦ ᠤᠷᠲᠤ ᠬᠤᠭᠤᠴᠠᠭᠠᠨ᠎ᠠ ᠠᠷᠠᠳ ᠲᠦᠮᠡᠨ ᠦ᠌ ᠳᠤᠮᠳᠠ ᠲᠡᠷᠡ ᠮᠡᠲᠦ ᠭᠦᠨ ᠰᠠᠭᠤᠭᠳᠠᠵᠤ᠂ ᠲᠡᠷᠡ ᠮᠡᠲᠦ ᠪᠢᠰᠢᠷᠡᠭᠳᠡᠨ ᠳᠤᠷᠠᠰᠬᠠᠭᠳᠠᠵᠤ ᠴᠢᠳᠠᠪᠠᠢ᠃ ᠣᠨᠴᠠᠭᠠᠢᠯᠠᠨ ᠲᠡᠭᠦᠨ ᠦ᠌ ᠦᠭᠡ ᠶᠠᠷᠢᠶ᠎ᠠ ᠣᠯᠠᠨ ᠵᠠᠭᠤᠨ ᠤ᠋ ᠲᠤᠷᠰᠢ ᠦᠨᠳᠦᠰᠦᠲᠡᠨ ᠦ᠌ ᠰᠣᠶᠣᠯ ᠢ᠋ ᠲᠡᠷᠡ ᠮᠡᠲᠦ ᠬᠦᠴᠦᠲᠡᠢ ᠨᠥᠯᠥᠭᠡᠯᠡᠵᠦ᠂ ᠥᠷᠭᠡᠨ ᠣᠯᠠᠨ ᠮᠠᠯᠴᠢᠨ ᠲᠦᠮᠡᠨ ᠢ᠋ ᠲᠡᠷᠡ ᠮᠡᠲᠦ ᠬᠦᠴᠦᠲᠡᠢ ᠨᠥᠯᠥᠭᠡᠯᠡᠵᠦ ᠴᠢᠳᠠᠳᠠᠭ ᠨᠢ ᠭᠠᠢᠬᠠᠮᠰᠢᠭᠲᠠᠢ ᠮᠥᠷᠲᠡᠭᠡᠨ ᠪᠢᠰᠢᠷᠡᠭᠦᠰᠢᠲᠡᠢ ᠶᠤᠮᠰᠠᠨ᠃
ᠬᠡᠷᠪᠡ ᠴᠢᠩᠭᠢᠰ ᠬᠠᠭᠠᠨ ᠤ᠋ ᠤᠯᠤᠰ ᠲᠥᠷᠥ ᠶ᠋ᠢᠨ ᠦᠨᠳᠦᠰᠦᠨ ᠦᠵᠡᠯᠲᠡ ᠪᠣᠯᠤᠨ ᠭᠦᠨ ᠤᠬᠠᠭᠠᠨ ᠤ᠋ ᠦᠨᠳᠦᠰᠦᠨ ᠦᠵᠡᠯᠲᠡ ᠶ᠋ᠢ ᠵᠥᠪ ᠢ᠋ᠶ᠋ᠡᠷ ᠣᠢᠯᠠᠭᠠᠨ ᠡᠵᠡᠮᠳᠡᠵᠦ ᠴᠢᠳᠠᠬᠤ ᠦᠭᠡᠢ ᠪᠣᠯ ᠬᠡᠷᠬᠢᠨ ᠲᠡᠭᠦᠨ ᠦ᠌《ᠪᠢ ᠳᠡᠭᠡᠳᠦ ᠶ᠋ᠢᠨ ᠨᠤᠲᠤᠭ ᠢ᠋ᠶ᠋ᠠᠨ ᠶᠠᠭᠠᠬᠢᠭᠰᠠᠨ ᠴᠤ᠌ ᠪᠤᠰᠤᠳ ᠲᠤ᠌ ᠡᠵᠡᠮᠰᠢᠭᠦᠯᠬᠦ ᠦᠭᠡᠢ》⑧ᠬᠡᠮᠡᠬᠦ ᠲᠡᠭᠦᠨ ᠦ᠌ ᠬᠠᠮᠤᠭ ᠤ᠋ᠨ ᠳᠡᠭᠡᠳᠦ ᠤᠯᠤᠰ ᠲᠥᠷᠥ ᠶ᠋ᠢᠨ ᠬᠠᠷᠠᠯ ᠵᠣᠷᠢᠯ ᠢ᠋ ᠵᠥᠪ ᠤᠬᠠᠪᠤᠷᠢᠯᠠᠨ ᠣᠢᠯᠠᠭᠠᠵᠤ ᠴᠢᠳᠠᠬᠤ ᠠᠵᠢ᠃ 《ᠳᠡᠭᠡᠳᠦ ᠶ᠋ᠢᠨ ᠨᠤᠲᠤᠭ 》ᠪᠣᠯᠤᠨ 《ᠳᠡᠭᠡᠳᠦ ᠶ᠋ᠢᠨ ᠶᠣᠰᠣ 》ᠪᠣᠯ ᠴᠢᠩᠭᠢᠰ ᠬᠠᠭᠠᠨ ᠤ᠋ ᠪᠦᠬᠦᠢᠯᠡ ᠦᠵᠡᠯ ᠰᠠᠨᠠᠭ᠎ᠠ᠂ ᠠᠵᠢᠯ ᠦᠢᠯᠡᠰ ᠦ᠋ᠨ ᠬᠢᠨᠢ ᠬᠣᠶᠠᠷ ᠶᠡᠬᠡ ᠲᠦᠰᠢᠭ ᠲᠤᠯᠭᠠᠭᠤᠷᠢ ᠪᠤᠶᠤ᠃ ᠤᠴᠢᠷ ᠨᠢ᠂ ᠨᠤᠲᠤᠭ ᠪᠣᠯ ᠳᠠᠷᠤᠢ ᠣᠯᠠᠨ ᠤ᠋ ᠠᠰᠢᠭ᠂ ᠳᠠᠷᠤᠢ ᠣᠯᠠᠨ ᠤ᠋ ᠶᠣᠰᠣᠨ ᠪᠣᠯᠠᠢ᠃
《ᠴᠢᠩᠭᠢᠰ ᠪᠣᠭᠳᠠ ᠶ᠋ᠢᠨ ᠦᠭᠡᠰ ᠦ᠋ᠨ ᠴᠢᠭᠤᠯᠭᠠᠨ 》 ᠳ᠋ᠤ᠌ ᠴᠢᠩᠭᠢᠰ ᠬᠠᠭᠠᠨ ᠤ᠋ ᠦᠭᠡ ᠶᠠᠷᠢᠶ᠎ᠠ ᠪᠣᠯᠤᠨ ᠪᠢᠯᠢᠭ ᠰᠤᠷᠭᠠᠯ ᠪᠦᠭᠦᠳᠡ ᠶ᠋ᠢ ᠡᠮᠬᠢᠳᠬᠡᠨ ᠴᠤᠭᠯᠠᠭᠤᠯᠬᠤ ᠵᠣᠷᠢᠯᠭ᠎ᠠ ᠲᠠᠯᠪᠢᠯ᠎ᠠ ᠃ ᠴᠢᠩᠭᠢᠰ ᠬᠠᠭᠠᠨ ᠤ᠋ ᠦᠭᠡ ᠶᠠᠷᠢᠶ᠎ᠠ ᠪᠣᠯᠤᠨ ᠪᠢᠯᠢᠭ ᠰᠤᠷᠭᠠᠯ ᠨᠢ ᠴᠢᠩᠭᠢᠰ ᠬᠠᠭᠠᠨ ᠤ᠋ ᠠᠮᠢᠳᠤᠷᠠᠯ ᠲᠡᠮᠡᠴᠡᠯ ᠦ᠋ᠨ ᠬᠢᠨᠢ ᠦᠶ᠎ᠡ ᠱᠠᠲᠤ ᠶ᠋ᠢ ᠲᠤᠰᠬᠠᠨ ᠬᠠᠷᠠᠭᠤᠯᠬᠤ ᠨᠢ ᠴᠢᠬᠤᠯᠠ ᠭᠡᠵᠦ ᠦᠵᠡᠭᠰᠡᠨ ᠪᠣᠯᠬᠣᠷ ᠡᠨᠡ ᠴᠤᠭᠯᠠᠭᠤᠯᠭ᠎ᠠ ᠶ᠋ᠢ ᠪᠡᠨ ᠲᠠᠪᠤᠨ ᠪᠦᠯᠦᠭ ᠲᠦ᠍ ᠬᠤᠪᠢᠶᠠᠯ᠎ᠠ᠃ ᠨᠢᠭᠡᠳᠦᠭᠡᠷ ᠪᠦᠯᠦᠭ《ᠤᠯᠤᠰ ᠪᠠᠢᠭᠤᠯᠬᠤ ᠡᠴᠡ ᠤᠷᠢᠳᠤᠬᠢ ᠦᠭᠡ ᠶᠠᠷᠢᠶᠠᠨ ᠤ᠋ ᠡᠮᠬᠢᠳᠬᠡᠯ》᠃ ᠡᠨᠡ ᠪᠦᠯᠦᠭ ᠲᠦ᠍ ᠴᠢᠩᠭᠢᠰ ᠬᠠᠭᠠᠨ ᠲᠡᠮᠦᠵᠢᠨ ᠦ᠌ ᠪᠠᠭ᠎ᠠ ᠵᠠᠯᠠᠭᠤ ᠨᠠᠰᠤᠨ ᠤ᠋ ᠦᠶ᠎ᠡ ᠪᠠ ᠶᠡᠬᠡ ᠮᠣᠩᠭᠣᠯ ᠤᠯᠤᠰ ᠢ᠋ ᠡᠭᠦᠰᠬᠡᠨ ᠪᠠᠢᠭᠤᠯᠬᠤ ᠪᠠᠷ ᠲᠡᠮᠡᠴᠡᠵᠦ ᠪᠠᠢᠭᠰᠠᠨ ᠦᠶ᠎ᠡ ᠶ᠋ᠢᠨ ᠦᠭᠡᠰ ᠢ᠋ ᠣᠷᠣᠭᠤᠯᠵᠠᠢ᠃ ᠬᠣᠶᠠᠳᠤᠭᠠᠷ ᠪᠦᠯᠦᠭ《ᠤᠯᠤᠰ ᠪᠠᠢᠭᠤᠯᠬᠤ ᠪᠠ ᠰᠠᠭᠤᠷᠢᠨ ᠤᠯᠠᠮᠵᠢᠯᠠᠬᠤ ᠦᠶ᠎ᠡ ᠶ᠋ᠢᠨ ᠦᠭᠡ ᠶᠠᠷᠢᠶᠠᠨ ᠤ᠋ ᠡᠮᠬᠢᠳᠬᠡᠯ》᠂ ᠡᠨᠡ ᠪᠦᠯᠦᠭ ᠲᠦ᠍ ᠴᠢᠩᠭᠢᠰ ᠬᠠᠭᠠᠨ ᠶᠡᠬᠡ ᠮᠣᠩᠭᠣᠯ ᠤᠯᠤᠰ ᠢ᠋ ᠪᠠᠢᠭᠤᠯᠵᠤ᠂ ᠲᠥᠷᠥ ᠪᠠ ᠴᠡᠷᠢᠭ ᠦ᠋ᠨ ᠵᠡᠷᠭᠡ ᠠᠯᠢ ᠣᠯᠠᠨ ᠪᠠᠢᠭᠤᠯᠤᠮᠵᠢ᠂ ᠪᠠᠢᠭᠤᠯᠤᠯ ᠪᠠᠢᠭᠤᠯᠵᠤ ᠪᠠᠢᠭᠰᠠᠨ᠂ ᠨᠣᠶᠠᠳ ᠲᠦᠰᠢᠮᠡᠳ ᠲᠣᠮᠢᠯᠠᠭᠰᠠᠨ ᠪᠠ ᠬᠠᠭᠠᠨ ᠰᠠᠭᠤᠷᠢᠨ ᠢ᠋ᠶ᠋ᠠᠨ ᠤᠯᠠᠮᠵᠢᠯᠠᠬᠤ ᠲᠠᠯ᠎ᠠ ᠪᠠᠷ ᠶᠠᠷᠢᠵᠤ ᠪᠠᠢᠭᠰᠠᠨ ᠦᠭᠡᠰ ᠢ᠋ ᠣᠷᠣᠭᠤᠯᠤᠯ᠎ᠠ᠃ ᠭᠤᠷᠪᠠᠳᠤᠭᠠᠷ ᠪᠦᠯᠦᠭ《ᠥᠷᠥᠨ᠎ᠡ ᠵᠦᠭ ᠦ᠋ᠨ ᠣᠷᠣᠨ ᠨᠤᠭᠤᠳ ᠲᠠᠢ ᠬᠠᠷᠢᠴᠠᠵᠤ ᠪᠠᠢᠭᠰᠠᠨ ᠦᠶ᠎ᠡ ᠶ᠋ᠢᠨ ᠦᠭᠡ ᠶᠠᠷᠢᠶᠠᠨ ᠤ᠋ ᠡᠮᠬᠢᠳᠬᠡᠯ 》᠃ ᠳᠥᠷᠪᠡᠳᠦᠭᠡᠷ ᠪᠦᠯᠦᠭ《ᠡᠮᠦᠨ᠎ᠡ ᠵᠦᠭ ᠦ᠋ᠨ ᠣᠷᠣᠨ ᠨᠤᠭᠤᠳ ᠲᠠᠢ ᠬᠠᠷᠢᠴᠠᠵᠤ ᠪᠠᠢᠭᠰᠠᠨ ᠦᠶ᠎ᠡ ᠶ᠋ᠢᠨ ᠦᠭᠡ ᠶᠠᠷᠢᠶᠠᠨ ᠤ᠋ ᠡᠮᠬᠢᠳᠬᠡᠯ 》᠃ ᠡᠨᠡ ᠬᠣᠶᠠᠷ ᠪᠦᠯᠦᠭ ᠲᠦ᠍ ᠴᠢᠩᠭᠢᠰ ᠬᠠᠭᠠᠨ ᠡᠮᠦᠨᠡᠰᠢ ᠪᠠ ᠥᠷᠥᠨ᠎ᠡ ᠵᠦᠭ ᠲᠦ᠍ ᠠᠶᠠᠯᠠᠵᠤ᠂ ᠮᠣᠩᠭᠣᠯ ᠤ᠋ᠨ ᠳᠡᠯᠡᠬᠡᠢ ᠶ᠋ᠢᠨ ᠬᠠᠭᠠᠨᠲᠤ ᠤᠯᠤᠰ ᠤ᠋ᠨ ᠰᠠᠭᠤᠷᠢ ᠶ᠋ᠢ ᠲᠠᠯᠪᠢᠵᠤ ᠪᠠᠢᠭᠰᠠᠨ ᠦᠶ᠎ᠡ ᠳ᠋ᠡᠭᠡᠨ ᠬᠡᠯᠡᠵᠦ ᠶᠠᠷᠢᠵᠤ ᠪᠠᠢᠭᠰᠠᠨ ᠦᠭᠡ ᠪᠠ ᠪᠢᠯᠢᠭ ᠰᠤᠷᠭᠠᠯ ᠢ᠋ ᠣᠷᠣᠭᠤᠯᠵᠠᠢ᠃ ᠲᠠᠪᠤᠳᠤᠭᠠᠷ ᠪᠦᠯᠦᠭ《ᠴᠠᠭ ᠣᠷᠣᠨ ᠤ᠋ ᠲᠣᠳᠣᠷᠬᠠᠢ ᠵᠢᠭᠠᠯᠲᠠ ᠦᠭᠡᠢ ᠦᠭᠡ ᠶᠠᠷᠢᠶ᠎ᠠ ᠪᠣᠯᠤᠨ ᠪᠢᠯᠢᠭ ᠰᠤᠷᠭᠠᠯ ᠤ᠋ᠨ ᠡᠮᠬᠢᠳᠬᠡᠯ 》᠃ ᠡᠨᠡ ᠪᠦᠯᠦᠭ ᠲᠦ᠍ ᠴᠠᠭ ᠣᠷᠣᠨ ᠢ᠋ ᠨᠢ ᠲᠣᠳᠣᠷᠬᠠᠢ ᠵᠢᠭᠠᠭᠰᠠᠨ ᠦᠭᠡᠢ ᠦᠭᠡ ᠶᠠᠷᠢᠶ᠎ᠠ ᠪᠣᠯᠤᠨ ᠪᠢᠯᠢᠭ ᠰᠤᠷᠭᠠᠯ ᠤ᠋ᠳ ᠢ᠋ ᠣᠷᠣᠭᠤᠯᠪᠠ᠃
《ᠴᠢᠩᠭᠢᠰ ᠪᠣᠭᠳᠠ ᠶ᠋ᠢᠨ ᠦᠭᠡᠰ ᠦ᠋ᠨ ᠴᠢᠭᠤᠯᠭᠠᠨ 》 ᠢ᠋ ᠡᠮᠬᠢᠳᠬᠡᠨ ᠨᠠᠢᠷᠠᠭᠤᠯᠬᠤ ᠳ᠋ᠤ᠌ 《ᠮᠣᠩᠭᠣᠯ ᠤ᠋ᠨ ᠨᠢᠭᠤᠴᠠ ᠲᠣᠪᠴᠢᠶᠠᠨ 》᠂ ᠵᠥᠸᠡᠢᠨᠢ ᠶ᠋ᠢᠨ《ᠳᠡᠯᠡᠬᠡᠢ ᠶ᠋ᠢ ᠳᠠᠢᠯᠠᠨ ᠳᠠᠭᠠᠭᠤᠯᠤᠭᠴᠢ ᠶ᠋ᠢᠨ ᠲᠡᠦᠬᠡ 》᠂ ᠠᠷᠠᠰᠢᠳᠳᠢᠨ ᠤ᠋《ᠲᠡᠦᠬᠡᠰ ᠦ᠋ᠨ ᠴᠤᠭᠯᠠᠭᠠᠨ 》᠂《ᠱᠧᠩ ᠦ ᠴᠢᠨ ᠵᠧᠩ ᠯᠦ᠍》᠂ ᠯᠢ ᡁᠢ ᠴᠠᠩ ᠤ᠋ᠨ《ᠴᠠᠩ ᠴᠦᠨ ᠪᠣᠮᠪᠣ ᠶ᠋ᠢᠨ ᠪᠠᠷᠠᠭᠤᠨᠰᠢ ᠵᠣᠷᠴᠢᠭᠰᠠᠨ ᠲᠡᠮᠳᠡᠭᠯᠡᠯ》᠂ ᠰᠥᠩ ᠯᠢᠶᠠᠨ ᠨᠠᠷ ᠤ᠋ᠨ《ᠶᠤᠸᠠᠨ ᠱᠢ》᠂《ᠬᠠᠳ ᠤ᠋ᠨ ᠦᠨᠳᠦᠰᠦᠨ ᠬᠤᠷᠢᠶᠠᠩᠭᠤᠢ ᠠᠯᠲᠠᠨ ᠲᠣᠪᠴᠢ 》᠂《ᠴᠢᠩᠭᠢᠰ ᠬᠠᠭᠠᠨ ᠤ᠋ ᠴᠠᠳᠢᠭ 》᠂ ᠰᠠᠭᠠᠩ ᠰᠡᠴᠡᠨ ᠦ᠌ 《ᠡᠷᠳᠡᠨᠢ ᠶ᠋ᠢᠨ ᠲᠣᠪᠴᠢ》᠂ ᠵᠠᠮᠪᠠ ᠶ᠋ᠢᠨ《ᠠᠰᠠᠷᠠᠭᠴᠢ ᠨᠡᠷᠡᠲᠦ ᠶ᠋ᠢᠨ ᠲᠡᠦᠬᠡ》᠂《ᠰᠢᠷ᠎ᠠ ᠲᠣᠭᠣᠵᠢ 》᠂ ᠯᠤᠪᠰᠠᠩᠳᠠᠨᠵᠢᠨ ᠤ᠋ 《ᠠᠯᠲᠠᠨ ᠲᠣᠪᠴᠢ》᠂ ᠳ᠋ᡁᠠᠷᠮᠠ ᠭᠦᠦᠰᠢ ᠶ᠋ᠢᠨ《ᠠᠯᠲᠠᠨ ᠬᠦᠷᠳᠦᠨ ᠮᠢᠩᠭᠠᠨ ᠬᠡᠭᠡᠰᠦᠲᠦ》᠂ ᠷᠠᠰᠢᠫᠤᠩᠰᠤᠭ᠋ ᠤ᠋ᠨ《ᠪᠣᠯᠣᠷ ᠡᠷᠢᠭᠡ》᠂《ᠪᠣᠭᠳᠠ ᠴᠢᠩᠭᠢᠰ ᠬᠠᠭᠠᠨ ᠤ᠋ ᠰᠤᠷᠭᠠᠯ》᠂《ᠣᠶᠤᠨ ᠲᠦᠯᠬᠢᠭᠦᠷ 》ᠵᠡᠷᠭᠡ ᠪᠢᠴᠢᠭ ᠦ᠋ᠳ ᠢ᠋ ᠦᠨᠳᠦᠰᠦᠨ ᠰᠤᠷᠪᠤᠯᠵᠢ ᠬᠡᠷᠡᠭᠯᠡᠭᠳᠡᠬᠦᠨ ᠪᠣᠯᠭᠠᠪᠠ᠃
ᠴᠢᠩᠭᠢᠰ ᠪᠣᠭᠳᠠ ᠶ᠋ᠢᠨ ᠦᠭᠡᠰ ᠦ᠋ᠨ ᠴᠤᠭᠯᠠᠭᠤᠯᠭ᠎ᠠ ᠶ᠋ᠢ ᠤᠩᠰᠢᠨ ᠠᠰᠢᠭᠯᠠᠬᠤ ᠳ᠋ᠤ᠌ ᠳᠥᠭᠥᠮ ᠪᠣᠯᠭᠠᠬᠤ ᠶ᠋ᠢᠨ ᠲᠤᠰᠠ ᠳ᠋ᠤ᠌ ᠦᠭᠡᠰ ᠪᠦᠷᠢ ᠶ᠋ᠢ ᠲᠤᠰ ᠪᠦᠷᠢ ᠳ᠋ᠦ᠍ᠨᠢ ᠭᠠᠷᠴᠠᠭᠯᠠᠬᠤ ᠶ᠋ᠢᠨ ᠬᠠᠮᠲᠤ ᠵᠡᠭᠦᠯᠲᠡ᠂ ᠲᠣᠳᠣᠷᠬᠠᠢᠯᠠᠯᠲᠠ᠂ ᠲᠠᠢᠯᠪᠤᠷᠢ ᠬᠢᠪᠡ᠃ ᠵᠡᠭᠦᠯᠲᠡ ᠳ᠋ᠦ᠍ ᠡᠰᠢᠯᠡᠭᠰᠡᠨ ᠨᠣᠮ ᠪᠠ ᠬᠠᠭᠤᠳᠠᠰᠤᠨ ᠳ᠋ᠤᠭᠠᠷ ᠢ᠋ ᠲᠤᠰᠢᠶᠠᠵᠤ᠂ ᠲᠣᠳᠣᠷᠬᠠᠢᠯᠠᠯᠲᠠ ᠳ᠋ᠤ᠌ ᠦᠭᠡ ᠶᠠᠷᠢᠶᠠᠨ ᠤ᠋ ᠠᠬᠤᠢ ᠪᠠᠢᠳᠠᠯ ᠢ᠋ ᠲᠠᠨᠢᠯᠴᠠᠭᠤᠯᠵᠤ᠂ ᠲᠠᠢᠯᠪᠤᠷᠢ ᠳ᠋ᠤ᠌ ᠬᠦᠨᠳᠦ ᠬᠦᠴᠢᠷ ᠦᠭᠡᠰ ᠦ᠋ᠨ ᠤᠳᠬ᠎ᠠ ᠶ᠋ᠢ ᠲᠠᠢᠯᠪᠤᠷᠢᠯᠠᠪᠠ᠃ ᠵᠠᠷᠢᠮ ᠦᠭᠡᠰ ᠨᠢ ᠶᠠᠷᠢᠯᠴᠠᠭᠠᠨ ᠤ᠋ ᠮᠠᠶᠢᠭᠲᠠᠢ ᠪᠣᠯᠬᠣᠷ ᠪᠤᠰᠤᠳ ᠬᠥᠮᠦᠰ ᠦ᠋ᠨ ᠬᠣᠯᠪᠣᠭᠳᠠᠬᠤ ᠦᠭᠡ ᠶᠠᠷᠢᠶ᠎ᠠ ᠪᠣᠯᠤᠨ ᠦᠢᠯᠡ ᠬᠡᠷᠡᠭ ᠦ᠋ᠨ ᠲᠡᠮᠳᠡᠭᠯᠡᠯ ᠢ᠋ ᠴᠦ᠍ ᠵᠣᠬᠢᠬᠤ ᠬᠡᠮᠵᠢᠶᠡᠨ ᠳ᠋ᠦ᠍ ᠪᠢᠴᠢᠵᠦ ᠣᠷᠣᠭᠤᠯᠪᠠ᠃
ᠵᠡᠭᠦᠯᠲᠡ᠄
①⑧ [波斯]拉施特主编᠃ 余大钩,周建奇译,《史集》(卷一 二分册),北京,商务印书馆,1983年,178页。
②《ᠮᠣᠩᠭᠣᠯ ᠦᠨᠳᠦᠰᠦᠲᠡᠨ ᠦ᠌ ᠭᠦᠨ ᠤᠬᠠᠭᠠᠨ ᠪᠠ ᠨᠡᠢᠭᠡᠮ ᠦ᠋ᠨ ᠦᠵᠡᠯ ᠰᠠᠨᠠᠭᠠᠨ ᠤ᠋ ᠲᠡᠦᠬᠡ ᠶ᠋ᠢᠨ ᠮᠠᠲ᠋ᠧᠷᠢᠶᠠᠯ ᠤ᠋ᠨ ᠰᠣᠩᠭᠣᠮᠠᠯ》᠂ ᠥᠪᠥᠢ ᠮᠣᠩᠭᠣᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ᠂ 1989 ᠣᠨ᠂645 ᠳ᠋ᠤᠭᠠᠷ ᠨᠢᠭᠤᠷ᠃
③ ᠠᠷᠳᠠᠵᠠᠪ ᠤ᠋ᠨ ᠣᠳᠣᠬᠢ ᠮᠣᠩᠭᠣᠯ ᠬᠡᠯᠡᠨ ᠳ᠋ᠦ᠍ ᠰᠡᠢᠷᠡᠭᠦᠯᠦᠭᠰᠡᠨ《ᠮᠣᠩᠭᠣᠯ ᠤ᠋ᠨ ᠨᠢᠭᠤᠴᠠ ᠲᠣᠪᠴᠢᠶᠠᠨ》᠂ ᠥᠪᠥᠷ ᠮᠣᠩᠭᠣᠯ ᠤ᠋ᠨ ᠰᠣᠶᠣᠯ ᠤ᠋ᠨ ᠬᠡᠪᠯᠡᠯ ᠦ᠋ᠨ ᠬᠣᠷᠢᠶ᠎ᠠ᠂2010 ᠣᠨ᠂166 ᠳ᠋ᠤᠭᠠᠷ ᠨᠢᠭᠤᠷ᠃
④ ᠯᠣ 《ᠠᠯᠲᠠᠨ ᠲᠣᠪᠴᠢ》᠂ ᠥᠪᠥᠢ ᠮᠣᠩᠭᠣᠯ ᠤ᠋ᠨ ᠠᠷᠠᠳ ᠤ᠋ᠨ ᠬᠡᠪᠯᠡᠯ ᠦ᠋ᠨ ᠬᠣᠷᠢᠶ᠎ᠠ᠂1999 ᠣᠨ ᠤ᠋6 ᠰᠠᠷ᠎ᠠ᠂401 ᠳ᠋ᠦ᠍ᠭᠡᠷ ᠨᠢᠭᠤᠷ᠃
⑤ ᠢᠨᠵᠠᠨᠨᠠᠰᠢ᠄《ᠬᠥᠬᠡ ᠰᠤᠳᠤᠷ》᠂ ᠭᠤᠲᠠᠭᠠᠷ ᠳᠡᠪᠲᠡᠷ᠂ ᠥᠪᠥᠢ ᠮᠣᠩᠭᠣᠯ ᠤ᠋ᠨ ᠠᠷᠠᠳ ᠤ᠋ᠨ ᠬᠡᠪᠯᠡᠯ ᠦ᠋ᠨ ᠬᠣᠷᠢᠶ᠎ᠠ᠂1979 ᠣᠨ ᠤ᠋12 ᠰᠠᠷ᠎ᠠ᠂1454 ᠳ᠋ᠦ᠍ᠭᠡᠷ ᠨᠢᠭᠤᠷ᠃
⑥⑦ ᠰᠠᠢᠰᠢᠶᠠᠯ᠄《ᠴᠢᠩᠭᠢᠰ ᠬᠠᠭᠠᠨ ᠤ᠋ ᠲᠣᠪᠴᠢᠶ᠎ᠠ》᠂ ᠥᠪᠥᠢ ᠮᠣᠩᠭᠣᠯ ᠤ᠋ᠨ ᠠᠷᠠᠳ ᠤ᠋ᠨ ᠬᠡᠪᠯᠡᠯ ᠦ᠋ᠨ ᠬᠣᠷᠢᠶ᠎ᠠ᠂1987 ᠣᠨ ᠤ᠋6 ᠰᠠᠷ᠎ᠠ᠂4—5 ᠳ᠋ᠤᠭᠠᠷ ᠨᠢᠭᠤᠷ᠃
ᠦᠰᠦᠭ ᠠᠮᠢᠯᠠᠭᠤᠯᠤᠭᠴᠢ᠄ ᠬᠡᠷᠡᠢᠳ· ᠮᠥᠩᠬᠡᠨᠠᠰᠤᠨ᠂ ᠪᠠᠶᠠᠨᠴᠡᠴᠡᠭ᠂ ᠪᠠᠶᠠᠨᠰᠡᠷᠡᠩ ᠂ ᠳ᠂ ᠣᠶᠤᠨᠪᠢᠯᠢᠭ᠌
ᠬᠢᠨᠠᠭᠴᠢ᠄ ᠣᠳᠬᠠᠨᠰᠣ᠎ᠠ᠂ ᠲ· ᠬᠦᠮᠦᠵᠢᠯᠲᠦ ᠂ᠪᠠᠶᠠᠨᠴᠡᠴᠡᠭ᠂ ᠠᠯᠲᠠᠨᠴᠡᠴᠡᠭ
