ᠪᠣᠷᠣ ᠨᠢᠯ ᠴᠡᠴᠡᠭБор нил цэцэгBor nil tsetseg

ᠲᠤᠰ ᠡᠮ ᠪᠣᠯ ᠨᠢᠯ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠡᠷᠲᠡ ᠶ᠋ᠢᠨ ᠨᠢᠯ ᠴᠡᠴᠡᠭ ᠦ᠋ᠨ ᠬᠠᠲᠠᠭᠠᠭᠰᠠᠨ ᠪᠦᠬᠦᠯᠢ ᠡᠪᠡᠰᠦ ᠮᠥᠨ᠃ ᠵᠠᠷᠢᠮ ᠭᠠᠵᠠᠷ ᠲᠤ ᠵᠡᠰ ᠳ᠋ᠢᠭᠳᠡ ᠪᠡᠷ ᠬᠡᠷᠡᠭᠯᠡᠵᠦ ᠪᠣᠢ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠦᠨᠳᠦᠰᠦᠯᠢᠭ ᠡᠰᠢ ᠨᠢ ᠵᠢᠭᠠᠬᠠᠨ ᠲᠤᠷᠤᠭ᠂ ᠦᠨᠳᠦᠰᠦ ᠨᠢ ᠨᠠᠷᠢᠨ ᠤᠷᠲᠤ ᠪᠤᠶᠤ ᠵᠢᠭᠠᠬᠠᠨ ᠲᠤᠷᠤᠭ᠂ ᠰᠢᠷᠠᠩᠭᠤᠢ ᠴᠠᠭᠠᠨ ᠥᠩᠭᠡ ᠲᠡᠢ᠂ ᠵᠠᠷᠢᠮ ᠳ᠋ᠠᠭᠠᠨ ᠪᠠᠷᠤᠭ ᠬᠥᠨᠳᠡᠯᠡᠨ ᠤᠷᠭᠤᠭᠰᠠᠨ ᠰᠢᠬᠠᠮ ᠪᠠᠢᠳᠠᠭ᠃ ᠨᠠᠪᠴᠢᠨ ᠢᠯᠲᠠᠰᠤ ᠨᠢ ᠲᠣᠭᠣᠷᠢᠬᠯᠢᠭ᠋ ᠥᠨᠳᠡᠭᠡᠯᠵᠢᠨ ᠪᠤᠶᠤ ᠥᠨᠳᠡᠭᠡᠯᠵᠢᠨ ᠬᠡᠯᠪᠡᠷᠢ ᠲᠡᠢ᠂ ᠮᠤᠬᠤᠷ ᠪᠤᠶᠤ ᠵᠢᠭᠠᠬᠠᠨ ᠱᠣᠪᠬᠣ ᠣᠷᠣᠢ ᠲᠠᠢ᠂ ᠨᠠᠪᠴᠢᠨ ᠤᠭ ᠨᠢ ᠮᠣᠬᠣᠭᠣ ᠲᠣᠭᠣᠷᠢᠭ᠂ ᠮᠤᠬᠤᠷ ᠬᠢᠷᠥᠭᠡᠨ ᠰᠢᠳᠦᠲᠦ ᠬᠥᠪᠡᠭᠡ ᠲᠡᠢ᠃ ᠲᠣᠰᠬᠣᠭᠤᠷ ᠨᠠᠪᠴᠢ ᠶ᠋ᠢᠨ ᠤᠭ ᠪᠣᠯᠤᠨ ᠨᠠᠪᠴᠢᠨ ᠪᠠᠷᠢᠭᠤᠯ ᠨᠢ ᠨᠡᠢᠯᠡᠭᠰᠡᠨ ᠪᠠᠢᠳᠠᠭ᠃ ᠲᠠᠷᠠᠮᠠᠭ ᠬᠢᠷᠥᠭᠡᠨ ᠰᠢᠳᠦᠲᠦ ᠬᠥᠪᠡᠭᠡ ᠲᠡᠢ᠂ ᠨᠠᠪᠴᠢᠨ ᠪᠠᠷᠢᠭᠤᠯ ᠤ᠋ᠨ ᠳᠡᠭᠡᠷ᠎ᠡ ᠬᠡᠰᠡᠭ ᠲᠤᠨᠢ ᠳᠠᠯᠠᠪᠴᠢ ᠲᠠᠢ᠂ ᠴᠡᠴᠡᠭ ᠦ᠋ᠨ ᠪᠠᠷᠢᠭᠤᠯ ᠨᠢ ᠴᠡᠴᠡᠭᠯᠡᠬᠦ ᠬᠤᠭᠤᠴᠠᠭ᠎ᠠ ᠪᠠᠷ ᠨᠠᠪᠴᠢᠨ ᠠ᠋ᠴᠠ ᠪᠠᠨ ᠬᠡᠲᠦᠷᠡᠨ᠎ᠡ᠃ ᠵᠢᠮᠢᠰᠯᠡᠬᠦ ᠬᠤᠭᠤᠴᠠᠭᠠᠨ ᠳ᠋ᠤ᠌ ᠨᠠᠪᠴᠢᠨ ᠠ᠋ᠴᠠ ᠪᠠᠨ ᠪᠣᠭᠣᠨᠢ᠂ ᠵᠢᠵᠢᠭ ᠪᠠᠭᠯᠠᠭᠴᠢ ᠢᠯᠲᠠᠰᠤ ᠨᠢ ᠴᠡᠴᠡᠭ ᠦ᠋ᠨ ᠪᠠᠷᠢᠭᠤᠯ ᠤ᠋ᠨ ᠳᠤᠮᠳᠠ ᠬᠡᠰᠡᠭ ᠡᠴᠡ ᠤᠷᠭᠤᠨ᠎ᠠ᠃ ᠴᠡᠴᠡᠭ ᠦ᠋ᠨ ᠲᠣᠭᠳᠣᠢ ᠨᠢ5᠂ ᠬᠠᠪᠲᠠᠭᠠᠢ ᠲᠡᠪᠡᠨᠡ ᠬᠡᠯᠪᠡᠷᠢ ᠲᠡᠢ᠂ ᠬᠠᠯᠢᠰᠤᠯᠢᠭ ᠨᠠᠷᠢᠨ ᠬᠥᠪᠡᠭᠡ ᠲᠡᠢ᠂ ᠤᠭ ᠲᠤᠨᠢ ᠳᠠᠭᠠᠯᠳᠤᠪᠤᠷᠢ ᠡᠳ᠋ ᠪᠣᠢ᠃ ᠴᠡᠴᠡᠭ ᠦ᠋ᠨ ᠳᠡᠯᠪᠢ ᠨᠢ5᠂ ᠬᠠᠵᠠᠭᠤ ᠬᠡᠯᠲᠡᠰ ᠦ᠋ᠨ ᠳᠣᠲᠣᠷ᠎ᠠ ᠲᠠᠯ᠎ᠠ ᠳ᠋ᠤᠨᠢ ᠰᠠᠬᠠᠯ ᠦᠰᠦ ᠲᠡᠢ ᠪᠤᠶᠤ ᠦᠰᠦ ᠦᠭᠡᠢ ᠰᠢᠬᠠᠮ᠂ ᠳᠣᠣᠷ᠎ᠠ ᠬᠡᠯᠲᠡᠰ ᠨᠢ ᠳᠠᠷᠠᠪᠴᠢ ᠲᠠᠢ ᠪᠠᠨ13~20mm ᠤᠷᠲᠤ᠂ ᠳᠠᠷᠠᠪᠴᠢ ᠶ᠋ᠢᠨ ᠤᠷᠲᠤ ᠨᠢ4~9mm᠃ ᠤᠮᠠᠢ ᠳᠡᠭᠡᠷ᠎ᠡ ᠨᠢ ᠦᠰᠦ ᠦᠭᠡᠢ᠂ ᠴᠡᠴᠡᠭ ᠦ᠋ᠨ ᠪᠠᠭᠠᠨ᠎ᠠ ᠶ᠋ᠢᠨ ᠤᠭ ᠨᠢ ᠶᠠᠯᠢᠮ ᠦᠭᠡᠢ ᠨᠤᠭᠤᠷᠠᠨ᠎ᠠ᠃ ᠬᠣᠩᠭᠣᠷᠴᠣᠭᠲᠤ ᠵᠢᠮᠢᠰ ᠲᠡᠢ᠂ ᠵᠤᠤᠪᠠᠩ ᠠ᠋ᠴᠠ ᠤᠷᠲᠤᠯᠵᠢᠨ ᠲᠣᠭᠣᠷᠢᠭ ᠬᠡᠯᠪᠡᠷᠢ ᠲᠡᠢ᠂ ᠦᠰᠦ ᠦᠭᠡᠢ᠃4 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂5~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠵᠠᠮ ᠤ᠋ᠨ ᠬᠠᠵᠠᠭᠤ᠂ ᠣᠢ ᠶ᠋ᠢᠨ ᠬᠥᠪᠡᠭᠡ ᠪᠤᠶᠤ ᠠᠭᠤᠯᠠᠨ ᠬᠠᠵᠠᠭᠤ ᠳ᠋ᠤ᠌ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠵᠢᠴᠢ ᠱᠠᠨᠰᠢ᠂ ᠭᠠᠨᠰᠦ᠂ ᠬᠤᠪᠧᠢ ᠳ᠋ᠦ᠍ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] 5~8 ᠳ᠋ᠤᠭᠠᠷ ᠰᠠᠷ᠎ᠠ ᠶ᠋ᠢᠨ ᠬᠣᠭᠣᠷᠣᠨᠳᠣ ᠵᠢᠮᠢᠰ ᠨᠢ ᠪᠣᠯᠪᠠᠰᠤᠷᠠᠬᠤ ᠦᠶ᠎ᠡ ᠳ᠋ᠦ᠍ ᠪᠦᠬᠦᠯᠢ ᠡᠪᠡᠰᠦ ᠶ᠋ᠢ ᠨᠢ ᠲᠡᠭᠦᠵᠦ ᠠᠪᠤᠭᠠᠳ ᠰᠢᠪᠠᠷ ᠰᠢᠷᠣᠢ ᠶ᠋ᠢ ᠨᠢ ᠠᠷᠢᠯᠭᠠᠭᠠᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ᠂ ᠠᠮᠲᠠᠯᠢᠭ ᠠᠮᠲᠠ ᠲᠠᠢ᠂ ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠣᠣᠷ ᠢ᠋ ᠲᠠᠢᠯᠬᠤ ᠴᠢᠳᠠᠯ ᠲᠠᠢ᠃ ᠰᠢᠷ᠎ᠠ ᠶ᠋ᠢᠨ ᠬᠠᠯᠠᠭᠤᠨ᠂ ᠬᠡᠢ ᠬᠠᠯᠠᠭᠤᠨ᠂ ᠲᠣᠯᠣᠭᠠᠢ ᠡᠪᠡᠳᠬᠦ᠂ ᠡᠯᠢᠭᠡ ᠰᠥᠰᠥᠨ ᠦ᠌ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 紫花地丁 (早开堇菜)
ᠠᠩᠭ᠌ᠯᠢ ᠨᠡᠷ᠎ᠡ᠄ Viola prionantha Bunge
ᠦᠰᠦᠭ ᠠᠮᠢᠯᠠᠭᠤᠯᠤᠭᠴᠢ᠄ ᠤᠷᠠᠨᠴᠢᠮᠡᠭ
