ᠬᠠᠳᠠᠨ ᠪᠠᠳᠬ᠎ᠠХадан батгаKhadan batga
ᠬᠠᠳᠠᠨ ᠪᠠᠳᠬ᠎ᠠ
ᠲᠤᠰ ᠡᠮ ᠪᠣᠯ ᠪᠡᠷᠢᠮᠦᠭ ᠦ᠋ᠨ ᠢᠵᠠᠭᠤᠷ ᠤ᠋ᠨ ᠤᠷᠭᠤᠮᠠᠯ ᠪᠣᠯᠬᠤ ᠬᠠᠳᠠᠨ ᠪᠠᠳᠬ᠎ᠠ ᠶ᠋ᠢᠨ ᠴᠡᠴᠡᠭ ᠪᠦᠬᠦᠢ ᠪᠦᠬᠦᠯᠢ ᠡᠪᠡᠰᠦ ᠮᠥᠨ᠃ ᠪᠠᠰᠠ ᠪᠠᠳᠬ᠎ᠠ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃20~30cm ᠥᠨᠳᠥᠷ᠂ ᠤᠵᠠᠭᠤᠷ ᠠ᠋ᠴᠠ ᠪᠠᠨ ᠣᠯᠠᠨ ᠰᠠᠯᠠᠭᠠᠯᠠᠵᠤ ᠪᠠᠭᠯᠠᠷᠠᠨ ᠤᠷᠭᠤᠨ᠎ᠠ᠃ ᠪᠦᠬᠦ ᠪᠡᠶ᠎ᠡ ᠳ᠋ᠦ᠍ᠨᠢ ᠨᠢᠭ ᠴᠠᠢᠪᠤᠷ ᠲᠣᠷᠭᠠᠨ ᠦᠰᠦ ᠲᠡᠢ᠃ ᠤᠵᠠᠭᠤᠷ ᠤ᠋ᠨ ᠨᠠᠪᠴᠢ ᠨᠢ ᠬᠠᠯᠪᠠᠭ᠎ᠠ ᠰᠢᠭ᠋᠂3~6cm ᠤᠷᠲᠤ᠂ ᠡᠰᠢᠨ ᠳ᠋ᠡᠬᠢ ᠨᠠᠪᠴᠢ ᠨᠢ ᠪᠦᠰᠡᠯᠢᠭ᠂ 1~3cm ᠤᠷᠲᠤ᠃ ᠴᠠᠴᠤᠭ ᠬᠡᠯᠪᠡᠷᠢᠲᠦ ᠪᠠᠭ ᠴᠡᠴᠡᠭ ᠨᠢ ᠣᠬᠣᠷ᠂1~2cm᠂ ᠵᠢᠮᠢᠰᠯᠡᠬᠦ ᠬᠤᠭᠤᠴᠠᠭᠠᠨ ᠳ᠋ᠤ᠌ ᠵᠢᠭᠠᠬᠠᠨ ᠥᠰᠦᠨ᠎ᠡ᠃ ᠴᠡᠴᠡᠭ ᠨᠢ ᠵᠢᠵᠢᠭ᠂ ᠬᠥᠬᠡ ᠥᠩᠭᠡ ᠲᠡᠢ᠂ ᠴᠡᠴᠡᠭ ᠦ᠋ᠨ ᠲᠣᠭᠳᠣᠢ ᠨᠢ5 ᠣᠨᠢ ᠲᠠᠢ᠂ ᠴᠡᠴᠡᠭ ᠦ᠋ᠨ ᠳᠡᠯᠪᠢ ᠨᠢ5 ᠣᠨᠢ ᠲᠠᠢ᠂ ᠡᠷ᠎ᠡ ᠲᠣᠭᠣᠷᠴᠣᠭ ᠨᠢ5᠂ ᠤᠮᠠᠢ ᠨᠢ4 ᠣᠨᠢ ᠲᠠᠢ᠂ ᠪᠠᠭᠠᠨ᠎ᠠ ᠶ᠋ᠢᠨ ᠣᠷᠣᠢ ᠨᠢ ᠪᠥᠭᠡᠷᠡᠩᠬᠡᠢᠪᠲᠦᠷ ᠬᠠᠪᠲᠠᠭᠠᠢ᠃ ᠵᠢᠵᠢᠭ ᠬᠠᠲᠠᠭᠤ ᠵᠢᠮᠢᠰ ᠨᠢ ᠢᠳᠤᠬᠠᠨ ᠡᠭᠡᠷᠡᠦᠯ ᠬᠡᠯᠪᠡᠷᠢ ᠲᠡᠢ᠂ ᠢᠷᠮᠡᠭ ᠦ᠋ᠨ ᠬᠥᠪᠡᠭᠡ ᠪᠡᠷ ᠨᠢ ᠣᠬᠣᠷ ᠥᠷᠭᠡᠰᠦ ᠲᠡᠢ᠂ ᠵᠠᠩᠭᠤᠤ ᠰᠢᠭ᠋ ᠪᠢᠰᠢ᠂ ᠥᠷᠭᠡᠰᠦ ᠨᠢ ᠶᠡᠷᠦ ᠳ᠋ᠡᠭᠡᠨ ᠬᠥᠬᠡᠪᠲᠦᠷ ᠲᠤᠶᠠᠭ᠎ᠠ ᠲᠠᠢ᠃7~8 ᠳ᠋ᠤᠭᠠᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠴᠢᠯᠠᠭᠤᠷᠬᠠᠭ ᠠᠭᠤᠯᠠᠨ ᠬᠠᠵᠠᠭᠤ ᠪᠤᠶᠤ ᠬᠠᠳᠠ ᠴᠢᠯᠠᠭᠤᠨ ᠤ᠋ ᠵᠠᠪᠰᠠᠷ ᠲᠤ ᠤᠷᠭᠤᠨ᠎ᠠ᠃ ᠬᠠᠷᠠᠮᠦ᠋ᠷᠡᠨ᠂ ᠬᠢᠷᠢᠨ᠂ ᠯᠢᠶᠣᠤᠨᠢᠩ᠂ ᠥᠪᠥᠷ ᠮᠣᠩᠭᠣᠯ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ ᠤ᠋ ᠰᠡᠭᠦᠯᠴᠢ᠂ ᠨᠠᠮᠤᠷ ᠤ᠋ᠨ ᠡᠬᠢ ᠪᠡᠷ ᠴᠡᠴᠡᠭᠯᠡᠭᠰᠡᠨ ᠪᠦᠬᠦᠯᠢ ᠡᠪᠡᠰᠦ ᠶ᠋ᠢ ᠨᠢ ᠠᠪᠴᠤ ᠬᠤᠪᠠᠬᠠᠢᠷᠠᠭᠰᠠᠨ ᠨᠠᠪᠴᠢ᠂ ᠰᠢᠪᠠᠷ ᠰᠢᠷᠣᠢ ᠶ᠋ᠢ ᠨᠢ ᠠᠷᠢᠯᠭᠠᠭᠠᠳ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠃ ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠨᠢᠶᠠᠨ ᠢ᠋ ᠨᠢᠲᠤᠯᠬᠤ᠂ ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ ᠴᠢᠳᠠᠯ ᠲᠠᠢ᠃ ᠭᠣᠣᠯᠳᠠᠭᠤ ᠬᠢᠵᠢᠭ ᠬᠠᠯᠠᠭᠤᠨ᠂ ᠬᠢᠵᠢᠭ ᠲᠠᠭᠰᠢᠭᠤᠷ᠂ ᠰᠢᠷ᠎ᠠ ᠰᠤᠳᠠᠯ ᠳ᠋ᠤ᠌ ᠭᠦᠶᠦᠭᠰᠡᠨ᠂ ᠰᠢᠷ᠎ᠠ ᠶ᠋ᠢᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄齿缘草
ᠠᠩᠭ᠌ᠯᠢ ᠨᠡᠷ᠎ᠡ᠄Eritrichiun rupestre (pall.) Bunge
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠲᠤᠶᠠᠭ᠎ᠠ
