ᠬᠠᠷ᠎ᠠ ᠰᠢᠪᠠᠭХар шаваг Khar shavag ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠠᠷ᠎ᠠ ᠰᠢᠪᠠᠭХар шаваг Khar shavag

ᠬᠠᠷ᠎ᠠ ᠰᠢᠪᠠᠭХар шаваг Khar shavag

2025-07-12

200

ᠬᠠᠷ᠎ᠠ ᠰᠢᠪᠠᠭ

   ᠲᠤᠰ ᠡᠮ ᠪᠣᠯ ᠤᠳᠠᠪᠠᠯ᠎ᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠮᠣᠷᠢᠨ ᠰᠢᠪᠠᠭ ᠤ᠋ᠨ ᠬᠥᠷᠥᠰᠥᠨ ᠳᠡᠭᠡᠷᠡᠬᠢ ᠬᠡᠰᠡᠭ ᠮᠥᠨ᠃ ᠪᠠᠰᠠ ᠫᠦ᠋ᠷᠮᠥᠩ᠂ ᠫᠦ᠋ᠷᠨᠠᠭ ᠭᠡᠳᠡᠭ᠃
   [ ᠤᠤᠯ ᠤᠷᠭᠤᠮᠠᠯ] ᠬᠠᠭᠠᠰ ᠪᠤᠲᠠ ᠮᠣᠳᠣ᠃50~100cm ᠥᠨᠳᠥᠷ᠂ ᠡᠰᠢ ᠨᠢ ᠰᠢᠯᠤᠭᠤᠨ᠂ ᠤᠭ ᠤ᠋ᠨ ᠬᠡᠰᠡᠭ ᠨᠢ ᠮᠣᠳᠣᠯᠢᠭ᠂ ᠭᠦᠨ ᠪᠣᠷᠣᠪᠲᠤᠷ ᠤᠯᠠᠭᠠᠨ ᠥᠩᠭᠡ ᠲᠡᠢ᠂ ᠦᠰᠦ ᠦᠭᠡᠢ ᠪᠤᠶᠤ ᠣᠬᠣᠷ ᠵᠥᠭᠡᠯᠡᠨ ᠦᠰᠦ ᠲᠡᠢ᠃ ᠡᠰᠢᠨ ᠦ᠌ ᠳᠤᠮᠳᠠ ᠬᠡᠰᠡᠭ ᠲᠡᠬᠢ ᠨᠠᠪᠴᠢ ᠨᠢ ᠪᠠᠷᠢᠭᠤᠯ ᠲᠠᠢ᠂ ᠤᠭ ᠲᠤᠨᠢ ᠬᠠᠭᠤᠷᠮᠠᠭ ᠲᠣᠰᠬᠣᠭᠤᠷ ᠨᠠᠪᠴᠢ ᠲᠠᠢ᠂ ᠨᠠᠪᠴᠢᠨ ᠢᠯᠲᠠᠰᠤ ᠨᠢ ᠥᠨᠳᠡᠭᠡᠯᠵᠢᠨ ᠪᠤᠶᠤ ᠲᠣᠭᠣᠷᠢᠬᠯᠢᠭ᠋ ᠥᠨᠳᠡᠭᠡᠯᠵᠢᠨ᠂3~14cm ᠤᠷᠲᠤ᠂3~6cm ᠥᠷᠭᠡᠨ᠂ ᠬᠣᠶᠠᠷᠳᠠᠭᠰᠠᠨ ᠥᠳᠥᠯᠢᠭ ᠭᠦᠢᠴᠡᠳ ᠣᠨᠢ ᠲᠠᠢ᠂ ᠵᠢᠵᠢᠭ ᠰᠡᠵᠢᠭᠦᠷ ᠢᠯᠲᠠᠰᠤ ᠨᠢ ᠲᠣᠭᠣᠷᠢᠬᠯᠢᠭ᠋ ᠪᠤᠶᠤ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂1~4mm ᠥᠷᠭᠡᠨ᠂ ᠠᠩᠬᠠᠨ ᠳ᠋ᠠᠭᠠᠨ ᠨᠠᠪᠴᠢᠨ ᠤ᠋ ᠠᠷᠤ ᠥᠪᠥᠷ ᠲᠤᠨᠢ ᠠᠭᠠᠯᠵᠢᠨ ᠲᠣᠣᠷ ᠰᠢᠭ᠋ ᠦᠰᠦ ᠲᠡᠢ᠂ ᠰᠡᠭᠦᠯᠡᠷ ᠨᠢ ᠲᠠᠷᠠᠮᠠᠭ ᠦᠰᠦ ᠲᠡᠢ ᠪᠤᠶᠤ ᠦᠰᠦ ᠦᠭᠡᠢ ᠪᠣᠯᠳᠠᠭ᠃ ᠪᠤᠯᠴᠢᠷᠬᠠᠢ ᠳᠤᠰᠤᠯ ᠲᠠᠢ᠂ ᠳᠡᠭᠡᠷ᠎ᠡ ᠬᠡᠰᠡᠭ ᠦ᠋ᠨ ᠨᠠᠪᠴᠢ ᠨᠢ ᠵᠢᠵᠢᠭ᠂ ᠣᠬᠣᠷ ᠪᠠᠷᠢᠭᠤᠯ ᠲᠠᠢ ᠪᠤᠶᠤ ᠪᠠᠷᠢᠭᠤᠯ ᠦᠭᠡᠢ᠂ ᠪᠠᠭ ᠴᠡᠴᠡᠭ ᠦ᠋ᠨ ᠮᠥᠴᠢᠷ ᠳᠡᠭᠡᠷᠡᠬᠢ ᠨᠠᠪᠴᠢ ᠨᠢ ᠥᠳᠥᠯᠢᠭ ᠣᠨᠢ ᠲᠠᠢ ᠪᠤᠶᠤ ᠪᠦᠲᠦᠨ ᠬᠥᠪᠡᠭᠡ ᠲᠡᠢ᠂ ᠪᠦᠰᠡ ᠬᠡᠯᠪᠡᠷᠢ ᠲᠡᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠪᠥᠮᠪᠥᠭᠡᠯᠢᠭ ᠪᠤᠶᠤ ᠬᠠᠭᠠᠰ ᠪᠥᠮᠪᠥᠭᠡᠯᠢᠭ᠂ ᠳ᠋ᠢᠶᠠᠮᠧᠲ᠋ᠷ ᠨᠢ2~3.5mm᠂ ᠴᠡᠴᠡᠭ ᠨᠢ ᠣᠬᠣᠷ ᠪᠠᠷᠢᠭᠤᠯ ᠲᠠᠢ᠂ ᠮᠠᠰᠢ ᠣᠯᠠᠨ᠂ ᠤᠨᠵᠢᠢᠵᠤ ᠳᠡᠯᠭᠡᠷᠡᠬᠦ ᠪᠥᠭᠡᠳ ᠡᠰᠢ ᠰᠠᠯᠠᠭ᠎ᠠ ᠶ᠋ᠢᠨ ᠣᠷᠣᠢ ᠳ᠋ᠤ᠌ ᠱᠣᠷᠣᠯᠵᠢᠨ ᠬᠡᠯᠪᠡᠷᠢᠲᠦ ᠪᠠᠭ ᠴᠡᠴᠡᠭ ᠪᠦᠷᠢᠯᠳᠦᠨ᠎ᠡ᠃ ᠪᠠᠭᠯᠠᠭᠴᠢ ᠨᠠᠪᠴᠢ ᠨᠢ ᠪᠦᠰᠡ ᠬᠡᠯᠪᠡᠷᠢ ᠲᠡᠢ᠂ ᠶᠡᠷᠦᠩᠬᠡᠢ ᠪᠠᠭᠯᠠᠭᠴᠢ ᠢᠯᠲᠠᠰᠤ ᠨᠢ3 ᠮᠥᠷ᠂ ᠬᠥᠪᠡᠭᠡ ᠨᠢ ᠥᠷᠭᠡᠨ ᠬᠠᠯᠢᠰᠤᠯᠢᠭ᠂ ᠪᠠᠷᠤᠭ ᠦᠰᠦ ᠦᠭᠡᠢ ᠰᠢᠬᠠᠭᠤ᠃ ᠬᠥᠪᠡᠭᠡ ᠳ᠋ᠡᠬᠢ ᠵᠢᠵᠢᠭ ᠴᠡᠴᠡᠭ ᠨᠢ ᠡᠮ᠎ᠡ ᠪᠡᠯᠭᠡ ᠲᠡᠢ᠂10~12 ᠬᠦᠢᠰ᠂ ᠴᠡᠴᠡᠭ ᠦ᠋ᠨ ᠳᠡᠯᠪᠢ ᠨᠢ ᠨᠠᠷᠢᠨ ᠭᠤᠤᠷᠰᠤ ᠬᠡᠯᠪᠡᠷᠢ ᠲᠡᠢ᠂ ᠳᠤᠮᠳᠠᠬᠢ ᠵᠢᠵᠢᠭ ᠴᠡᠴᠡᠭ ᠨᠢ ᠮᠠᠰᠢ ᠣᠯᠠᠨ᠂ ᠴᠡᠴᠡᠭ ᠦ᠋ᠨ ᠳᠡᠯᠪᠢ ᠨᠢ ᠴᠣᠷᠭᠣ ᠰᠢᠭ᠋᠂ ᠪᠤᠯᠴᠢᠷᠬᠠᠢ ᠳᠤᠰᠤᠯ ᠲᠠᠢ᠃ ᠲᠤᠷᠠᠩᠬᠠᠢ ᠵᠢᠮᠢᠰ ᠨᠢ ᠥᠨᠳᠡᠭᠡᠯᠵᠢᠨ ᠰᠢᠭ ᠲᠣᠭᠣᠷᠢᠭ ᠬᠡᠯᠪᠡᠷᠢ ᠲᠡᠢ᠂ ᠪᠠᠷᠤᠭ1.5mm᠃8~9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂9~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠭᠠᠩ ᠬᠠᠭᠤᠷᠠᠢ ᠬᠡᠭᠡᠷ᠎ᠡ ᠲᠠᠯ᠎ᠠ᠂ ᠭᠣᠣ ᠰᠤᠵᠠᠭ ᠤ᠋ᠨ ᠬᠥᠪᠡᠭᠡ᠂ ᠠᠭᠤᠯᠠᠨ ᠡᠭᠡᠪᠦᠷ ᠬᠠᠵᠠᠭᠤ ᠳ᠋ᠤ᠌ ᠤᠷᠭᠤᠨ᠎ᠠ᠃ ᠪᠦᠬᠦ ᠤᠯᠤᠰ ᠤ᠋ᠨ ᠣᠯᠠᠩᠬᠢ ᠮᠣᠵᠢ ᠣᠷᠣᠨ ᠳ᠋ᠤ᠌ ᠪᠦᠷ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠬᠥᠷᠥᠰᠥᠨ ᠳᠡᠭᠡᠷᠡᠬᠢ ᠬᠡᠰᠡᠭ ᠢ᠋ ᠨᠢ ᠬᠠᠳᠤᠵᠤ ᠠᠪᠤᠭᠠᠳ᠂ ᠬᠣᠯᠢᠮᠠᠭ ᠵᠦᠢᠯ ᠢ᠋ ᠨᠢ ᠠᠷᠢᠯᠭᠠᠨ ᠬᠠᠶᠠᠭᠠᠳ ᠬᠡᠷᠴᠢᠵᠦ᠂ ᠰᠡᠭᠦᠳᠡᠷ ᠲᠦ᠍ ᠬᠠᠲᠠᠭᠠᠬᠤ ᠪᠤᠶᠤ ᠨᠣᠢᠲᠠᠨ ᠢ᠋ᠶ᠋ᠠᠷ ᠨᠢ ᠬᠠᠳᠠᠭᠠᠯᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠃
   [ ᠴᠢᠳᠠᠯ ᠪᠠ ᠭᠣᠣᠯᠳᠠᠭᠤ ᠵᠠᠰᠠᠬᠤ] ᠨᠢᠶᠠᠨ ᠬᠣᠷᠣᠬᠠᠢ ᠶ᠋ᠢ ᠨᠢᠲᠤᠯᠬᠤ᠂ ᠡᠪᠡᠳᠬᠦ ᠶ᠋ᠢ ᠵᠣᠭᠰᠣᠭᠠᠬᠤ᠂ ᠰᠢᠷ᠎ᠠ ᠤᠰᠤ ᠶ᠋ᠢ ᠬᠠᠲᠠᠭᠠᠬᠤ᠂ ᠴᠠᠩᠬ᠎ᠠ ᠶ᠋ᠢ ᠳᠠᠷᠤᠬᠤ᠂ ᠬᠠᠪᠤᠳᠠᠷ ᠢ᠋ ᠬᠠᠷᠢᠭᠤᠯᠬᠤ᠂ ᠪᠡᠲᠡᠭᠢ ᠶ᠋ᠢ ᠡᠪᠳᠡᠬᠦ ᠴᠢᠳᠠᠯ ᠲᠠᠢ᠃ ᠭᠣᠣᠯᠳᠠᠭᠤ ᠶᠠᠮ᠎ᠠ᠂ ᠲᠠᠷᠢᠬᠢᠨ ᠬᠠᠳᠬᠤᠯᠭ᠎ᠠ᠂ ᠠᠷᠠᠰᠤᠨ ᠤ᠋ ᠰᠢᠷ᠎ᠠ ᠤᠰᠤᠨ ᠡᠪᠡᠳᠴᠢᠨ᠂ ᠡᠰᠡ ᠰᠢᠩᠭᠡᠭᠰᠡᠨ᠂ ᠬᠣᠳᠣᠭᠣᠳᠣᠨ ᠤ᠋ ᠨᠢᠶᠠᠨ ᠴᠠᠩᠬ᠎ᠠ᠂ ᠡᠷᠡᠬᠡᠭᠰᠡᠨ ᠶᠠᠷ᠎ᠠ ᠰᠢᠷᠬ᠎ᠠ᠂ ᠰᠠᠬᠤᠤ᠂ ᠪᠣᠭᠣᠮ᠎ᠠ᠂ ᠬᠠᠪᠤᠳᠠᠷ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 铁杆蒿 万年蒿
   ᠠᠩᠭ᠌ᠯᠢ ᠨᠡᠷ᠎ᠡ᠄Artemisia gmelinii Web. ex Stechm.

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠲᠤᠶᠠᠭ᠎ᠠ