ᠮᠢᠩ ᠶᠤᠸᠠᠨ ᠤ᠋ ᠲᠡᠢᠨ ᠪᠠᠢᠯᠳᠤᠭᠠᠨ-ᠳᠠᠯᠠᠢ ᠶ᠋ᠢᠨ ᠮᠣᠩᠭᠣᠯ ᠲᠡᠦᠬᠡ ᠶ᠋ᠢᠨ ᠥᠷᠥᠭᠡМин юаны дайн байлдаан ᠲᠡᠦᠬᠡ ᠰᠣᠶᠣᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠢᠩ ᠶᠤᠸᠠᠨ ᠤ᠋ ᠲᠡᠢᠨ ᠪᠠᠢᠯᠳᠤᠭᠠᠨ-ᠳᠠᠯᠠᠢ ᠶ᠋ᠢᠨ ᠮᠣᠩᠭᠣᠯ ᠲᠡᠦᠬᠡ ᠶ᠋ᠢᠨ ᠥᠷᠥᠭᠡМин юаны дайн байлдаан

ᠮᠢᠩ ᠶᠤᠸᠠᠨ ᠤ᠋ ᠲᠡᠢᠨ ᠪᠠᠢᠯᠳᠤᠭᠠᠨ-ᠳᠠᠯᠠᠢ ᠶ᠋ᠢᠨ ᠮᠣᠩᠭᠣᠯ ᠲᠡᠦᠬᠡ ᠶ᠋ᠢᠨ ᠥᠷᠥᠭᠡМин юаны дайн байлдаан

ᠠᠩᠭᠢᠯᠠᠯ:ᠲᠡᠦᠬᠡ ᠰᠣᠶᠣᠯ
2022-09-21

331

    ᠢᠲᠠᠳ ᠳᠠᠬᠢ ᠮᠣᠩᠭᠣᠯᠴᠤᠳ ᠤ᠋ᠨ ᠨᠣᠶᠠᠷᠬᠠᠯ 1368 ᠣᠨ ᠳ᠋ᠤ᠌ ᠲᠣᠭᠣᠭᠠᠨᠲᠡᠮᠦᠷ ᠬᠠᠭᠠᠨ ᠳᠠᠢᠳᠤ ᠬᠣᠲᠠ ᠠ᠋ᠴᠠ ᠬᠥᠭᠡᠭᠡᠭᠳᠡᠭᠰᠡᠨ ᠢ᠋ᠶ᠋ᠡᠷ ᠳᠠᠭᠤᠰᠬᠠᠪᠤᠷᠢ ᠪᠣᠯᠤᠭᠰᠠᠨ ᠭᠡᠵᠦ ᠦᠵᠡᠳᠡᠭ ᠭᠡᠳᠡᠭ ᠴᠦ᠍ ᠬᠢᠲᠠᠳ ᠤ᠋ᠨ ᠡᠮᠦᠨᠡᠲᠦ ᠬᠡᠰᠡᠭ ᠲᠦ᠍ ᠶᠦᠨᠨᠠᠨ ᠮᠣᠵᠢ ᠳ᠋ᠤ᠌ ᠪᠠᠢᠷᠢᠯᠠᠵᠤ ᠪᠠᠢᠭᠰᠠᠨ ᠮᠣᠩᠭᠣᠯ ᠤ᠋ᠨ ᠴᠡᠷᠢᠭ ᠥᠪᠡᠷ ᠦ᠋ᠨ ᠶᠤᠸᠠᠨ ᠤᠯᠤᠰ ᠲᠤ᠌ ᠦᠨᠡᠨᠴᠢ ᠪᠠᠢᠵᠤ᠂ ᠮᠢᠩ ᠤᠯᠤᠰ ᠤ᠋ᠨ ᠥᠪᠡᠷᠲᠡᠭᠡᠨ ᠳᠠᠭᠠᠭᠤᠯᠬᠤ ᠪᠣᠳᠣᠯᠭ᠎ᠠ ᠶ᠋ᠢ ᠬᠣᠷᠢ ᠣᠷᠴᠢᠮ ᠵᠢᠯ ᠡᠰᠡᠷᠭᠦᠴᠡᠨ ᠪᠠᠢᠯᠳᠤᠭᠰᠠᠨ ᠪᠠᠢᠨ᠎ᠠ᠃ ᠡᠨᠡ ᠲᠡᠮᠡᠴᠡᠯ ᠳ᠋ᠦ᠍ ᠬᠢᠲᠠᠳ ᠤ᠋ᠨ ᠢᠰᠯᠠᠮ ᠱᠠᠰᠢᠨ ᠳ᠋ᠤ᠌ ᠴᠡᠷᠢᠭ ᠦ᠋ᠳ ᠳᠠᠢᠳᠤᠭᠴᠢ ᠬᠣᠶᠠᠷ ᠲᠠᠯ᠎ᠠ ᠶ᠋ᠢᠨ ᠠᠯᠢ ᠠᠯᠢᠨ ᠳ᠋ᠤ᠌ ᠨᠢ ᠲᠡᠮᠡᠴᠡᠵᠦ ᠪᠠᠢᠭᠰᠠᠨ ᠪᠠᠢᠨ᠎ᠠ᠃
ᠮᠢᠩ ᠤᠯᠤᠰ 1381 ᠣᠨ ᠳ᠋ᠤ᠌ 300 ᠮᠢᠩᠭᠠᠨ ᠴᠡᠷᠢᠭ ᠪᠦᠬᠦᠢ ᠶᠡᠬᠡ ᠬᠦᠴᠦ ᠪᠡᠷ 3 ᠴᠢᠭᠯᠡᠯ ᠢ᠋ᠶ᠋ᠡᠷ ᠶᠦᠨᠨᠠᠨ ᠢ᠋ ᠳᠣᠪᠲᠣᠯᠤᠭᠰᠠᠨ ᠪᠠ ᠬᠢᠲᠠᠳ ᠤ᠋ᠨ ᠳᠠᠪᠠᠭᠤ ᠬᠦᠴᠦᠲᠡᠢ ᠣᠯᠠᠨ ᠵᠢᠯ ᠦ᠋ᠨ ᠤᠷᠲᠤ ᠬᠤᠭᠤᠴᠠᠭᠠᠨ ᠳ᠋ᠤ᠌ ᠲᠤᠯᠤᠯᠳᠤᠵᠤ ᠲᠤᠢᠯᠳᠠᠭᠰᠠᠨ ᠪᠠᠢᠭᠰᠠᠨ ᠡᠴᠡ ᠭᠠᠳᠠᠨ᠎ᠠ ᠨᠡᠮᠡᠯᠲᠡ ᠬᠠᠩᠭᠠᠮᠵᠢ᠂ ᠳᠡᠮᠵᠢᠯᠭᠡ ᠪᠠᠢᠬᠤ ᠦᠭᠡᠢ ᠪᠠᠢᠭᠰᠠᠨ ᠡᠴᠡ ᠰᠢᠯᠲᠠᠭᠠᠯᠠᠨ ᠮᠣᠩᠭᠣᠯᠴᠤᠳ ᠪᠤᠲᠠ ᠴᠣᠬᠢᠭᠳᠠᠭᠰᠠᠨ ᠪᠠᠢᠨ᠎ᠠ᠃ ᠳᠠᠪᠠᠭᠤ ᠬᠦᠴᠦᠲᠡᠢ ᠴᠡᠷᠢᠭ ᠲᠦ᠍ ᠮᠣᠩᠭᠣᠯᠴᠤᠳ ᠪᠣᠯᠤᠨ ᠶᠤᠸᠠᠨ ᠤᠯᠤᠰ ᠲᠤ᠌ ᠦᠨᠡᠨᠴᠢ ᠢᠰᠯᠠᠮ ᠴᠡᠷᠢᠭ ᠦ᠋ᠳ ᠪᠤᠲᠠ ᠴᠣᠬᠢᠭᠤᠯᠬᠤ ᠳ᠋ᠤ᠌ ᠮᠣᠩᠭᠣᠯᠴᠤᠳ ᠤ᠋ᠨ ᠲᠡᠮᠡᠴᠡᠯ ᠢ᠋ ᠤᠳᠤᠷᠢᠳᠴᠤ ᠪᠠᠢᠭᠰᠠᠨ ᠯᠢᠩ ᠸᠠᠩ ᠪᠠᠰᠯᠠᠪᠠᠷᠮᠢ 1382 ᠣᠨ ᠤ᠋ 1 ᠰᠠᠷ᠎ᠠ ᠶ᠋ᠢᠨ 6 ᠳ᠋ᠤ᠌ ᠠᠮᠢ ᠪᠠᠨ ᠬᠣᠣᠷᠯᠠᠭᠰᠠᠨ ᠪᠠᠢᠨ᠎ᠠ᠃ ᠶᠦᠨᠨᠠᠨ ᠢ᠋ ᠡᠵᠡᠯᠡᠭᠰᠡᠨ ᠮᠢᠩ ᠦ᠋ᠨ ᠢᠰᠯᠠᠮ ᠴᠡᠷᠢᠭ ᠦ᠋ᠳ ᠮᠣᠩᠭᠣᠯᠴᠤᠳ ᠢ᠋ ᠲᠣᠯᠣᠭᠠᠢ ᠳᠠᠷᠠᠭᠠᠯᠠᠨ ᠬᠦᠢᠰᠦ ᠲᠡᠮᠲᠡᠷᠢᠵᠦ ᠪᠠᠢᠵᠠᠢ᠃

ᠳᠠᠯᠠᠢ ᠶ᠋ᠢᠨ ᠮᠣᠩᠭᠣᠯ ᠲᠡᠦᠬᠡ ᠶ᠋ᠢᠨ ᠥᠷᠥᠭᠡ ᠳ᠋ᠦ᠍ ᠪᠤᠴᠠᠬᠤДалайн монгол түүхийн өрөөд буцах