ᠴᠣᠯᠮᠣᠨ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Цолмон ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠴᠣᠯᠮᠣᠨ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Цолмон

ᠴᠣᠯᠮᠣᠨ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Цолмон

ᠠᠩᠭᠢᠯᠠᠯ:ᠤᠷᠠᠨ ᠪᠢᠴᠢᠯᠭᠡ
2025-07-16

690

ᠴᠣᠯᠮᠣᠨ


       ᠴᠣᠯᠮᠣᠨ— ᠮᠣᠩᠭᠣᠯ ᠦᠨᠳᠦᠰᠦᠲᠡᠨ᠂ ᠡᠷᠡᠭᠲᠡᠢ᠂ ᠳᠡᠭᠡᠳᠦ ᠳᠤᠮᠳᠠᠳᠤ ᠶ᠋ᠢᠨ ᠰᠣᠶᠣᠯ ᠲᠠᠢ᠃ 1966 ᠣᠨ ᠳ᠋ᠤ᠌ ᠤᠯᠠᠭᠠᠨᠬᠠᠳᠠ ᠬᠣᠲᠠ ᠶ᠋ᠢᠨ ᠣᠩᠨᠢᠭᠤᠳ ᠬᠤᠰᠢᠭᠤᠨ ᠤ᠋ ᠬᠡᠷᠰᠡᠩ ᠰᠤᠮᠤᠨ ᠤ᠋ ᠭᠤᠷᠪᠠᠨᠮᠣᠳᠣ ᠭᠠᠴᠠᠭᠠᠨ ᠤ᠋ ᠠᠤᠬᠠᠨ ᠪᠣᠷᠵᠢᠭᠢᠨ ᠣᠪᠣᠭᠲᠠᠨ ᠰᠣᠳᠨᠠᠮᠳᠣᠷᠵᠢ ᠶ᠋ᠢᠨ ᠬᠣᠶᠠᠳᠤᠭᠠᠷ ᠬᠥᠪᠡᠭᠦᠨ ᠨᠢ ᠪᠣᠯᠤᠨ ᠵᠠᠶᠠᠭᠠᠵᠠᠢ᠃ ᠲᠡᠷᠡ ᠤᠷᠢᠳ ᠬᠣᠵᠢᠳ ᠭᠣᠷᠪᠠᠨᠮᠣᠳᠣ ᠭᠠᠴᠠᠭᠠᠨ ᠤ᠋ ᠨᠢᠭᠲᠠᠯᠠᠨ ᠪᠣᠳᠣᠭᠴᠢ᠂ ᠭᠠᠴᠠᠭᠠᠨ ᠤ᠋ ᠵᠥᠪᠯᠡᠯ ᠦ᠋ᠨ ᠡᠷᠬᠢᠯᠡᠭᠴᠢ ᠶ᠋ᠢᠨ ᠠᠵᠢᠯ ᠢ᠋ ᠨᠡᠯᠢᠶᠡᠳ ᠬᠡᠳᠦᠨ ᠵᠢᠯ ᠬᠠᠷᠢᠭᠤᠴᠠᠨ ᠬᠢᠭᠰᠡᠨ ᠪᠠ ᠬᠤᠪᠢ ᠶ᠋ᠢᠨ ᠳᠡᠯᠭᠡᠭᠦᠷ᠂ ᠬᠣᠭᠣᠯᠠᠨ ᠭᠡᠷ᠂ ᠦᠰᠦ ᠭᠡᠵᠢᠭᠡ ᠵᠠᠰᠠᠬᠤ ᠵᠡᠷᠭᠡ ᠠᠵᠢᠯ ᠲᠥᠷᠥᠯ ᠢ᠋ ᠴᠦ᠍ ᠡᠷᠬᠢᠯᠡᠵᠦ ᠥᠩᠭᠡᠷᠡᠪᠡ᠃ ᠪᠠᠭ᠎ᠠ ᠠ᠋ᠴᠠ ᠪᠠᠨ ᠤᠷᠠᠨ ᠵᠢᠷᠤᠭ᠂ ᠤᠷᠠᠨ ᠪᠢᠴᠢᠯᠭᠡ ᠳ᠋ᠦ᠍ ᠳᠤᠷ᠎ᠠ ᠰᠣᠨᠢᠷᠬᠠᠯ ᠤᠷᠮ᠎ᠠ ᠪᠠᠬᠠᠲᠠᠢ ᠪᠠᠢᠭᠰᠠᠨ ᠪᠣᠯᠬᠣᠷ ᠡᠳᠦᠢ ᠪᠣᠯᠲᠠᠯ᠎ᠠ ᠲᠠᠰᠤᠷᠠᠯ ᠦᠭᠡᠢ ᠤᠷᠤᠯᠳᠤᠵᠤ ᠪᠠᠢᠨ᠎ᠠ᠃ ᠣᠳᠣ ᠬᠠᠢᠯᠠᠰᠤ ᠪᠠᠯᠭᠠᠰᠤᠨ ᠳ᠋ᠤ᠌ ᠨᠤᠲᠤᠭᠰᠢᠨ ᠰᠠᠭᠤᠵᠤ ᠵᠢᠷᠤᠭ ᠪᠢᠴᠢᠯᠭᠡ ᠳ᠋ᠦ᠍ ᠰᠢᠮᠳᠠᠨ ᠮᠣᠩᠭᠣᠯ ᠤᠷᠠᠨ ᠪᠢᠴᠢᠯᠭᠡ ᠶ᠋ᠢᠨ ᠦᠢᠯᠡᠰ ᠲᠡᠭᠡᠨ ᠵᠢᠭᠠᠬᠠᠨ ᠴᠤ᠌ ᠭᠡᠰᠡᠨ ᠨᠡᠮᠡᠷᠢ ᠪᠣᠯᠤᠶ᠎ᠠ ᠭᠡᠵᠦ ᠰᠡᠳᠬᠢᠯ ᠰᠢᠭᠤᠳᠤᠨ ᠠᠵᠢᠯᠯᠠᠵᠤ ᠪᠣᠢ᠃ 
       ᠲᠡᠷᠡ ᠣᠳᠣ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠴᠢᠳ ᠦ᠋ᠨ ᠨᠡᠢᠭᠡᠮᠯᠢᠭ ᠦ᠋ᠨ ᠭᠡᠰᠢᠭᠦᠨ᠂ ᠤᠯᠠᠭᠠᠨᠬᠠᠳᠠ ᠬᠣᠲᠠ ᠶ᠋ᠢᠨ ᠮᠣᠩᠭᠣᠯ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠭᠡᠰᠢᠭᠦᠨ᠂ ᠣᠩᠨᠢᠭᠤᠳ ᠬᠤᠰᠢᠭᠤᠨ ᠤ᠋ ᠮᠣᠩᠭᠣᠯ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠤᠷᠠᠯᠢᠭ ᠤ᠋ᠨ ᠵᠥᠪᠯᠡᠭᠴᠢ ᠵᠡᠷᠭᠡ ᠨᠡᠢᠭᠡᠮ ᠦ᠋ᠨ ᠡᠭᠦᠷᠭᠡ ᠲᠤᠰᠢᠶᠠᠯ ᠲᠠᠢ᠃ ᠤᠯᠠᠭᠠᠨᠬᠠᠳᠠ ᠬᠣᠲᠠ ᠶ᠋ᠢᠨ ᠮᠣᠩᠭᠣᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠦ᠌ ᠬᠤᠪᠢ ᠬᠥᠮᠦᠨ᠂ ᠬᠣᠲᠠ ᠶ᠋ᠢᠨ ᠳᠡᠰ ᠦ᠋ᠨ ᠬᠥᠳᠡᠯᠮᠦᠷᠢ ᠶ᠋ᠢᠨ ᠵᠢᠱ᠌ᠢᠶᠡᠴᠢ ᠵᠡᠷᠭᠡ ᠢᠷᠠᠭᠤ ᠠᠯᠳᠠᠷ ᠢ᠋ᠶ᠋ᠠᠷ ᠡᠩᠭᠡᠷ ᠢ᠋ᠶ᠋ᠡᠨ ᠮᠢᠯᠢᠶᠠᠯᠭᠠᠵᠤ ᠥᠩᠭᠡᠷᠡᠭᠰᠡᠨ ᠶᠦᠮ᠃ ᠣᠷᠴᠢᠮ ᠤ᠋ᠨ ᠬᠡᠳᠦᠨ ᠵᠢᠯ ᠲᠡᠭᠦᠨ ᠦ᠌ ᠤᠷᠠᠨ ᠪᠢᠴᠢᠯᠭᠡ ᠶ᠋ᠢᠨ ᠪᠦᠲᠦᠭᠡᠯ ᠨᠢ ᠤᠯᠤᠰ᠂ ᠣᠷᠣᠨ᠂ ᠬᠣᠲᠠ᠂ ᠬᠤᠰᠢᠭᠤᠨ ᠤ᠋ ᠣᠯᠠᠨ ᠤᠳᠠᠭᠠᠨ ᠤ᠋ ᠦᠵᠡᠰᠬᠦᠯᠡᠩ ᠤᠷᠤᠯᠳᠤᠭᠠᠨ ᠳ᠋ᠤ᠌ ᠰᠣᠩᠭᠣᠭᠳᠠᠨ ᠣᠷᠣᠯᠴᠠᠵᠤ᠂ ᠠᠳᠠᠯᠢ ᠪᠤᠰᠤ ᠳᠡᠰ ᠦ᠋ᠨ ᠱᠠᠩᠨᠠᠯ ᠬᠥᠬᠢᠭᠦᠯᠦᠯ ᠢ᠋ ᠤᠳᠠᠭ᠎ᠠ ᠳᠠᠷᠠᠭᠠᠯᠠᠨ ᠲᠣᠰᠴᠤ᠂ ᠥᠪᠡᠷ ᠦ᠋ᠨ ᠭᠡᠰᠡᠨ ᠣᠨᠴᠠᠯᠢᠭ ᠲᠠᠢ ᠮᠣᠩᠭᠣᠯ ᠤᠷᠠᠨ ᠪᠢᠴᠢᠯᠭᠡ ᠶ᠋ᠢᠨ ᠪᠦᠲᠦᠭᠡᠯ ᠭᠠᠷᠭᠠᠨ᠎ᠠ ᠭᠡᠵᠦ ᠴᠢᠷᠮᠠᠢᠵᠤ ᠪᠠᠢᠨ᠎ᠠ᠃ 
       ᠲᠡᠷᠡ ᠪᠠᠰᠠ ᠪᠦᠰᠡᠭᠦᠢ ᠨᠠᠷᠠᠨᠴᠡᠴᠡᠭ ᠦ᠋ᠨ ᠢ᠋ᠶ᠋ᠡᠨ ᠮᠣᠩᠭᠣᠯ ᠬᠠᠳᠬᠤᠮᠠᠯ ᠤ᠋ᠨ ᠪᠦᠲᠦᠭᠡᠯ ᠳ᠋ᠦ᠍ ᠮᠠᠰᠢ ᠣᠯᠠᠨ ᠵᠢᠷᠤᠭ ᠢ᠋ ᠨᠢ ᠵᠢᠷᠤᠵᠤ ᠲᠥᠯᠥᠪᠯᠡᠵᠦ ᠥᠭᠴᠡᠢ᠃ 2017 ᠣᠨ ᠳ᠋ᠤ᠌ 《ᠮᠣᠩᠭᠣᠯ ᠬᠠᠭᠠᠳ》 ᠭᠡᠬᠦ ᠮᠣᠩᠭᠣᠯ ᠤ᠋ᠨ ᠭᠤᠴᠢᠨ ᠵᠢᠷᠭᠤᠭᠠᠨ ᠬᠠᠭᠠᠨ ᠤ᠋ ᠬᠥᠷᠥᠭ ᠪᠣᠯᠤᠨ ᠳᠥᠭᠥᠮ ᠲᠠᠨᠢᠯᠴᠠᠭᠤᠯᠭ᠎ᠠ ᠶ᠋ᠢ ᠪᠦᠬᠦᠯᠢ ᠳᠥᠷᠪᠡᠨ ᠰᠠᠷ᠎ᠠ ᠶ᠋ᠢᠨ ᠬᠤᠭᠤᠴᠠᠭ᠎ᠠ ᠶ᠋ᠢ ᠬᠡᠷᠡᠭᠰᠡᠨ ᠵᠢᠷᠤᠵᠤ ᠲᠥᠯᠥᠪᠯᠡᠵᠦ ᠪᠢᠴᠢᠵᠦ ᠥᠭᠭᠦᠭᠰᠡᠨ ᠶᠦᠮ᠃ ᠣᠷᠴᠢᠮ ᠤ᠋ᠨ ᠬᠡᠳᠦᠨ ᠵᠢᠯ ᠴᠣᠯᠮᠣᠨ ᠤ᠋ ᠮᠣᠩᠭᠣᠯ ᠤᠷᠠᠨ ᠪᠢᠴᠢᠯᠭᠡ ᠨᠢ ᠥᠪᠡᠷ ᠦ᠋ᠨ ᠭᠡᠰᠡᠨ ᠣᠨᠴᠠᠯᠢᠭ ᠢ᠋ᠶ᠋ᠠᠷ ᠢ᠋ᠶ᠋ᠠᠨ ᠣᠯᠠᠨ᠎ᠠ ᠲᠠᠨᠢᠭᠳᠠᠵᠤ᠂ ᠪᠦᠬᠦ ᠣᠷᠣᠨ ᠤ᠋ ᠡᠯ᠎ᠡ ᠭᠠᠵᠠᠷ ᠤ᠋ᠨ ᠬᠣᠭᠣᠯᠠᠨ ᠭᠡᠷ᠂ ᠰᠤᠷᠭᠠᠭᠤᠯᠢ ᠶ᠋ᠢᠨ ᠬᠦᠷᠢᠶ᠎ᠡ᠂ ᠬᠤᠳᠠᠯᠳᠤᠭ᠎ᠠ᠂ ᠳᠡᠯᠭᠡᠭᠦᠷ ᠦ᠋ᠨ ᠫᠠᠢᠰᠠ ᠢᠯᠡᠷᠬᠡᠢᠯᠡᠯ᠂ ᠨᠣᠮ ᠳᠡᠪᠲᠡᠷ ᠦ᠋ᠨ ᠨᠢᠭᠤᠷ ᠤ᠋ᠨ ᠦᠰᠦᠭ᠂ ᠢᠳᠡᠭᠡᠨ ᠤᠮᠳᠠᠭᠠᠨ ᠤ᠋ ᠪᠣᠭᠣᠯᠲᠠ ᠶ᠋ᠢᠨ ᠦᠰᠦᠭ ᠪᠣᠯᠵᠤ᠂ ᠲᠣᠣᠷ ᠰᠦᠯᠵᠢᠶ᠎ᠡ ᠪᠡᠷ ᠥᠷᠭᠡᠨ ᠢ᠋ᠶ᠋ᠡᠷ ᠰᠠᠴᠤᠭᠳᠠᠨ ᠲᠠᠷᠬᠠᠭᠳᠠᠵᠤ᠂ ᠬᠡᠷᠡᠭᠯᠡᠭᠴᠢᠳ ᠦ᠋ᠨ ᠮᠠᠭᠲᠠᠭᠠᠯ ᠰᠠᠢᠰᠢᠶᠠᠯ᠂ ᠪᠠᠬᠠᠷᠬᠠᠯ ᠲᠠᠭᠠᠰᠢᠶᠠᠯ ᠢ᠋ ᠣᠯᠵᠤ ᠪᠠᠢᠨ᠎ᠠ᠃  


       ᠲᠡᠷᠡ 2022 ᠣᠨ ᠳ᠋ᠤ᠌ ᠣᠩᠨᠢᠭᠤᠳ ᠬᠤᠰᠢᠭᠤᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠵᠢᠴᠢ ᠬᠤᠰᠢᠭᠤᠨ ᠤ᠋ ᠰᠣᠶᠣᠯ ᠵᠢᠭᠤᠯᠴᠢᠯᠠᠯ ᠤ᠋ᠨ ᠲᠣᠪᠴᠢᠶᠠᠨ ᠠ᠋ᠴᠠ ᠡᠷᠬᠢᠯᠡᠨ ᠬᠢᠭᠰᠡᠨ《ᠣᠩᠨᠢᠭᠤᠳ ᠬᠤᠷᠢᠮ》ᠭᠡᠬᠦ ᠪᠠᠷᠢᠮᠲᠠᠲᠤ ᠺᠢᠨᠣ᠋ ᠳ᠋ᠤ᠌ ᠲᠣᠭᠯᠠᠭᠴᠢ ᠪᠠᠷ ᠣᠷᠣᠯᠴᠠᠵᠤ᠂ ᠮᠠᠰᠢ ᠰᠠᠢᠨ ᠳᠦᠷᠢ ᠶ᠋ᠢ ᠪᠦᠲᠦᠭᠡᠭᠰᠡᠨ ᠶᠦᠮ᠃  
       ᠴᠣᠯᠮᠣᠨ ᠣᠳᠣ ᠢᠳᠡᠷ ᠨᠠᠰᠤᠨ ᠤ᠋ ᠪᠦᠬᠦᠢᠯᠡ ᠡᠷᠴᠢ ᠬᠦᠴᠦᠨ᠂ ᠤᠷ᠎ᠠ ᠠᠪᠢᠶᠠᠰ᠂ ᠣᠮᠣᠭ ᠵᠣᠷᠢᠭ ᠢ᠋ᠶ᠋ᠠᠨ ᠮᠣᠩᠭᠣᠯ ᠤᠷᠠᠨ ᠪᠢᠴᠢᠯᠭᠡ ᠳ᠋ᠦ᠍ ᠪᠡᠨ ᠵᠣᠷᠢᠭᠤᠯᠵᠤ᠂ ᠤᠷᠠᠨ ᠪᠢᠴᠢᠯᠭᠡ ᠶ᠋ᠢᠨ ᠦᠢᠯᠡᠰ ᠲᠡᠭᠡᠨ ᠵᠢᠳᠬᠦᠨ ᠴᠢᠷᠮᠠᠢᠵᠤ᠂ ᠨᠡᠩ ᠣᠯᠠᠨ ᠴᠢᠨᠠᠷ ᠲᠠᠢ᠂ ᠤᠷᠠᠯᠢᠭ ᠴᠢᠨᠠᠷ ᠢ᠋ᠶ᠋ᠠᠷ ᠥᠨᠳᠥᠷ ᠤᠷᠠᠨ ᠪᠢᠴᠢᠯᠭᠡ ᠶ᠋ᠢᠨ ᠪᠦᠲᠦᠭᠡᠯ ᠦ᠋ᠳ ᠢ᠋ ᠪᠦᠲᠦᠭᠡᠨ ᠭᠠᠷᠭᠠᠵᠤ᠂ ᠨᠡᠢᠭᠡᠮ ᠨᠡᠢᠲᠡ᠂ ᠬᠥᠮᠦᠨ ᠠᠷᠠᠳ ᠲᠠᠭᠠᠨ ᠬᠦᠷᠲᠡᠭᠡᠯ ᠪᠣᠯᠭᠠᠵᠤ᠂ ᠮᠣᠩᠭᠣᠯ ᠰᠣᠶᠣᠯ ᠤ᠋ᠨ ᠬᠥᠭᠵᠢᠯᠲᠡ ᠳ᠋ᠦ᠍ ᠥᠪᠡᠷ ᠦ᠋ᠨ ᠬᠢᠨ ᠭᠡᠬᠦ ᠬᠤᠪᠢ ᠨᠡᠮᠡᠷᠢ ᠪᠡᠨ ᠥᠭᠬᠦ ᠪᠡᠷ ᠴᠠᠭ ᠮᠥᠴᠡ ᠲᠡᠢ ᠤᠷᠤᠯᠳᠤᠨ ᠴᠢᠷᠮᠠᠢᠨ ᠠᠵᠢᠯᠯᠠᠵᠤ ᠪᠣᠢ᠃