ᠬᠠᠨᠳᠠᠭᠠᠢ ᠬᠡᠯᠡХандгай хэл Khandgai khel ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠠᠨᠳᠠᠭᠠᠢ ᠬᠡᠯᠡХандгай хэл Khandgai khel

ᠬᠠᠨᠳᠠᠭᠠᠢ ᠬᠡᠯᠡХандгай хэл Khandgai khel

2025-07-17

235

ᠬᠠᠨᠳᠠᠭᠠᠢ ᠬᠡᠯᠡ

   ᠲᠤᠰ ᠡᠮ ᠪᠣᠯ ᠤᠳᠠᠪᠠᠯ᠎ᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠬᠠᠨᠳᠠᠭᠠᠢ ᠬᠡᠯᠡ ᠶ᠋ᠢᠨ ᠨᠢᠯᠬ᠎ᠠ ᠰᠣᠶᠣᠭ᠎ᠠ ᠮᠥᠨ᠃ ᠪᠠᠰᠠ ᠷᠢᠱᠤ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃20~120cm ᠥᠨᠳᠥᠷ᠂ ᠦᠨᠳᠦᠰᠦᠯᠢᠭ ᠡᠰᠢ ᠨᠢ ᠣᠬᠣᠷ᠂ ᠤᠯᠠᠪᠤᠷ ᠬᠦᠷᠡᠩ ᠥᠩᠭᠡ ᠲᠡᠢ ᠣᠯᠠᠨ ᠲᠣᠭᠲᠠᠪᠤᠷᠢ ᠦᠭᠡᠢ ᠦᠨᠳᠦᠰᠦ ᠪᠠᠭᠯᠠᠷᠠᠨ ᠤᠷᠭᠤᠳᠠᠭ᠃ ᠡᠰᠢ ᠨᠢ ᠰᠢᠯᠤᠭᠤᠨ᠂ ᠠᠭᠠᠯᠵᠢᠨ ᠲᠣᠣᠷ ᠰᠢᠭ᠋ ᠦᠰᠦ ᠲᠡᠢ᠂ ᠤᠭ ᠤ᠋ᠨ ᠬᠡᠰᠡᠭ ᠨᠢ ᠬᠦᠷᠡᠩ ᠥᠩᠭᠡ ᠲᠡᠢ ᠨᠠᠪᠴᠢᠨ ᠰᠢᠷᠬᠡᠭ ᠲᠦ᠍ ᠪᠠᠭᠯᠠᠷᠠᠵᠤ ᠪᠠᠢᠳᠠᠭ᠃ ᠤᠵᠠᠭᠤᠷ ᠤ᠋ᠨ ᠨᠠᠪᠴᠢ ᠨᠢ ᠵᠢᠷᠦᠬᠡᠨ ᠬᠡᠯᠪᠡᠷᠢ ᠪᠤᠶᠤ ᠪᠥᠭᠡᠷᠡᠨ ᠬᠡᠯᠪᠡᠷᠢ ᠲᠡᠢ᠂5~20cm ᠤᠷᠲᠤ᠂5~30cm ᠥᠷᠭᠡᠨ᠂ ᠲᠣᠭᠣᠷᠢᠭ ᠦᠵᠦᠭᠦᠷ ᠲᠡᠢ᠂ ᠵᠢᠷᠦᠬᠡᠨ ᠬᠡᠯᠪᠡᠷᠢᠲᠦ ᠤᠭ ᠲᠠᠢ᠂ ᠬᠥᠪᠡᠭᠡ ᠪᠡᠷ ᠨᠢ ᠠᠷᠠᠭ᠎ᠠ ᠰᠢᠳᠦ ᠲᠡᠢ᠂ ᠨᠠᠪᠴᠢᠨ ᠪᠠᠷᠢᠭᠤᠯ ᠨᠢ10~45cm ᠤᠷᠲᠤ᠃ ᠡᠰᠢᠨ ᠳ᠋ᠡᠬᠢ ᠨᠠᠪᠴᠢ ᠨᠢ ᠨᠡᠯᠢᠶᠡᠳ ᠵᠢᠵᠢᠭ᠂ ᠨᠠᠪᠴᠢᠨ ᠤᠭ ᠨᠢ ᠪᠠᠭᠯᠠᠭᠴᠢ ᠰᠢᠭ᠋ ᠤᠭ ᠢ᠋ᠶ᠋ᠠᠨ ᠪᠠᠭᠯᠠᠵᠤ ᠪᠠᠢᠳᠠᠭ᠃ ᠣᠯᠠᠨ ᠲᠣᠯᠣᠭᠠᠢ ᠬᠡᠯᠪᠡᠷᠢᠲᠦ ᠪᠠᠭ ᠴᠡᠴᠡᠭ ᠲᠡᠢ᠂ ᠴᠠᠴᠤᠭ ᠬᠡᠯᠪᠡᠷᠢ ᠲᠡᠢ ᠵᠢᠭᠳᠡᠷᠡᠨ᠎ᠡ᠃ ᠪᠠᠭᠯᠠᠭᠴᠢ ᠢᠯᠲᠠᠰᠤ ᠨᠢ ᠥᠨᠳᠡᠭᠡᠯᠵᠢᠨ ᠪᠤᠶᠤ ᠬᠠᠪᠲᠠᠭᠠᠢ ᠲᠡᠪᠡᠨᠡ ᠬᠡᠯᠪᠡᠷᠢ ᠲᠡᠢ᠃ ᠶᠡᠷᠦᠩᠬᠡᠢ ᠪᠠᠭᠯᠠᠭᠴᠢ ᠨᠢ ᠬᠤᠩᠬ᠎ᠠ ᠬᠡᠯᠪᠡᠷᠢ ᠲᠡᠢ᠃ ᠶᠡᠷᠦᠩᠬᠡᠢ ᠪᠠᠭᠯᠠᠭᠴᠢ ᠨᠢ8~9 ᠢᠯᠲᠠᠰᠤ ᠲᠠᠢ᠂ ᠳᠣᠲᠣᠷ᠎ᠠ ᠭᠠᠳᠠᠷ ᠬᠣᠶᠠᠷ ᠳᠠᠪᠬᠤᠷ᠂ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠬᠥᠪᠡᠭᠡ ᠨᠢ ᠰᠠᠷᠢᠰᠤᠯᠢᠭ᠂ ᠠᠷᠤ ᠳ᠋ᠤᠨᠢ ᠢᠬᠴᠤ ᠬᠦᠷᠡᠩ ᠥᠩᠭᠡ ᠲᠡᠢ ᠠᠲᠤᠷᠢᠭᠰᠠᠨ ᠣᠬᠣᠷ ᠵᠥᠭᠡᠯᠡᠨ ᠦᠰᠦ ᠲᠡᠢ᠃ ᠬᠥᠪᠡᠭᠡ ᠶ᠋ᠢᠨ ᠬᠡᠯᠡ ᠬᠡᠯᠪᠡᠷᠢᠲᠦ ᠴᠡᠴᠡᠭ ᠨᠢ ᠰᠣᠷᠭᠣᠭ ᠰᠢᠷ᠎ᠠ ᠥᠩᠭᠡ ᠲᠡᠢ᠂ ᠢᠯᠲᠠᠰᠤ ᠨᠢ ᠲᠡᠭᠰᠢ ᠲᠣᠭᠣᠷᠢᠭ ᠬᠡᠯᠪᠡᠷᠢ ᠲᠡᠢ᠂15~20mm ᠤᠷᠲᠤ᠃ ᠭᠣᠣᠯ ᠳ᠋ᠤᠨᠢ ᠣᠯᠠᠨ ᠬᠣᠭᠣᠯᠠᠢ ᠬᠡᠯᠪᠡᠷᠢᠲᠦ ᠴᠡᠴᠡᠭ ᠲᠡᠢ᠃ ᠲᠤᠷᠠᠩᠬᠠᠢ ᠵᠢᠮᠢᠰ ᠨᠢ ᠲᠡᠭᠰᠢ ᠲᠣᠭᠣᠷᠢᠭ ᠬᠡᠯᠪᠡᠷᠢ ᠲᠡᠢ᠂ ᠪᠠᠷᠤᠭ7mm ᠰᠢᠬᠠᠮ ᠤᠷᠲᠤ᠃ ᠲᠢᠲᠢᠮ ᠦᠰᠦ ᠨᠢ ᠬᠦᠷᠡᠩ ᠥᠩᠭᠡ ᠲᠡᠢ᠂6~8mm ᠤᠷᠲᠤ᠃7~9 ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠣᠢ ᠶ᠋ᠢᠨ ᠵᠠᠬ᠎ᠠ ᠬᠥᠪᠡᠭᠡ᠂ ᠭᠣᠣᠯ ᠤ᠋ᠨ ᠬᠥᠪᠡᠭᠡ ᠪᠡᠷ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠠᠪᠤᠷ ᠤ᠋ᠨ ᠰᠡᠭᠦᠯᠴᠢ ᠪᠡᠷ ᠴᠡᠴᠡᠭᠯᠡᠬᠦ ᠡᠴᠡ ᠡᠮᠦᠨ᠎ᠡ ᠪᠦᠬᠦᠯᠢ ᠡᠪᠡᠰᠦ ᠶ᠋ᠢ ᠨᠢ ᠠᠪᠴᠤ᠂ ᠰᠢᠪᠡᠷ ᠰᠢᠷᠣᠢ ᠶ᠋ᠢ ᠨᠢ ᠤᠬᠢᠶᠠᠨ ᠴᠡᠪᠡᠷᠯᠡᠭᠡᠳ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠬᠥᠩᠭᠡᠨ᠂ ᠬᠥᠯᠪᠡᠷᠢᠭᠦᠨ᠂ ᠰᠢᠷᠦᠭᠦᠨ᠂ ᠰᠢᠩᠭᠡᠨ᠂ ᠡᠶᠡᠯᠳᠡᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠪᠠᠳᠭ᠋ᠠᠨ ᠰᠢᠷ᠎ᠠ ᠶ᠋ᠢ ᠠᠷᠢᠯᠭᠠᠬᠤ᠂ ᠪᠥᠭᠡᠯᠵᠢᠭᠦᠯᠬᠦ᠂ ᠰᠢᠷᠬ᠎ᠠ ᠶ᠋ᠢ ᠬᠤᠷᠢᠶᠠᠬᠤ᠂ ᠰᠢᠷ᠎ᠠ ᠤᠰᠤ ᠶ᠋ᠢ ᠬᠤᠷᠢᠶᠠᠵᠤ ᠬᠠᠲᠠᠭᠠᠬᠤ᠂ ᠬᠣᠣᠷ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠰᠢᠷ᠎ᠠ ᠶ᠋ᠢᠨ ᠡᠪᠡᠳᠴᠢᠨ᠂ ᠡᠰᠡ ᠰᠢᠩᠭᠡᠭᠰᠡᠨ᠂ ᠲᠡᠮᠦᠷ ᠬᠠᠭᠲᠤ ᠪᠠᠳᠭ᠋ᠠᠨ᠂ ᠳᠤᠷ᠎ᠠ ᠬᠠᠭᠠᠭᠳᠠᠭᠰᠠᠨ᠂ ᠠᠭᠤᠰᠬᠢ ᠥᠭᠡᠷᠢᠯᠡᠭᠰᠡᠨ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 橐吾 (蹄叶橐吾)
   ᠠᠩᠭ᠌ᠯᠢ ᠨᠡᠷ᠎ᠡ᠄Liguaria flscheri (L.edeb) Turcz.

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠲᠤᠶᠠᠭ᠎ᠠ