ᠬᠠᠯᠠᠭᠠᠢХалгайKhalgai
ᠬᠠᠯᠠᠭᠠᠢ
ᠲᠤᠰ ᠡᠮ ᠪᠣᠯ ᠬᠠᠯᠠᠭᠠᠢ ᠶ᠋ᠢᠨ ᠢᠵᠠᠭᠤᠷ ᠤ᠋ᠨ ᠤᠷᠭᠤᠮᠠᠯ ᠪᠣᠯᠬᠤ ᠬᠠᠯᠠᠭᠠᠢ᠂ ᠤᠰᠤᠨ ᠬᠠᠯᠠᠭᠠᠢ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠰᠤᠸᠭᠤᠳ ᠭᠡᠳᠡᠭ᠃
[ ᠤᠤᠯ ᠤᠷᠭᠤᠮᠠᠯ] ᠬᠠᠯᠠᠭᠠᠢ ᠣᠯᠠᠨ ᠨᠠᠰᠤᠲᠤ ᠡᠪᠡᠰᠦᠯᠢᠭ ᠤᠷᠭᠤᠮᠠᠯ᠃ 150cm ᠣᠷᠴᠢᠮ ᠥᠨᠳᠥᠷ᠃ ᠡᠰᠢ ᠨᠢ ᠢᠷᠮᠡᠭ ᠲᠡᠢ ᠪᠥᠭᠡᠳ ᠬᠡᠪᠲᠡᠭᠡ ᠤᠷᠭᠤᠭᠰᠠᠨ ᠣᠬᠣᠷ ᠵᠥᠭᠡᠯᠡᠨ ᠦᠰᠦ ᠪᠣᠯᠤᠨ ᠬᠠᠯᠠᠭᠠᠢ ᠦᠰᠦ ᠲᠡᠢ᠃ ᠨᠠᠪᠴᠢ ᠨᠢ ᠴᠢᠭᠲᠠᠯᠠᠨ ᠤᠷᠭᠤᠨ᠎ᠠ᠂ ᠨᠠᠪᠴᠢᠨ ᠢᠯᠲᠠᠰᠤ ᠨᠢ ᠲᠠᠪᠤᠯᠵᠢᠨ ᠲᠥᠯᠥᠪᠲᠡᠢ᠂4~12cm ᠤᠷᠲᠤ᠂3.5~12cm ᠥᠷᠭᠡᠨ᠂ ᠭᠤᠷᠪᠠᠨ ᠭᠦᠨ ᠣᠨᠢ ᠪᠤᠶᠤ ᠭᠦᠢᠴᠡᠳ ᠣᠨᠢ ᠲᠠᠢ᠂ ᠬᠠᠮᠤᠭ ᠠᠩᠬᠠᠨ ᠤ᠋ ᠰᠡᠵᠢᠭᠦᠷ ᠢᠯᠲᠠᠰᠤ ᠨᠢ ᠳᠠᠬᠢᠨ ᠥᠳᠥᠯᠢᠭ ᠭᠦᠨ ᠣᠨᠢ ᠭᠠᠷᠤᠨ᠎ᠠ᠂ ᠨᠠᠪᠴᠢᠨ ᠤ᠋ ᠬᠢᠨᠢ ᠬᠣᠶᠠᠷ ᠲᠠᠯ᠎ᠠ ᠳ᠋ᠤᠨᠢ ᠲᠠᠷᠠᠮᠠᠭ ᠣᠬᠣᠷ ᠵᠥᠭᠡᠯᠡᠨ ᠦᠰᠦ ᠲᠡᠢ᠂ ᠠᠷᠤ ᠳ᠋ᠤᠨᠢ ᠲᠠᠷᠠᠮᠠᠭ ᠬᠠᠯᠠᠭᠠᠢ ᠦᠰᠦ ᠲᠡᠢ᠂ ᠲᠣᠰᠬᠣᠭᠤᠷ ᠨᠠᠪᠴᠢ ᠨᠢ ᠰᠠᠯᠤᠩᠭᠢ᠂ ᠢᠪᠴᠤᠤ ᠭᠤᠷᠪᠠᠯᠵᠢᠨ ᠬᠡᠯᠪᠡᠷᠢ ᠲᠡᠢ᠃ ᠨᠢᠭᠡ ᠬᠡᠷᠲᠡᠢ ᠪᠤᠶᠤ ᠣᠨᠳᠣᠣ ᠬᠡᠷᠲᠡᠢ᠂ ᠨᠢᠭᠡ ᠬᠡᠷᠲᠡᠢ ᠡᠷ᠎ᠡ ᠪᠠᠭ ᠴᠡᠴᠡᠭ ᠨᠢ ᠳᠣᠣᠷ᠎ᠠ ᠲᠠᠯ᠎ᠠ ᠳ᠋ᠤᠨᠢ ᠤᠷᠭᠤᠨ᠎ᠠ᠃ ᠪᠠᠭ ᠴᠡᠴᠡᠭ ᠨᠢ12cm ᠤᠷᠲᠤ᠂ ᠡᠷ᠎ᠡ ᠪᠠᠭ ᠴᠡᠴᠡᠭ ᠨᠢ ᠣᠯᠠᠩᠬᠢ ᠳ᠋ᠠᠭᠠᠨ ᠰᠠᠯᠠᠭᠠᠯᠠᠨ᠎ᠠ᠃ ᠡᠷ᠎ᠡ ᠴᠡᠴᠡᠭ ᠦ᠋ᠨ ᠳ᠋ᠢᠶᠠᠮᠧᠲ᠋ᠷ ᠨᠢ ᠪᠠᠷᠤᠭ2mm ᠪᠣᠢ᠃ ᠰᠢᠳᠠᠷ ᠢᠯᠲᠠᠰᠤ ᠨᠢ4᠂ ᠡᠷ᠎ᠡ ᠲᠣᠭᠣᠷᠴᠣᠭ4᠃ ᠡᠮ᠎ᠡ ᠴᠡᠴᠡᠭ ᠦ᠋ᠨ ᠰᠢᠳᠠᠷ ᠢᠯᠲᠠᠰᠤ ᠨᠢ4 ᠭᠦᠨ ᠣᠨᠢ ᠲᠠᠢ᠂ ᠴᠡᠴᠡᠯᠡᠭᠰᠡᠨ ᠦ᠌ ᠰᠡᠭᠦᠯᠡᠷ ᠲᠣᠮᠣᠷᠠᠭᠠᠳ ᠵᠢᠮᠢᠰ ᠢ᠋ᠶ᠋ᠡᠨ ᠪᠠᠭᠯᠠᠳᠠᠭ᠂2.5mm ᠬᠢᠷᠢᠲᠡᠢ ᠤᠷᠲᠤ᠃ ᠣᠬᠣᠷ ᠵᠥᠭᠡᠯᠡᠨ ᠦᠰᠦ ᠪᠣᠯᠤᠨ ᠴᠥᠭᠡᠪᠲᠦᠷ ᠬᠠᠯᠠᠭᠠᠢ ᠦᠰᠦ ᠲᠡᠢ᠃ ᠴᠡᠴᠡᠭ ᠦ᠋ᠨ ᠪᠠᠭᠠᠨ᠎ᠠ ᠶ᠋ᠢᠨ ᠠᠮᠠᠰᠠᠷ ᠨᠢ ᠦᠰᠦᠨ ᠪᠢᠷ ᠦ᠋ᠨ ᠬᠡᠯᠪᠡᠷᠢ ᠲᠡᠢ᠂ ᠲᠤᠷᠠᠩᠬᠠᠢ ᠵᠢᠮᠢᠰ ᠨᠢ ᠥᠨᠳᠡᠭᠡᠯᠵᠢᠨ ᠪᠥᠭᠡᠳ ᠬᠠᠪᠲᠠᠭᠠᠢ᠂ ᠪᠠᠷᠤᠭ2mm ᠬᠢᠷᠢᠲᠡᠢ ᠤᠷᠲᠤ᠃ ᠴᠠᠢᠪᠤᠷ ᠬᠦᠷᠡᠩ ᠥᠩᠭᠡ ᠲᠡᠢ᠂ ᠭᠥᠯᠢᠭᠡᠷ᠃7~8 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
2 ᠤᠰᠤᠨ ᠬᠠᠯᠠᠭᠠᠢ ᠳᠡᠭᠡᠷᠡᠬᠢ ᠳᠦᠷᠰᠦ ᠲᠡᠢ ᠠᠳᠠᠯᠢ ᠦᠭᠡᠢ ᠵᠦᠢᠯ ᠭᠡᠪᠡᠯ ᠨᠠᠪᠴᠢ ᠨᠢ ᠬᠠᠪᠲᠠᠭᠠᠢ ᠲᠡᠪᠡᠨᠡ ᠬᠡᠯᠪᠡᠷᠢ ᠲᠡᠢ ᠪᠤᠶᠤ ᠢᠪᠴᠤᠤ ᠥᠨᠳᠡᠭᠡᠯᠵᠢᠨ ᠬᠡᠯᠪᠡᠷᠢ ᠲᠡᠢ᠂4~10cm ᠤᠷᠲᠤ᠂1.2~8cm ᠥᠷᠭᠡᠨ᠂ ᠱᠣᠪᠲᠣᠭᠣᠷ ᠦᠵᠦᠭᠦᠷ ᠲᠡᠢ᠂ ᠲᠣᠭᠣᠷᠢᠭ ᠤᠭ ᠲᠠᠢ᠂ ᠬᠤᠷᠴᠠ ᠬᠢᠷᠥᠭᠡᠨ ᠰᠢᠳᠦᠨ ᠬᠥᠪᠡᠭᠡ ᠲᠡᠢ᠃ ᠲᠣᠰᠬᠣᠭᠤᠷ ᠨᠠᠪᠴᠢ ᠨᠢ ᠪᠦᠰᠡ ᠬᠡᠯᠪᠡᠷᠢ ᠲᠡᠢ᠃ ᠣᠨᠳᠣᠣ ᠬᠡᠷᠲᠡᠢ᠂ ᠪᠠᠭ ᠴᠡᠴᠡᠭ ᠨᠢ4cm ᠣᠷᠴᠢᠮ ᠤᠷᠲᠤ᠂ ᠣᠯᠠᠨ ᠰᠠᠯᠠᠭ᠎ᠠ ᠲᠠᠢ᠃ ᠡᠷ᠎ᠡ ᠴᠡᠴᠡᠭ ᠦ᠋ᠨ ᠴᠡᠴᠡᠭ ᠦ᠋ᠨ ᠰᠢᠳᠠᠷ ᠨᠢ4᠂ ᠡᠷ᠎ᠡ ᠲᠣᠭᠣᠷᠴᠣᠭ ᠨᠢ4᠂ ᠡᠮ᠎ᠡ ᠴᠡᠴᠡᠭ ᠨᠢ ᠡᠷ᠎ᠡ ᠴᠡᠴᠡᠭ ᠡᠴᠡ ᠪᠡᠨ ᠵᠢᠵᠢᠭ᠂ ᠴᠡᠴᠡᠭ ᠦ᠋ᠨ ᠰᠢᠳᠠᠷ ᠨᠢ4᠃᠂ ᠵᠢᠮᠢᠰᠯᠡᠬᠦ ᠦᠶ᠎ᠡ ᠳ᠋ᠦ᠍ ᠲᠣᠮᠣᠷᠠᠨ᠎ᠠ᠃ ᠲᠤᠷᠠᠩᠬᠠᠢ ᠵᠢᠮᠢᠰ ᠨᠢ ᠥᠨᠳᠡᠭᠡᠯᠵᠢᠨ ᠬᠠᠪᠲᠠᠭᠠᠢ᠂ ᠪᠠᠷᠤᠭ1mm ᠤᠷᠲᠤ᠂7~8 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠰᠠᠷ᠎ᠠ ᠳ᠋ᠤᠭᠠᠷ ᠲᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠬᠠᠯᠠᠭᠠᠢ ᠪᠣᠯ ᠬᠡᠭᠡᠷ᠎ᠡ ᠲᠠᠯ᠎ᠠ᠂ ᠵᠠᠮ ᠤ᠋ᠨ ᠬᠠᠵᠠᠭᠤ᠂ ᠲᠠᠯ᠎ᠠ ᠭᠠᠵᠠᠷ᠂ ᠠᠭᠤᠯᠠ ᠶ᠋ᠢᠨ ᠬᠠᠵᠠᠭᠤ ᠪᠠᠷ ᠤᠷᠭᠤᠨ᠎ᠠ᠃ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠤᠮᠠᠷᠠᠲᠤ ᠣᠷᠣᠨ ᠳ᠋ᠤ᠌ ᠲᠠᠷᠬᠠᠴᠠ ᠲᠠᠢ᠃ ᠤᠰᠤᠨ ᠬᠠᠯᠠᠭᠠᠢ ᠪᠣᠯ ᠣᠢ ᠶ᠋ᠢᠨ ᠬᠥᠪᠡᠭᠡ ᠶ᠋ᠢᠨ ᠪᠤᠲᠠ ᠰᠥᠭᠡᠭ ᠦ᠋ᠨ ᠵᠠᠪᠰᠠᠷ᠂ ᠣᠢ ᠳᠣᠲᠣᠷᠠᠬᠢ ᠰᠡᠭᠦᠳᠡᠷᠯᠢᠭ ᠴᠢᠭᠢᠭ ᠲᠡᠢ ᠭᠠᠵᠠᠷ᠂ ᠪᠤᠯᠠᠭ ᠤ᠋ᠨ ᠬᠥᠪᠡᠭᠡ᠂ ᠡᠯᠡᠰᠦᠨ ᠳᠣᠪᠣ ᠶ᠋ᠢᠨ ᠪᠤᠲᠠ ᠰᠥᠭᠡᠭ ᠦ᠋ᠨ ᠵᠠᠪᠰᠠᠷ ᠲᠤ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠱᠠᠨ ᠰᠢ ᠳ᠋ᠦ᠍ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠬᠠᠳᠤᠵᠤ ᠠᠪᠤᠭᠠᠳ ᠬᠡᠷᠴᠢᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ᠂ ᠭᠣᠰᠢᠭᠤᠨ ᠠᠮᠲᠠ ᠲᠠᠢ᠃ ᠪᠦᠯᠢᠶᠡᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠤᠰᠤ ᠶ᠋ᠢ ᠠᠷᠢᠯᠭᠠᠬᠤ ᠲᠠᠢᠳᠬᠤᠷᠠᠭᠤᠯᠬᠤ᠂ ᠬᠣᠳᠣᠭᠣᠳᠣᠨ ᠤ᠋ ᠢᠯᠴᠢ ᠶ᠋ᠢ ᠰᠡᠯᠪᠢᠬᠦ᠂ ᠢᠳᠡᠭᠡᠨ ᠢ᠋ ᠰᠢᠩᠭᠡᠭᠡᠬᠦ ᠴᠢᠳᠠᠯ ᠲᠠᠢ᠃ ᠭᠣᠣᠯᠳᠠᠭᠤ ᠬᠡᠢ ᠡᠴᠡ ᠪᠣᠯᠵᠤ ᠰᠢᠩᠭᠡᠭᠡᠯᠲᠡ ᠮᠠᠭᠤᠳᠠᠬᠤ᠂ ᠪᠠᠮ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄荨麻 (麻叶荨麻) (狭叶荨麻)
ᠠᠩᠭ᠌ᠯᠢ ᠨᠡᠷ᠎ᠡ᠄Urtica cannabina L. (Urtiea angustifolia Fiseh ex Hornem)
ᠦᠰᠦᠭ ᠠᠮᠢᠯᠠᠭᠤᠯᠤᠭᠴᠢ᠄ ᠲᠤᠶᠠᠭ᠎ᠠ
ᠬᠢᠨᠠᠭᠴᠢ᠄ ᠤᠷᠠᠨᠴᠢᠮᠡᠭ
