ᠬᠣᠨᠢᠨ ᠡᠪᠡᠷ ᠴᠡᠴᠡᠭХонин эвэр цэцэгKhonin ever tsetseg
ᠬᠣᠨᠢᠨ ᠡᠪᠡᠷ ᠴᠡᠴᠡᠭ
ᠲᠤᠰ ᠡᠮ ᠪᠣᠯ ᠣᠷᠬᠣᠳᠠᠢ ᠶ᠋ᠢᠨ ᠢᠵᠠᠭᠤᠷ ᠤ᠋ᠨ ᠤᠷᠭᠤᠮᠠᠯ ᠪᠣᠯᠬᠤ ᠪᠣᠷᠣ ᠬᠣᠨᠢᠨ ᠡᠪᠡᠷ ᠴᠡᠴᠡᠭ ᠦ᠋ᠨ ᠬᠠᠲᠠᠭᠠᠭᠰᠠᠨ ᠴᠡᠴᠡᠭ ᠪᠦᠬᠦᠢ ᠡᠪᠡᠰᠦ ᠮᠥᠨ᠃ ᠪᠠᠰᠠ ᠯᠥ᠋ᠭ᠌ᠷᠥ᠋ᠮᠥ᠋ᠭ᠌ᠪᠣ᠂ ᠮᠦᠭᠪᠣᠲ᠋ᠡᠯᠳᠧᠷᠢ᠂ ᠪᠣᠷᠣ ᠯᠦᠭᠷᠦ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃30~70cm ᠥᠨᠳᠥᠷ᠂ ᠡᠰᠢ ᠨᠢ ᠰᠢᠯᠤᠭᠤᠨ᠃ ᠮᠠᠰᠢ ᠣᠯᠠᠨ ᠨᠠᠷᠢᠨ ᠰᠢᠷᠬᠡᠭ ᠰᠢᠭ ᠦᠨᠳᠦᠰᠦ ᠲᠡᠢ᠃ ᠡᠰᠢ ᠨᠢ ᠲᠤᠷᠤᠭ ᠪᠦᠳᠦᠭᠦᠨ᠂ ᠭᠣᠣᠯ ᠨᠢ ᠬᠥᠨᠳᠡᠢ᠂ ᠳᠥᠷᠪᠡᠯᠵᠢᠨ ᠪᠥᠭᠡᠳ ᠢᠷᠮᠡᠭ ᠲᠡᠢ᠃ ᠨᠠᠪᠴᠢ ᠨᠢ ᠴᠤᠪᠤᠷᠠᠨ ᠤᠷᠭᠤᠬᠤ ᠪᠤᠶᠤ ᠬᠠᠶᠠ ᠳ᠋ᠠᠭᠠᠨ ᠴᠢᠭᠲᠠᠯᠠᠨ᠎ᠠ᠂ ᠥᠨᠳᠡᠭᠡᠯᠵᠢᠨ ᠡᠴᠡ ᠤᠷᠲᠤ ᠲᠣᠭᠣᠷᠢᠭ ᠰᠢᠭ᠋ ᠬᠠᠪᠲᠠᠭᠠᠢ ᠲᠡᠪᠡᠨᠡ ᠬᠡᠯᠪᠡᠷᠢ ᠲᠡᠢ᠂2.5~5.5cm ᠤᠷᠲᠤ᠂1~2cm ᠥᠷᠭᠡᠨ᠂ ᠱᠣᠪᠲᠣᠭᠣᠷ ᠦᠵᠦᠭᠦᠷ ᠲᠡᠢ᠂ ᠥᠷᠭᠡᠨ ᠱᠠᠭᠠᠨᠲᠠᠭ ᠪᠤᠶᠤ ᠲᠣᠭᠣᠷᠢᠭ ᠤᠭ ᠲᠠᠢ᠂ ᠮᠣᠬᠣᠭᠣ ᠳᠠᠪᠬᠤᠷ ᠬᠢᠷᠥᠭᠡᠨ ᠰᠢᠳᠢᠲᠦ ᠬᠥᠪᠡᠭᠡ ᠲᠡᠢ᠂ ᠬᠣᠶᠠᠷ ᠲᠠᠯ᠎ᠠ ᠳ᠋ᠤᠨᠢ ᠦᠰᠦ ᠦᠭᠡᠢ ᠪᠤᠶᠤ ᠰᠡᠢᠷᠡᠭ ᠦᠰᠦ ᠲᠡᠢ᠂ ᠨᠠᠪᠴᠢ ᠨᠢ ᠣᠬᠣᠷ ᠪᠠᠷᠢᠭᠤᠯ ᠲᠠᠢ᠃ ᠴᠡᠴᠡᠭ ᠨᠢ ᠡᠰᠢ᠂ ᠰᠠᠯᠠᠭ᠎ᠠ ᠶ᠋ᠢᠨ ᠳᠡᠭᠡᠷ᠎ᠡ ᠬᠡᠰᠡᠭ ᠦ᠋ᠨ ᠨᠠᠪᠴᠢᠨ ᠥᠪᠥᠷ ᠲᠦ᠍ ᠳᠡᠯᠭᠡᠷᠡᠨ᠎ᠡ᠃ ᠴᠡᠴᠡᠭ ᠦ᠋ᠨ ᠲᠣᠭᠳᠣᠢ ᠨᠢ ᠤᠷᠲᠤ ᠥᠨᠳᠡᠭᠡᠯᠵᠢᠨ ᠲᠣᠭᠣᠷᠢᠭ ᠬᠡᠯᠪᠡᠷᠢ ᠲᠡᠢ᠂ ᠡᠮᠦᠨ᠎ᠡ ᠲᠠᠯ᠎ᠠ ᠳ᠋ᠤᠨᠢ ᠭᠦᠨ ᠣᠨᠢ ᠲᠠᠢ᠂2 ᠬᠡᠷᠴᠢᠶᠡᠰᠦ ᠣᠨᠢ ᠲᠠᠢ᠂ ᠴᠡᠴᠡᠭ ᠦ᠋ᠨ ᠳᠡᠯᠪᠢ ᠨᠢ2~2.5cm ᠤᠷᠲᠤ᠂ ᠪᠣᠷᠣᠪᠲᠤᠷ ᠤᠯᠠᠭᠠᠨ᠂ ᠴᠡᠴᠡᠭ ᠦ᠋ᠨ ᠳᠡᠯᠪᠢ ᠶ᠋ᠢᠨ ᠬᠣᠭᠣᠯᠠᠢ ᠨᠢ ᠪᠠᠷᠠᠭᠤᠨᠰᠢ ᠪᠠᠨ ᠮᠤᠰᠬᠢᠷᠠᠯᠳᠤᠨᠠ᠃ ᠳᠡᠭᠡᠳᠦ ᠤᠷᠤᠭᠤᠯ ᠨᠢ ᠳᠤᠭᠤᠯᠠᠭ᠎ᠠ ᠰᠢᠭ᠋᠂ ᠠᠷᠤᠨᠰᠢ ᠪᠠᠨ ᠮᠤᠰᠬᠢᠷᠠᠨ᠎ᠠ᠃ ᠳᠣᠣᠷᠠᠲᠤ ᠤᠷᠤᠭᠤᠯ ᠨᠢ ᠲᠣᠮᠣ᠂ ᠢᠷᠮᠡᠭ ᠦᠰᠦ ᠲᠡᠢ᠂3 ᠣᠨᠢ ᠲᠠᠢ᠂ ᠳᠤᠮᠳᠠᠬᠢ ᠰᠡᠵᠢᠭᠦᠷ ᠢᠯᠲᠠᠰᠤ ᠨᠢ ᠨᠡᠯᠢᠶᠡᠳ ᠵᠢᠵᠢᠭ᠃ ᠡᠷ᠎ᠡ ᠲᠣᠭᠣᠷᠴᠣᠭ ᠤ᠋ᠨ ᠳᠣᠬᠢᠭᠤᠷ ᠤ᠋ᠨ ᠡᠮᠦᠨ᠎ᠡ1 ᠬᠣᠣᠰ ᠨᠢ ᠬᠣᠰᠢᠭᠤ ᠠ᠋ᠴᠠ ᠪᠠᠨ ᠴᠤᠬᠤᠢᠵᠤ ᠭᠠᠷᠳᠠᠭ᠃ ᠬᠣᠩᠭᠣᠷᠴᠣᠭᠲᠤ ᠵᠢᠮᠢᠰ ᠨᠢ ᠬᠠᠵᠠᠭᠠᠢᠪᠲᠤᠷ ᠤᠷᠲᠤᠯᠵᠢᠨ ᠪᠥᠭᠡᠷᠡᠩᠬᠡᠢ ᠰᠢᠭ ᠬᠠᠪᠲᠠᠭᠠᠢ ᠲᠡᠪᠡᠨᠡ ᠬᠡᠯᠪᠡᠷᠢ ᠲᠡᠢ᠂1~1.5cm ᠤᠷᠲᠤ᠃6~8 ᠳ᠋ᠤᠭᠠᠷ ᠰᠠᠷ᠎ᠠ ᠳ᠋ᠤ᠌ ᠴᠡᠴᠡᠭᠯᠡᠵᠦ᠂7~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠡᠪᠡᠰᠦᠯᠢᠭ ᠭᠠᠵᠠᠷ᠂ ᠣᠢ ᠶ᠋ᠢᠨ ᠬᠥᠪᠡᠭᠡ ᠪᠡᠷ ᠤᠷᠭᠤᠨ᠎ᠠ᠃ ᠬᠠᠷᠠᠮᠦ᠋ᠷᠡᠨ᠂ ᠬᠢᠷᠢᠨ᠂ ᠯᠢᠶᠣᠤᠨᠢᠩ᠂ ᠥᠪᠥᠷ ᠮᠣᠩᠭᠣᠯ᠂ ᠾᠧᠪᠧᠢ᠂ ᠱᠠᠨ ᠰᠢ᠂ ᠱᠠᠨᠰᠢ᠂ ᠭᠠᠨᠰᠦ᠂ ᠱᠠᠨᠳᠦ᠋ᠩ᠂ ᠠᠨᠾᠥ᠋ᠢ᠂ ᠰᠧᠴᠤᠸᠠᠨ᠂ ᠭᠦᠢᠵᠧᠦ ᠵᠡᠷᠭᠡ ᠮᠣᠵᠢ ᠣᠷᠣᠨ ᠳ᠋ᠤ᠌ ᠲᠠᠷᠬᠠᠴᠠ ᠲᠠᠢ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠃ ᠰᠡᠷᠢᠭᠦᠨ ᠴᠢᠨᠠᠷ ᠲᠠᠢ᠃ ᠮᠣᠬᠣᠳᠠᠭ᠂ ᠬᠠᠭᠤᠷᠠᠢ᠂ ᠬᠥᠩᠭᠡᠨ᠂ ᠡᠶᠡᠯᠳᠡᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠠᠷᠨᠢᠭᠰᠠᠨ ᠬᠣᠣᠷ ᠢ᠋ ᠬᠤᠷᠢᠶᠠᠬᠤ ᠴᠢᠳᠠᠯ ᠲᠠᠢ᠃ ᠭᠣᠣᠯᠳᠠᠭᠤ ᠬᠠᠷᠠᠭ᠎ᠠ ᠪᠠᠯᠠᠷᠠᠬᠤ᠂ ᠬᠣᠳᠣᠭᠣᠳᠣ ᠬᠥᠭᠡᠭᠡᠵᠦ ᠴᠠᠩᠬ᠎ᠠ ᠮᠡᠲᠦ ᠡᠪᠡᠳᠬᠦ᠂ ᠳᠠᠭᠤ ᠰᠥᠭᠡᠬᠦ᠂ ᠤᠬᠠᠭᠠᠨ ᠪᠤᠳᠤᠩᠭᠤᠢᠷᠠᠬᠤ᠂ ᠲᠣᠯᠣᠭᠠᠢ ᠡᠷᠭᠢᠬᠦ ᠮᠡᠲᠦ ᠶ᠋ᠢᠨ ᠮᠢᠬᠠᠨ ᠤ᠋ ᠬᠣᠣᠷ ᠡᠪᠡᠳᠴᠢᠨ ᠪᠠ ᠮᠢᠬᠠᠨ ᠤ᠋ ᠬᠣᠣᠷ ᠰᠤᠳᠠᠯ ᠳ᠋ᠤ᠌ ᠭᠦᠶᠦᠭᠰᠡᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄马先蒿(返顾马先蒿)
ᠠᠩᠭ᠌ᠯᠢ ᠨᠡᠷ᠎ᠡ᠄Pedicularis resupinata L.
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠲᠤᠶᠠᠭ᠎ᠠ
