ᠲᠥᠯᠥᠪᠯᠡᠭᠡ  ᠶ᠋ᠢᠨ ᠴᠢᠬᠤᠯᠠ ᠴᠢᠨᠠᠷ- ᠬᠣᠨᠢᠴᠢᠨ ᠦᠯᠵᠡᠢᠰᠦ᠋ᠷᠥᠩ Төлөвлөөгийн чухал чанар- Хоньчин Өлзийсүрэн ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠥᠯᠥᠪᠯᠡᠭᠡ  ᠶ᠋ᠢᠨ ᠴᠢᠬᠤᠯᠠ ᠴᠢᠨᠠᠷ- ᠬᠣᠨᠢᠴᠢᠨ ᠦᠯᠵᠡᠢᠰᠦ᠋ᠷᠥᠩ Төлөвлөөгийн чухал чанар- Хоньчин Өлзийсүрэн

ᠲᠥᠯᠥᠪᠯᠡᠭᠡ  ᠶ᠋ᠢᠨ ᠴᠢᠬᠤᠯᠠ ᠴᠢᠨᠠᠷ- ᠬᠣᠨᠢᠴᠢᠨ ᠦᠯᠵᠡᠢᠰᠦ᠋ᠷᠥᠩ Төлөвлөөгийн чухал чанар- Хоньчин Өлзийсүрэн

2025-07-24

463

      ᠵᠣᠬᠢᠶᠠᠯᠴᠢ᠄ ᠳ᠋ᠣᠺᠲ᠋ᠣᠷ ᠬᠣᠨᠢᠴᠢᠨ ᠦᠯᠵᠡᠢᠰᠦ᠋ᠷᠥᠩ 

ᠲᠥᠯᠥᠪᠯᠡᠭᠡ ᠭᠡᠵᠦ ᠶᠠᠭᠤ ᠪᠣᠢ᠂ ᠶᠠᠭᠤᠨ ᠳ᠋ᠤ᠌ ᠪᠢᠳᠡᠨ ᠲᠥᠯᠥᠪᠯᠡᠭᠡ ᠲᠣᠭᠲᠠᠭᠠᠬᠤ ᠱᠠᠭᠠᠷᠳᠠᠯᠭ᠎ᠠ ᠲᠠᠢ ᠪᠣᠢ᠂ ᠲᠥᠯᠥᠪᠯᠡᠭᠡ  ᠪᠡᠨ ᠶᠠᠭᠠᠬᠢᠵᠤ ᠬᠢᠬᠦ ᠪᠣᠢ ᠡᠳᠡᠭᠡᠷ ᠠᠰᠠᠭᠤᠳᠠᠯ ᠢ᠋ ᠣᠢᠯᠠᠭᠠᠭᠰᠠᠨ ᠤ᠋ ᠰᠠᠭᠤᠷᠢᠨ ᠳᠡᠭᠡᠷ᠎ᠡ ᠪᠢᠳᠡ ᠲᠥᠯᠥᠪᠯᠡᠭᠡ ᠪᠢᠴᠢᠬᠦ ᠶ᠋ᠢᠨ ᠴᠢᠬᠤᠯᠠ ᠴᠢᠨᠠᠷ ᠢ᠋ ᠣᠢᠯᠭᠠᠵᠤ ᠮᠡᠳᠡᠬᠦ ᠪᠣᠯᠤᠨ᠎ᠠ᠃ ᠡᠨᠡ ᠤᠳᠠᠭᠠᠨ ᠤ᠋ ᠬᠢᠴᠢᠶᠡᠯ ᠳ᠋ᠦ᠍ ᠲᠥᠯᠥᠪᠯᠡᠭᠡ ᠪᠢᠴᠢᠬᠦ ᠶ᠋ᠢᠨ ᠴᠢᠬᠤᠯᠠ ᠴᠢᠨᠠᠷ ᠤ᠋ᠨ ᠲᠠᠯ᠎ᠠ ᠪᠠᠷ ᠪᠣᠳᠠᠲᠠᠢ ᠶᠠᠷᠢᠬᠤ ᠪᠣᠯᠤᠨ᠎ᠠ᠃  
ᠲᠥᠯᠥᠪᠯᠡᠭᠡ ᠭᠡᠳᠡᠭ ᠪᠣᠯ ᠄ 《ᠬᠡᠨ᠂ ᠶᠠᠭᠤ ᠶ᠋ᠢ᠂ ᠬᠡᠵᠢᠶ᠎ᠡ ᠪᠣᠯᠲᠠᠯ᠎ᠠ ᠬᠠᠮᠢᠭ᠎ᠠ ᠶᠠᠭᠠᠬᠢᠵᠤ ᠬᠢᠬᠦ ᠪᠣᠢ? »ᠭᠡᠳᠡᠭ ᠠᠰᠠᠭᠤᠳᠠᠯ ᠪᠣᠯᠬᠤ  ᠶᠤᠮ᠃ ᠡᠭᠦᠨ ᠳ᠋ᠦ᠍ ᠪᠣᠳᠠᠲᠠᠢ ᠡᠵᠡᠨ ᠪᠡᠶ᠎ᠡ᠂ ᠪᠣᠳᠠᠲᠠᠢ ᠠᠵᠢᠯ ᠤ᠋ᠨ ᠴᠠᠭ ᠵᠢᠴᠢ ᠪᠣᠳᠠᠲᠠᠢ ᠠᠷᠭ᠎ᠠ ᠪᠠᠷᠢᠯ ᠬᠡᠨ ᠨᠢᠭᠡ ᠠᠵᠢᠯ ᠢ᠋ ᠬᠢᠬᠦ ᠳ᠋ᠦ᠍ ᠪᠣᠳᠠᠲᠠᠢ ᠱᠠᠭᠠᠷᠳᠠᠭᠳᠠᠬᠤ ᠵᠦᠢᠯ ᠦ᠋ᠳ ᠨᠢᠭᠡᠳ ᠨᠢᠭᠡ ᠦᠭᠡᠢ ᠬᠣᠯᠪᠣᠭᠳᠠᠵᠤ ᠪᠠᠢᠳᠠᠭ᠃ ᠶᠠᠭ ᠡᠢᠮᠦ ᠡᠴᠡ ᠮᠠᠨ ᠤ᠋ ᠬᠥᠮᠦᠨ ᠪᠦᠷᠢ  ᠶ᠋ᠢᠨ ᠠᠵᠢᠯ ᠠᠮᠢᠳᠤᠷᠠᠯ ᠤ᠋ᠨ ᠵᠣᠷᠢᠯᠲᠠ ᠬᠠᠷᠠᠯᠲᠠ ᠵᠢᠴᠢ ᠶᠠᠪᠤᠴᠠ ᠲᠠᠢ ᠯᠠ ᠰᠢᠭᠤᠳ ᠬᠣᠯᠪᠣᠭ᠎ᠠ ᠲᠠᠢ ᠵᠦᠢᠯ ᠪᠣᠯᠬᠤ ᠶᠤᠮ᠃ ᠪᠢᠳᠡ ᠥᠪᠡᠷ ᠦ᠋ᠨ ᠡᠷᠬᠢᠯᠡᠵᠦ ᠪᠠᠢᠭ᠎ᠠ ᠠᠵᠢᠯ ᠢ᠋ᠶ᠋ᠠᠨ᠂ ᠬᠢᠬᠦ ᠭᠡᠵᠦ ᠪᠠᠢᠭ᠎ᠠ ᠵᠦᠢᠯ ᠢ᠋ᠶ᠋ᠡᠨ ᠶᠠᠭᠠᠬᠢᠵᠤ ᠠᠮᠵᠢᠯᠲᠠ ᠳ᠋ᠤ᠌ ᠬᠦᠷᠭᠡᠬᠦ ᠪᠣᠢ᠂ ᠡᠭᠦᠨ  ᠦ᠌ ᠲᠥᠯᠥᠭᠡ ᠶᠠᠭᠤ ᠶᠠᠭᠤ ᠶ᠋ᠢ ᠶᠠᠭᠠᠬᠢᠵᠤ ᠬᠢᠬᠦ ᠪᠣᠢ ᠭᠡᠳᠡᠭ ᠪᠣᠳᠠᠲᠠᠢ ᠠᠵᠢᠯ ᠤ᠋ᠨ ᠲᠥᠯᠥᠪᠯᠡᠭᠡ ᠲᠡᠢ ᠪᠠᠢᠪᠠᠯ ᠠᠮᠵᠢᠯᠲᠠ ᠳ᠋ᠤ᠌ ᠠᠮᠠᠷᠬᠠᠨ ᠬᠦᠷᠭᠡᠳᠡᠭ᠃ ᠤᠴᠢᠷ ᠨᠢ ᠲᠥᠯᠥᠪᠯᠡᠭᠡ ᠪᠢᠴᠢᠬᠦ ᠶᠠᠪᠤᠴᠠ ᠳ᠋ᠤ᠌ ᠠᠵᠢᠯ  ᠤ᠋ᠨ ᠵᠣᠷᠢᠯᠲᠠ ᠬᠠᠷᠠᠯᠲᠠ ᠢᠯᠡᠭᠦᠦ ᠲᠣᠳᠣᠷᠬᠠᠢ ᠪᠣᠳᠠᠲᠠᠢ ᠪᠣᠯᠵᠤ ᠢᠷᠡᠳᠡᠭ᠃ ᠡᠢᠮᠦ ᠡᠴᠡ ᠲᠥᠯᠥᠪᠯᠡᠭᠡ ᠪᠢᠴᠢᠬᠦ ᠨᠢ ᠵᠣᠷᠢᠯᠲᠠ ᠪᠠᠨ  ᠪᠢᠴᠢᠬᠦ ᠳ᠋ᠦ᠍ ᠵᠠᠪᠠᠯ ᠶᠠᠪᠤᠬᠤ ᠠᠯᠬᠤᠮ ᠪᠣᠯᠤᠨ᠎ᠠ᠃ ᠳᠣᠣᠷ᠎ᠠ ᠪᠢᠳᠡ ᠲᠥᠯᠥᠪᠯᠡᠭᠡ ᠪᠢᠴᠢᠬᠦ ᠶ᠋ᠢᠨ ᠪᠣᠳᠠᠲᠠᠢ ᠠᠴᠢ ᠬᠣᠯᠪᠣᠭᠳᠠᠯ ᠬᠢᠭᠡᠳ ᠠᠯᠬᠤᠮ ᠳᠠᠷᠠᠭ᠎ᠠ ᠲᠠᠢ ᠲᠠᠨᠢᠯᠴᠠᠶ᠎ᠠ᠃ 
ᠲᠥᠯᠥᠪᠯᠡᠭᠡ ᠪᠢᠴᠢᠬᠦ ᠶ᠋ᠢᠨ ᠠᠴᠢ ᠬᠣᠯᠪᠣᠭᠳᠠᠯ ᠄ 
ᠵᠣᠷᠢᠯᠲᠠ ᠪᠠᠨ ᠠᠮᠢᠯᠠᠭᠤᠯᠬᠤ ᠬᠥᠮᠦᠨ ᠪᠦᠬᠦᠨ ᠳ᠋ᠦ᠍ ᠥᠪᠡᠷ ᠦ᠋ᠨ ᠬᠢᠨᠢ ᠡᠳᠦᠷ ᠦ᠋ᠨ᠂ ᠰᠠᠷ᠎ᠠ ᠶ᠋ᠢᠨ᠂ ᠵᠢᠯ ᠦ᠋ᠨ ᠭᠡᠳ ᠣᠯᠠᠨ ᠣᠯᠠᠨ ᠠᠵᠢᠯ ᠠᠮᠢᠳᠤᠷᠠᠯ ᠤ᠋ᠨ ᠵᠣᠷᠢᠯᠲᠠ ᠬᠠᠷᠠᠯᠲᠠ ᠪᠠᠶᠢᠳᠠᠭ᠃ ᠭᠡᠬᠦ  ᠳ᠋ᠡᠭᠡᠨ ᠪᠢᠳᠡ ᠵᠥᠪᠬᠡᠨ ᠪᠣᠳᠣᠭᠠᠳ ᠵᠣᠷᠢᠯᠲᠠ ᠪᠠᠨ ᠪᠡᠶᠡᠯᠡᠭᠦᠯᠵᠦ ᠴᠢᠳᠠᠬᠤ ᠦᠭᠡᠢ ᠨᠢ ᠯᠠᠪᠲᠠᠢ᠂ ᠬᠠᠷᠢᠨ ᠪᠣᠳᠠᠲᠠᠢ ᠵᠣᠷᠢᠯᠲᠠ  ᠳ᠋ᠠᠭᠠᠨ ᠬᠦᠷᠬᠦ ᠠᠵᠢᠯ ᠤ᠋ᠨ ᠲᠥᠯᠥᠪᠯᠡᠭᠡ ᠪᠠᠢᠪᠠᠯ ᠵᠣᠷᠢᠯᠲᠠ ᠮᠠᠨᠢ ᠢᠯᠡᠭᠦᠦ ᠲᠣᠳᠣᠷᠬᠠᠢ ᠪᠣᠯᠵᠤ᠂ ᠪᠡᠶᠡᠯᠡᠭᠳᠡᠬᠦ ᠪᠣᠯᠤᠮᠵᠢ ᠨᠢ ᠥᠨᠳᠥᠷ ᠪᠣᠯᠳᠠᠭ ᠠ᠋ᠴᠠ ᠦᠨᠡᠨ ᠶᠣᠰᠣᠨ ᠳ᠋ᠠᠭᠠᠨ ᠪᠣᠳᠠᠲᠠᠢ ᠠᠵᠢᠯ ᠤ᠋ᠨ ᠲᠥᠯᠥᠪᠯᠡᠭᠡ ᠪᠢᠴᠢᠬᠦ ᠪᠡᠷ ᠳᠠᠮᠵᠢᠨ ᠵᠣᠷᠢᠯᠲᠠ ᠴᠢᠨᠢ ᠠᠮᠢᠯᠠᠵᠤ ᠴᠢᠳᠠᠬᠤ ᠶᠠᠪᠤᠳᠠᠯ ᠪᠣᠯᠬᠤ ᠶᠤᠮ᠃ 
ᠠᠵᠢᠯ ᠤ᠋ᠨ ᠨᠠᠷᠢᠨ ᠠᠯᠬᠤᠮ ᠳᠠᠷᠠᠭ᠎ᠠ ᠲᠠᠢ ᠪᠣᠯᠬᠤ — ᠵᠣᠷᠢᠯᠲᠠ ᠶ᠋ᠢᠨ ᠢ᠋ᠶ᠋ᠡᠨ ᠲᠥᠯᠥᠭᠡ ᠲᠥᠯᠥᠪᠯᠡᠭᠡ ᠪᠢᠴᠢᠨ᠎ᠡ ᠭᠡᠳᠡᠭ ᠪᠣᠯ ᠵᠣᠷᠢᠯᠲᠠ ᠶ᠋ᠢᠨ ᠢ᠋ᠶ᠋ᠡᠨ ᠲᠥᠯᠥᠭᠡ ᠬᠢᠬᠦ ᠵᠦᠢᠯ᠂ ᠨᠠᠷᠢᠨ ᠪᠣᠳᠠᠲᠠᠢ ᠬᠢᠬᠦ ᠶᠠᠪᠤᠴᠠ ᠪᠠᠨ ᠪᠢᠴᠢᠬᠦ ᠶᠠᠪᠤᠴᠠ ᠪᠣᠯᠬᠤ ᠶᠤᠮ᠃ ᠪᠢᠳᠡ ᠡᠭᠦᠨ ᠢ᠋ ᠪᠡᠨ ᠪᠢᠴᠢᠬᠦ ᠶᠠᠪᠤᠴᠠ ᠳ᠋ᠠᠭᠠᠨ ᠡᠨᠡ ᠠᠵᠢᠯ ᠢ᠋ ᠬᠡᠵᠢᠶ᠎ᠡ ᠶᠠᠭᠠᠬᠢᠵᠤ ᠬᠢᠨ᠎ᠡ ᠭᠡᠳᠡᠭ ᠳᠡᠭᠡᠷ᠎ᠡ ᠪᠣᠳᠠᠲᠠᠢ ᠳᠡᠰ ᠳᠠᠷᠠᠭ᠎ᠠ ᠲᠠᠢ ᠪᠣᠯᠵᠤ ᠴᠢᠳᠠᠨ᠎ᠠ᠃ 
ᠴᠠᠭ ᠬᠤᠭᠤᠴᠠᠭ᠎ᠠ ᠪᠠᠨ ᠬᠡᠮᠨᠡᠬᠦ — ᠨᠢᠭᠡ ᠠᠵᠢᠯ ᠢ᠋ ᠬᠡᠵᠢᠶ᠎ᠡ ᠶᠠᠭᠠᠬᠢᠵᠤ ᠬᠢᠬᠦ ᠪᠡᠨ ᠮᠡᠳᠡᠭᠰᠡᠨ ᠦᠶ᠎ᠡ ᠳ᠋ᠦ᠍ ᠪᠢᠳᠡ ᠮᠠᠰᠢ ᠲᠦᠷᠭᠡᠨ ᠢ᠋ᠶ᠋ᠡᠷ ᠠᠵᠢᠯ ᠢ᠋ᠶ᠋ᠠᠨ ᠬᠢᠵᠦ ᠤᠷᠤᠭᠰᠢᠯᠠᠭᠤᠯᠵᠤ ᠴᠢᠳᠠᠳᠠᠭ᠂ ᠡᠨᠡ ᠨᠢ ᠪᠢᠳᠡᠨ ᠳ᠋ᠦ᠍ ᠴᠠᠭ ᠬᠤᠭᠤᠴᠠᠭᠠᠨ ᠤ᠋ ᠬᠤᠪᠢ ᠳ᠋ᠤ᠌ ᠮᠠᠰᠢ ᠶᠡᠬᠡ ᠬᠡᠮᠨᠡᠯᠲᠡ ᠠᠪᠴᠢᠷᠠᠳᠠᠭ᠃ ᠥᠭᠡᠷ᠎ᠡ ᠪᠡᠷ ᠬᠡᠯᠡᠪᠡᠯ ᠪᠢᠳᠡᠵᠣᠷᠢᠯᠲᠠ ᠪᠠᠨ ᠪᠡᠶᠡᠯᠡᠭᠦᠯᠬᠦ ᠳ᠋ᠦ᠍ ᠢᠯᠡᠭᠦᠦ ᠣᠢᠷᠬᠠᠨ ᠪᠣᠯᠤᠭᠰᠠᠨ ᠭᠡᠰᠡᠨ ᠦᠭᠡ ᠶᠦᠮ᠃ 
ᠪᠡᠯᠡ ᠮᠥᠩᠭᠥ ᠪᠡᠨ ᠬᠡᠮᠨᠡᠬᠦ — ᠠᠵᠢᠯ ᠬᠢᠬᠦ ᠶᠠᠪᠤᠴᠠ ᠳ᠋ᠤ᠌ ᠴᠠᠭ ᠢ᠋ᠶ᠋ᠠᠨ ᠬᠡᠮᠨᠡᠵᠦ ᠴᠢᠳᠠᠨ᠎ᠠ ᠭᠡᠳᠡᠭ ᠪᠣᠯ ᠲᠣᠭᠣᠷᠢᠭᠤ ᠵᠠᠮ ᠶᠠᠪᠤᠬᠤ ᠦᠭᠡᠢ᠂ ᠥᠪᠡᠷ ᠦ᠋ᠨ ᠵᠣᠷᠢᠯᠲᠠ ᠶ᠋ᠢᠨ ᠢ᠋ᠶ᠋ᠡᠨ ᠲᠥᠯᠥᠭᠡ ᠮᠡᠬᠡᠢ ᠪᠣᠳᠠᠲᠠᠢ ᠠᠯᠬᠤᠮ ᠤ᠋ᠳ ᠢ᠋ ᠬᠢᠵᠦ᠂ ᠢᠯᠡᠭᠦᠴᠡ ᠵᠦᠢᠯ ᠡᠴᠡ ᠵᠠᠢᠯᠠᠵᠤ  ᠴᠢᠳᠠᠭᠰᠠᠨ ᠢ᠋ᠶ᠋ᠠᠷ ᠢ᠋ᠶ᠋ᠠᠨ ᠠᠵᠢᠯ ᠤ᠋ᠨ ᠶᠠᠪᠤᠴᠠ ᠳ᠋ᠤ᠌᠂ ᠣᠨᠴᠠᠭᠠᠢᠯᠠᠨ ᠨᠢᠭᠡᠨ ᠠᠵᠢᠯ ᠦᠢᠯᠡᠰ ᠡᠷᠬᠢᠯᠡᠬᠦ ᠶᠠᠪᠤᠴᠠ ᠳ᠋ᠤ᠌ ᠮᠠᠰᠢ ᠶᠡᠬᠡ ᠬᠥᠷᠥᠩᠭᠡ ᠮᠥᠩᠭᠥ ᠶ᠋ᠢ ᠬᠡᠮᠨᠡᠵᠦ ᠴᠢᠳᠠᠳᠠᠭ ᠢ᠋ᠶ᠋ᠠᠷ ᠢ᠋ᠶ᠋ᠠᠨ ᠲᠥᠯᠥᠪᠯᠡᠭᠡ ᠪᠢᠴᠢᠬᠦ ᠨᠢ ᠲᠠ ᠪᠢᠳᠡᠨ ᠳ᠋ᠦ᠍ ᠶᠠᠭᠤ ᠶᠠᠭᠤᠨ ᠠ᠋ᠴᠠ ᠴᠢᠬᠤᠯᠠ ᠵᠦᠢᠯ ᠪᠣᠯᠤᠭᠰᠠᠨ᠃ 
ᠲᠥᠯᠥᠪᠯᠡᠭᠡ ᠪᠢᠴᠢᠬᠦ ᠪᠣᠳᠠᠲᠠᠢ ᠠᠯᠬᠤᠮ ᠳᠠᠷᠠᠭ᠎ᠠ ᠄ 
ᠵᠣᠷᠢᠯᠲᠠ ᠪᠠᠨ ᠲᠣᠭᠲᠠᠭᠠᠬᠤ —  ᠪᠢᠳᠡ ᠡᠳᠦᠷ ᠳᠣᠳᠣᠮ  ᠤ᠋ᠨ ᠠᠮᠢᠳᠤᠷᠠᠯ ᠳ᠋ᠠᠭᠠᠨ ᠮᠠᠰᠢ ᠣᠯᠠᠨ ᠵᠣᠷᠢᠯᠲᠠ ᠡᠪᠦᠷᠯᠡᠵᠦ ᠶᠠᠪᠤᠳᠠᠭ᠂ ᠭᠡᠬᠦ ᠳ᠋ᠡᠭᠡᠨ ᠪᠢᠳᠡ ᠡᠨᠡ ᠪᠦᠭᠦᠳᠡ ᠶ᠋ᠢ ᠬᠢᠵᠦ ᠴᠢᠳᠠᠳᠠᠭ ᠦᠭᠡᠢ᠃ ᠬᠠᠷᠢᠨ ᠲᠡᠭᠦᠨ ᠦ᠌ ᠳᠤᠮᠳᠠ ᠠ᠋ᠴᠠ ᠶᠠᠭ ᠬᠢᠶ᠎ᠡ ᠭᠡᠰᠡᠨ ᠵᠦᠢᠯ ᠢ᠋ᠶ᠋ᠡᠨ᠂ ᠬᠢᠵᠦ ᠪᠣᠯᠬᠤ ᠪᠣᠯᠤᠮᠵᠢ ᠲᠠᠢ ᠵᠣᠷᠢᠯᠲᠠ ᠪᠠᠨ ᠰᠣᠩᠭᠣᠨ ᠠᠪᠴᠤ ᠬᠠᠷᠠᠯᠲᠠ ᠪᠠᠨ ᠲᠣᠳᠣ ᠪᠣᠯᠭᠠᠨ ᠲᠥᠯᠥᠪᠯᠡᠭᠡ ᠪᠢᠴᠢᠬᠦ ᠳ᠋ᠡᠭᠡᠨ ᠤᠷᠢᠳᠠᠯ ᠪᠣᠯᠭᠠᠬᠤ ᠬᠡᠷᠡᠭᠲᠡᠢ᠃ 
ᠲᠥᠯᠥᠪᠯᠡᠭᠡ ᠪᠢᠴᠢᠬᠦ —  ᠵᠣᠷᠢᠯᠲᠠ ᠪᠠᠨ ᠲᠣᠳᠣ  ᠪᠣᠯᠭᠠᠭᠰᠠᠨ ᠤ᠋ ᠳᠠᠷᠠᠭ᠎ᠠ ᠪᠢᠳᠡ ᠥᠪᠡᠷ ᠦ᠋ᠨ ᠬᠢᠶ᠎ᠡ ᠭᠡᠵᠦ ᠲᠣᠭᠲᠠᠭᠠᠭᠰᠠᠨ ᠵᠦᠢᠯ ᠢ᠋ᠶ᠋ᠡᠨ ᠬᠡᠷᠬᠢᠨ ᠶᠠᠭᠠᠬᠢᠵᠤ ᠬᠢᠬᠦ ᠲᠠᠯ᠎ᠠ ᠪᠠᠷ ᠵᠣᠷᠢᠯᠲᠠ ᠪᠠᠨ ᠤᠯᠠᠮ ᠲᠣᠳᠣ ᠲᠣᠮᠣᠷᠠᠭᠤᠨ ᠪᠣᠯᠭᠠᠨ᠎ᠠ᠃ ᠢᠩᠭᠢᠵᠦ ᠪᠠᠢᠵᠤ ᠵᠣᠷᠢᠯᠲᠠ ᠴᠢᠨᠢ ᠥᠪᠡᠷ ᠲᠦ᠍ ᠴᠢᠨᠢ ᠦᠵᠡᠭᠳᠡᠵᠦ ᠡᠬᠢᠯᠡᠳᠡᠭ᠃ 
ᠵᠠᠬ᠎ᠠ ᠳᠡᠯᠭᠡᠭᠦᠷ ᠦ᠋ᠨ ᠪᠠᠢᠴᠠᠭᠠᠯᠲᠠ ᠬᠢᠬᠦ — ᠪᠢᠳᠡ ᠪᠢᠴᠢᠭᠰᠡᠨ ᠲᠥᠯᠥᠪᠯᠡᠭᠡ ᠶ᠋ᠢᠨ ᠢ᠋ᠶ᠋ᠡᠨ ᠲᠣᠭᠣᠷᠢᠨ ᠳ᠋ᠤ᠌ ᠵᠠᠬ᠎ᠠ ᠳᠡᠯᠭᠡᠭᠦᠷ  ᠦ᠋ᠨ ᠪᠣᠳᠠᠲᠠᠢ ᠪᠠᠢᠴᠠᠭᠠᠯᠲᠠ ᠬᠢᠵᠦ᠂ ᠲᠥᠯᠥᠪᠯᠡᠭᠡ ᠪᠡᠨ ᠤᠯᠠᠮ ᠨᠢᠭᠡ ᠠᠯᠬᠤᠮ ᠪᠣᠳᠠᠲᠠᠢ ᠲᠠᠢ ᠣᠢᠷᠠᠲᠤᠭᠤᠯᠤᠨ᠎ᠠ᠃ ᠢᠩᠭᠢᠵᠦ ᠪᠠᠢᠵᠤ ᠲᠥᠯᠥᠪᠯᠡᠭᠡ ᠢᠯᠡᠭᠦᠦ ᠤᠯᠠ ᠰᠠᠭᠤᠷᠢ ᠲᠠᠢ ᠪᠣᠯᠵᠤ ᠵᠣᠷᠢᠯᠲᠠ ᠴᠢᠨᠢ ᠪᠡᠶᠡᠯᠡᠭᠳᠡᠬᠦ ᠪᠣᠯᠤᠮᠵᠢ ᠨᠢ ᠥᠨᠳᠥᠷ ᠪᠣᠯᠤᠨ᠎ᠠ᠃ 
ᠡᠳ᠋ ᠦ᠋ᠨ ᠵᠠᠰᠠᠭ ᠤ᠋ᠨ ᠲᠣᠭᠠᠴᠠᠭ᠎ᠠ ᠭᠠᠷᠭᠠᠬᠤ — ᠵᠠᠬ᠎ᠠ ᠳᠡᠯᠭᠡᠭᠦᠷ ᠦ᠋ᠨ ᠢ᠋ᠶ᠋ᠡᠨ ᠪᠠᠢᠴᠠᠭᠠᠯᠲᠠ ᠳ᠋ᠤ᠌ ᠦᠨᠳᠦᠰᠦᠯᠡᠵᠦ᠂ ᠥᠪᠡᠷ ᠦ᠋ᠨ ᠪᠢᠴᠢᠭᠰᠡᠨ ᠲᠥᠯᠥᠪᠯᠡᠭᠡ ᠳ᠋ᠡᠭᠡᠨ ᠪᠣᠳᠠᠲᠠᠢ ᠡᠳ᠋ ᠦ᠋ᠨ ᠵᠠᠰᠠᠭ ᠤ᠋ᠨ ᠲᠣᠭᠠᠴᠠᠭ᠎ᠠ ᠭᠠᠷᠭᠠᠨ᠎ᠠ᠃ ᠥᠭᠡᠷ᠎ᠡ ᠪᠡᠷ ᠬᠡᠯᠡᠪᠡᠯ ᠡᠨᠡ ᠵᠣᠷᠢᠯᠲᠠ  ᠪᠠᠨ ᠪᠡᠶᠡᠯᠡᠭᠦᠯᠬᠦ ᠳ᠋ᠦ᠍ ᠡᠨᠡ ᠲᠥᠯᠥᠪᠯᠡᠭᠡ ᠪᠡᠷ ᠶᠠᠪᠤᠪᠠᠯ ᠬᠠᠮᠢᠭ᠎ᠠ ᠨᠢ ᠬᠢᠷᠢ ᠶᠡᠬᠡ ᠬᠥᠷᠥᠩᠭᠡ ᠮᠥᠩᠭᠥ ᠵᠠᠷᠤᠴᠠᠭᠤᠯᠬᠤ᠂ ᠬᠡᠳᠦᠢ  ᠬᠤᠭᠤᠴᠠᠭᠠᠨ ᠳ᠋ᠤ᠌ ᠪᠤᠴᠠᠭᠠᠨ ᠠᠪᠴᠢᠷᠠᠵᠤ ᠴᠢᠳᠠᠬᠤ᠂ ᠢᠩᠭᠢᠪᠡᠯ ᠠᠰᠢᠭᠲᠠᠢ ᠡᠰᠡᠬᠦ ᠶ᠋ᠢ ᠨᠠᠷᠢᠨ ᠲᠣᠭᠠᠴᠠᠨ ᠲᠥᠯᠥᠪᠯᠡᠭᠡ ᠳ᠋ᠡᠭᠡᠨ ᠣᠷᠣᠭᠤᠯᠬᠤ ᠶᠠᠪᠤᠳᠠᠯ ᠪᠣᠯᠤᠨ᠎ᠠ᠃ 
ᠲᠥᠯᠥᠪᠯᠡᠭᠡ ᠪᠡᠨ ᠵᠠᠯᠠᠵᠤ ᠰᠠᠢᠵᠢᠷᠠᠭᠤᠯᠬᠤ —  ᠪᠢᠳᠡ ᠵᠠᠬ᠎ᠠ ᠳᠡᠯᠭᠡᠭᠦᠷ ᠦ᠋ᠨ ᠪᠠᠢᠴᠠᠭᠠᠯᠲᠠ ᠵᠢᠴᠢ ᠪᠣᠳᠠᠲᠠᠢ ᠡᠳ᠋ ᠦ᠋ᠨ ᠵᠠᠰᠠᠨ  ᠤ᠋ ᠲᠤᠭᠠᠴᠠᠭᠠᠨ ᠳ᠋ᠠᠭᠠᠨ ᠰᠠᠭᠤᠷᠢᠯᠠᠵᠤ ᠥᠪᠡᠷ ᠦ᠋ᠨ ᠪᠢᠴᠢᠭᠰᠡᠨ ᠲᠥᠯᠥᠪᠯᠡᠭᠡ ᠪᠡᠨ ᠤᠯᠠᠮ ᠨᠢᠭᠡ ᠠᠯᠭᠤᠮ ᠵᠠᠯᠠᠨ ᠰᠠᠢᠵᠢᠷᠠᠭᠤᠯᠵᠤ᠂ ᠤᠯᠠᠮ ᠪᠣᠳᠠᠲᠠᠢ ᠪᠣᠯᠭᠠᠨ᠎ᠠ᠃ ᠢᠩᠭᠢᠵᠦ ᠳᠠᠬᠢᠨ ᠳᠠᠪᠲᠠᠨ ᠬᠠᠯᠠᠨ ᠰᠠᠢᠵᠢᠷᠠᠭᠤᠯᠤᠭᠰᠠᠨ ᠲᠥᠯᠥᠪᠯᠡᠭᠡ ᠨᠢ ᠥᠪᠡᠷ ᠢ᠋ ᠴᠢᠨᠢ ᠬᠥᠲᠥᠯᠦᠨ ᠵᠣᠷᠢᠯᠲᠠ ᠳ᠋ᠤ᠌ ᠴᠢᠨᠢ ᠬᠦᠷᠭᠡᠵᠦ ᠥᠭᠳᠡᠭ᠃

ᠲᠥᠯᠥᠪᠯᠡᠭᠡ ᠪᠢᠴᠢᠬᠦ ᠶ᠋ᠢᠨ ᠠᠴᠢ ᠬᠣᠯᠪᠣᠭᠳᠠᠯ ᠵᠢᠴᠢ ᠪᠣᠳᠠᠲᠠᠢ ᠠᠯᠬᠤᠮ ᠳᠠᠷᠠᠭ᠎ᠠ ᠶ᠋ᠢ ᠦᠵᠡᠭᠡᠳ ᠲᠡᠭᠦᠨ ᠦ᠌ ᠴᠢᠬᠤᠯᠠ ᠴᠢᠨᠠᠷ ᠢ᠋ ᠲᠠ ᠨᠠᠷ ᠣᠢᠯᠭᠠᠭᠰᠠᠨ ᠨᠢ ᠯᠠᠪᠲᠠᠢ᠃ ᠳᠠᠷᠠᠭ᠎ᠠ ᠶ᠋ᠢᠨ ᠬᠢᠴᠢᠶᠡᠯ ᠳ᠋ᠡᠭᠡᠨ ᠪᠢᠳᠡ ᠪᠢᠴᠢᠭᠰᠡᠨ ᠲᠥᠯᠥᠪᠯᠡᠭᠡ ᠪᠡᠨ ᠶᠠᠭᠠᠬᠢᠵᠤ ᠬᠡᠷᠡᠭᠵᠢᠭᠦᠯᠬᠦ ᠲᠤᠬᠠᠢ᠂ ᠥᠭᠡᠷ᠎ᠡ ᠪᠡᠷ ᠬᠡᠯᠡᠪᠡᠯ ᠲᠥᠯᠥᠪᠯᠡᠭᠡ ᠡᠴᠡ ᠵᠣᠷᠢᠯᠲᠠ ᠳ᠋ᠠᠭᠠᠨ ᠬᠡᠷᠬᠢᠨ ᠬᠦᠷᠬᠦ ᠲᠤᠬᠠᠢ ᠶᠠᠷᠢᠬᠤ ᠪᠣᠯᠤᠨ᠎ᠠ᠃ 

ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ