ᠬᠠᠷ᠎ᠠ ᠲᠡᠮᠦᠷ ᠳ᠋ᠢᠭᠳᠡХар дамар дэгдKhar damar degd

ᠲᠤᠰ ᠡᠮ ᠪᠣᠯ ᠵᠦᠯᠭᠡᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠦᠰᠦᠲᠦ ᠲᠡᠮᠦᠷ ᠳ᠋ᠢᠭᠳᠡ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠵᠠᠭᠳᠢᠬᠨᠠᠭᠪᠤ᠂ ᠦᠰᠦᠲᠦ ᠲᠡᠮᠦᠷ ᠳ᠋ᠢᠭᠳᠡ ᠭᠡᠳᠡᠭ᠃
[ ᠤᠤᠯ ᠤᠷᠭᠤᠮᠠᠯ] ᠨᠢᠭᠡ ᠨᠠᠰᠤᠲᠤ ᠰᠢᠯᠤᠭᠤᠨ ᠤᠷᠭᠤᠬᠤ ᠡᠪᠡᠰᠦᠯᠢᠭ ᠤᠷᠭᠤᠮᠠᠯ᠃20~50cm ᠥᠨᠳᠥᠷ᠂ ᠦᠨᠳᠦᠰᠦ ᠨᠢ ᠨᠠᠷᠢᠨ ᠤᠷᠲᠤ᠂ ᠪᠥᠭᠡᠷᠡᠩᠬᠡᠢ ᠱᠣᠷᠣᠯᠵᠢᠨ ᠬᠡᠯᠪᠡᠷᠢ ᠲᠡᠢ᠂ ᠰᠠᠯᠠᠭᠠᠯᠠᠨ᠎ᠠ᠃ ᠡᠰᠢ ᠨᠢ4 ᠭᠤᠯᠳᠤ ᠢᠷᠮᠡᠭ ᠲᠡᠢ᠂ ᠮᠥᠯᠢᠭᠡᠷ᠂ ᠦᠰᠦ ᠦᠭᠡᠢ᠂ ᠰᠠᠯᠠᠭᠠᠯᠠᠨ᠎ᠠ᠃ ᠦᠶ᠎ᠡ ᠨᠢ ᠲᠣᠮᠣᠷᠠᠵᠤ ᠨᠠᠪᠴᠢ ᠨᠢ ᠴᠢᠭᠲᠠᠯᠠᠨ᠎ᠠ᠃ ᠪᠦᠰᠡ ᠬᠡᠯᠪᠡᠷᠢ ᠲᠡᠢ᠂2~6cm ᠤᠷᠲᠤ᠂2~4mm ᠥᠷᠭᠡᠨ᠂ ᠱᠣᠪᠲᠣᠭᠣᠷ ᠦᠵᠦᠭᠦᠷ ᠲᠡᠢ᠂ ᠤᠭ ᠳᠠᠬᠢ2 ᠴᠢᠭᠲᠠᠯᠠᠭᠰᠠᠨ ᠨᠠᠪᠴᠢ ᠨᠢ ᠨᠡᠢᠯᠡᠭᠰᠡᠨ ᠰᠢᠬᠠᠭᠤ᠂ ᠪᠦᠲᠦᠨ ᠬᠥᠪᠡᠭᠡ ᠲᠡᠢ᠂ ᠳᠣᠣᠷ᠎ᠠ ᠬᠡᠰᠡᠭ ᠦ᠋ᠨ1 ᠵᠤᠷᠪᠤᠰ ᠭᠣᠣᠯ ᠰᠤᠳᠠᠯ ᠨᠢ ᠮᠡᠳᠡᠭᠳᠡᠮ᠎ᠡ ᠬᠥᠷᠪᠡᠬᠡᠷ᠂ ᠤᠵᠠᠭᠤᠷ ᠤ᠋ᠨ ᠨᠠᠪᠴᠢ ᠨᠢ ᠬᠠᠯᠪᠠᠭ᠎ᠠ ᠬᠡᠯᠪᠡᠷᠢ ᠲᠡᠢ ᠪᠤᠶᠤ ᠪᠦᠰᠡᠯᠢᠭ ᠲᠣᠩᠭᠣᠷᠤᠤ ᠬᠠᠪᠲᠠᠭᠠᠢ ᠲᠡᠪᠡᠨᠡ ᠬᠡᠯᠪᠡᠷᠢ ᠲᠡᠢ᠂1~2cm ᠤᠷᠲᠤ᠂2~5mm ᠥᠷᠭᠡᠨ᠂ ᠡᠷᠲᠡ ᠵᠤᠯᠭᠠᠷᠠᠨ᠎ᠠ᠃ ᠴᠡᠴᠡᠭ ᠨᠢ ᠭᠠᠭᠴᠠᠭᠠᠷ ᠳᠡᠯᠭᠡᠷᠡᠨ᠎ᠡ᠂ ᠤᠷᠲᠤ ᠪᠠᠷᠢᠭᠤᠯ ᠲᠠᠢ᠃ ᠴᠡᠴᠡᠭ ᠦ᠋ᠨ ᠲᠣᠭᠳᠣᠢ ᠨᠢ ᠬᠣᠭᠣᠯᠠᠢ ᠰᠢᠭ᠋ ᠬᠤᠩᠬ᠎ᠠ ᠬᠡᠯᠪᠡᠷᠢ ᠲᠡᠢ᠂4 ᠢᠷᠮᠡᠭ ᠲᠡᠢ᠂ ᠲᠣᠭᠳᠣᠢ ᠶ᠋ᠢᠨ ᠬᠣᠭᠣᠯᠠᠢ ᠨᠢ12~20mm ᠤᠷᠲᠤ᠂ ᠳᠣᠲᠣᠷ᠎ᠠ ᠬᠣᠣᠰ ᠲᠣᠭᠳᠣᠢ ᠶ᠋ᠢᠨ ᠰᠡᠵᠢᠭᠦᠷ ᠢᠯᠲᠠᠰᠤ ᠨᠢ ᠬᠠᠪᠲᠠᠭᠠᠢ ᠲᠡᠪᠡᠨᠡ ᠬᠡᠯᠪᠡᠷᠢ ᠲᠡᠢ᠂ ᠦᠵᠦᠭᠦᠷ ᠨᠢ ᠰᠡᠭᠦᠯ ᠰᠢᠭ ᠱᠣᠪᠣᠭᠣᠷ᠂ ᠲᠣᠭᠳᠣᠢ ᠶ᠋ᠢᠨ ᠬᠣᠭᠣᠯᠠᠢ ᠲᠠᠢ ᠪᠠᠨ ᠪᠠᠷᠤᠭ ᠲᠡᠩᠴᠡᠭᠦᠦ ᠤᠷᠲᠤ᠂ ᠭᠠᠳᠠᠷ ᠬᠣᠣᠰ ᠲᠣᠭᠳᠣᠢ ᠶ᠋ᠢᠨ ᠰᠡᠵᠢᠭᠦᠷ ᠢᠯᠲᠠᠰᠤ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠳᠣᠲᠣᠷ᠎ᠠ ᠰᠡᠵᠢᠭᠦᠷ ᠢᠯᠲᠠᠰᠤ ᠠ᠋ᠴᠠ ᠪᠠᠨ ᠤᠷᠲᠤ᠃ ᠴᠡᠴᠡᠭ ᠦ᠋ᠨ ᠳᠡᠯᠪᠢ ᠨᠢ ᠬᠣᠭᠣᠯᠠᠢ ᠰᠢᠭ᠋ ᠬᠤᠩᠬ᠎ᠠ ᠬᠡᠯᠪᠡᠷᠢ ᠲᠡᠢ᠂3~5cm ᠤᠷᠲᠤ᠂ ᠰᠡᠵᠢᠭᠦᠷ ᠢᠯᠲᠠᠰᠤ ᠨᠢ ᠤᠷᠲᠤᠯᠵᠢᠨ ᠲᠣᠭᠣᠷᠢᠭ ᠬᠡᠯᠪᠡᠷᠢ ᠲᠡᠢ᠂ ᠬᠥᠬᠡ ᠪᠤᠶᠤ ᠬᠥᠬᠡᠪᠲᠦᠷ ᠪᠣᠷᠣ ᠥᠩᠭᠡ ᠲᠡᠢ᠂ ᠬᠣᠶᠠᠷ ᠬᠥᠪᠡᠭᠡ ᠨᠢ ᠬᠠᠢᠴᠢᠯᠠᠭᠰᠠᠨ ᠰᠢᠭ᠋ ᠪᠥᠭᠡᠳ ᠬᠤᠨᠢᠶᠠᠰᠤ ᠦᠭᠡᠢ᠃4 ᠪᠠᠯ ᠤ᠋ᠨ ᠪᠤᠯᠴᠢᠷᠬᠠᠢ ᠨᠢ ᠴᠡᠴᠡᠭ ᠦ᠋ᠨ ᠳᠡᠯᠪᠢ ᠶ᠋ᠢᠨ ᠬᠣᠭᠣᠯᠠᠢ ᠶ᠋ᠢᠨ ᠤᠭ ᠤ᠋ᠨ ᠬᠡᠰᠡᠭ ᠲᠦ᠍ ᠤᠷᠭᠤᠨ᠎ᠠ᠃ ᠬᠣᠩᠭᠣᠷᠴᠣᠭᠲᠤ ᠵᠢᠮᠢᠰ ᠨᠢ ᠨᠠᠷᠢᠨ ᠤᠷᠲᠤᠯᠵᠢᠨ ᠲᠣᠭᠣᠷᠢᠭ ᠬᠡᠯᠪᠡᠷᠢ ᠲᠡᠢ᠃ ᠤᠷᠲᠤ ᠨᠢ2~3cm᠂ ᠪᠠᠷᠢᠭᠤᠯ ᠲᠠᠢ᠂2 ᠬᠡᠯᠲᠡᠰᠯᠡᠨ ᠬᠠᠭᠠᠷᠠᠨ᠎ᠠ᠃ ᠦᠷ᠎ᠡ ᠨᠢ ᠵᠤᠤᠪᠠᠩ ᠬᠡᠯᠪᠡᠷᠢ ᠲᠡᠢ᠂1mm ᠣᠷᠴᠢᠮ ᠤᠷᠲᠤ᠂ ᠤᠯᠠᠪᠤᠷ ᠬᠦᠷᠡᠩ ᠥᠩᠭᠡ ᠲᠡᠢ᠂ ᠢᠬᠴᠤ ᠵᠢᠵᠢᠭ ᠪᠢᠯᠴᠠᠤᠯᠢᠭ ᠳᠣᠪᠣᠭᠣᠷ ᠤ᠋ᠳ ᠲᠠᠢ᠃7~9 ᠳ᠋ᠦ᠍ᠭᠡᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠬᠠᠵᠠᠭᠤ ᠶ᠋ᠢᠨ ᠣᠢ ᠶ᠋ᠢᠨ ᠬᠥᠪᠡᠭᠡ᠂ ᠪᠤᠲᠠ ᠰᠥᠭᠡᠭ ᠳᠤᠮᠳᠠ᠂ ᠴᠢᠭᠢᠭᠯᠢᠭ ᠪᠡᠯᠴᠢᠭᠡᠷ᠂ ᠭᠣᠣ ᠭᠠᠩᠭ᠎ᠠ ᠵᠢᠴᠢ ᠭᠣᠣᠯ ᠤ᠋ᠨ ᠳᠠᠩ ᠤ᠋ᠨ ᠬᠠᠢᠷ ᠴᠢᠯᠠᠭᠤᠲᠤ ᠬᠥᠷᠥᠰᠥᠨ ᠳ᠋ᠦ᠍ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ]7~9 ᠳ᠋ᠦ᠍ᠭᠡᠷ ᠰᠠᠷ᠎ᠠ ᠳ᠋ᠤ᠌ ᠴᠡᠴᠡᠭᠯᠡᠭᠰᠡᠨ ᠪᠦᠬᠦᠯᠢ ᠡᠪᠡᠰᠦ ᠶ᠋ᠢ ᠨᠢ ᠲᠡᠭᠦᠵᠦ᠂ ᠠᠷᠢᠯᠭᠠᠨ ᠴᠡᠪᠡᠷᠯᠡᠭᠡᠳ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ᠬᠦᠢᠲᠡᠨ ᠴᠢᠨᠠᠷ ᠲᠠᠢ᠂ ᠮᠣᠬᠣᠳᠠᠭ᠂ ᠰᠢᠷᠦᠭᠦᠨ᠂ ᠬᠥᠩᠭᠡᠨ᠂ ᠬᠠᠭᠤᠷᠠᠢ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ᠂ ᠰᠢᠷᠬ᠎ᠠ ᠶ᠋ᠢ ᠠᠨᠠᠭᠠᠬᠤ᠂ ᠬᠣᠳᠣᠭᠣᠳᠣ ᠶ᠋ᠢ ᠴᠢᠭᠢᠷᠠᠭᠵᠢᠭᠤᠯᠬᠤ ᠴᠢᠳᠠᠯ ᠲᠠᠢ᠃ ᠭᠣᠣᠯᠳᠠᠭᠤ ᠰᠢᠷ᠎ᠠ ᠶ᠋ᠢᠨ ᠬᠠᠯᠠᠭᠤᠨ᠂ ᠬᠢᠵᠢᠭ᠃ ᠨᠢᠳᠦ ᠪᠡᠶ᠎ᠡ ᠰᠢᠷᠠᠯᠠᠬᠤ᠂ ᠴᠤᠯᠤ ᠰᠠᠪᠠᠨ ᠤ᠋ ᠬᠠᠯᠠᠭᠤᠨ ᠢ᠋ ᠠᠷᠢᠯᠭᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄扁蕾
ᠠᠩᠭ᠌ᠯᠢ ᠨᠡᠷ᠎ᠡ᠄ Gentianopsis barbata (Froel.) Ma
ᠦᠰᠦᠭ ᠠᠮᠢᠯᠠᠭᠤᠯᠤᠭᠴᠢ᠄ ᠴᠡᠪᠡᠷᠴᠡᠴᠡᠭ
ᠬᠢᠨᠠᠭᠴᠢ᠄ ᠲᠤᠶᠠᠭ᠎ᠠ
