ᠬᠠᠷ᠎ᠠ ᠵᠢᠷᠦ᠋ᠭ᠌ᠪᠠХар жүрүгбаHar žürügba ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠠᠷ᠎ᠠ ᠵᠢᠷᠦ᠋ᠭ᠌ᠪᠠХар жүрүгбаHar žürügba

ᠬᠠᠷ᠎ᠠ ᠵᠢᠷᠦ᠋ᠭ᠌ᠪᠠХар жүрүгбаHar žürügba

2025-07-27

155

ᠬᠠᠷ᠎ᠠ ᠵᠢᠷᠦ᠋ᠭ᠌ᠪᠠ

   ᠲᠤᠰ ᠡᠮ ᠪᠣᠯ ᠤᠷᠤᠭᠤᠯ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠵᠢᠷᠦ᠋ᠭ᠌ᠪᠠ᠂ ᠣᠨᠢᠲᠤ ᠵᠢᠷᠦ᠋ᠭ᠌ᠪᠠ ᠶ᠋ᠢᠨ ᠬᠠᠲᠠᠭᠠᠭᠰᠠᠨ ᠬᠥᠷᠥᠰᠥᠨ ᠳᠡᠭᠡᠷᠡᠬᠢ ᠬᠡᠰᠡᠭ ᠮᠥᠨ᠃ ᠪᠠᠰᠠ ᠵᠢᠷᠦ᠋ᠭ᠌ᠨᠠᠭᠪᠦ᠂ ᠵᠢᠷᠦ᠋ᠭ᠌ ᠭᠡᠳᠡᠭ᠃
   [ ᠤᠤᠯ ᠤᠷᠭᠤᠮᠠᠯ]1. ᠵᠢᠷᠦ᠋ᠭ᠌ᠪᠠ   ᠨᠢᠭᠡ ᠨᠠᠰᠤᠲᠤ ᠡᠪᠡᠰᠦᠯᠢᠭ ᠤᠷᠭᠤᠮᠠᠯ᠃60~90cm ᠥᠨᠳᠥᠷ᠂ ᠡᠰᠢ ᠨᠢ ᠰᠢᠯᠤᠭᠤᠨ᠂ ᠳᠥᠷᠪᠡᠨ ᠢᠷᠮᠡᠭ ᠲᠡᠢ᠂ ᠤᠭ ᠤ᠋ᠨ ᠬᠡᠰᠡᠭ ᠨᠢ ᠵᠢᠭᠠᠬᠠᠨ ᠪᠣᠷᠣᠪᠲᠤᠷ ᠤᠯᠠᠭᠠᠨ ᠲᠤᠶᠠᠭ᠎ᠠ ᠲᠠᠢ᠂ ᠳᠡᠭᠡᠷ᠎ᠡ ᠬᠡᠰᠡᠭ ᠲᠡᠭᠡᠨ ᠣᠯᠠᠨ ᠰᠠᠯᠠᠭᠠᠯᠠᠨ᠎ᠠ᠃ ᠪᠦᠬᠦ ᠪᠡᠶ᠎ᠡ ᠳ᠋ᠦ᠍ᠨᠢ ᠣᠬᠣᠷ ᠵᠥᠭᠡᠯᠡᠨ ᠦᠰᠦ ᠲᠡᠢ᠃ ᠨᠠᠪᠴᠢ ᠨᠢ ᠴᠢᠭᠲᠠᠯᠠᠨ᠎ᠠ᠂ ᠥᠳᠥᠯᠢᠭ ᠭᠦᠨ ᠣᠨᠢ ᠲᠠᠢ᠂ ᠡᠰᠢᠨ ᠦ᠌ ᠤᠭ ᠤ᠋ᠨ ᠬᠡᠰᠡᠭ ᠲᠡᠬᠢ ᠨᠠᠪᠴᠢ ᠨᠢ5 ᠰᠡᠵᠢᠭᠦᠷ ᠲᠡᠢ᠂ ᠳᠤᠮᠳᠠ ᠪᠣᠯᠤᠨ ᠳᠡᠭᠡᠳᠦ ᠬᠡᠰᠡᠭ ᠦ᠋ᠨ ᠨᠠᠪᠴᠢ ᠨᠢ3~5 ᠰᠡᠵᠢᠭᠦᠷ ᠲᠡᠢ᠂ ᠪᠦᠰᠡᠯᠢᠭ ᠪᠤᠶᠤ ᠬᠠᠪᠲᠠᠭᠠᠢ ᠲᠡᠪᠡᠨᠡ ᠬᠡᠯᠪᠡᠷᠢ ᠲᠡᠢ᠂1.5~2cm ᠤᠷᠲᠤ᠂2~4mm ᠥᠷᠭᠡᠨ᠂ ᠪᠦᠲᠦᠨ ᠬᠥᠪᠡᠭᠡ ᠲᠡᠢ᠂ ᠬᠣᠶᠠᠷ ᠲᠠᠯ᠎ᠠ ᠳ᠋ᠤᠨᠢ ᠪᠦᠷ ᠵᠥᠭᠡᠯᠡᠨ ᠦᠰᠦ ᠲᠡᠢ᠂ ᠳᠣᠣᠷ᠎ᠠ ᠲᠠᠯ᠎ᠠ ᠳ᠋ᠤᠨᠢ ᠬᠣᠲᠣᠢᠵᠤ ᠣᠷᠣᠭᠰᠠᠨ ᠪᠤᠯᠴᠢᠷᠬᠠᠢ ᠲᠣᠯᠪᠣ ᠲᠠᠢ᠃ ᠲᠦᠷᠦᠭᠦᠦ ᠰᠢᠭ ᠳᠤᠭᠤᠢᠷᠠᠨ ᠤᠷᠭᠤᠬᠤ ᠴᠣᠮᠬᠠᠨ ᠪᠠᠭ ᠴᠡᠴᠡᠭ ᠨᠢ ᠣᠯᠠᠩᠬᠢ ᠳ᠋ᠠᠭᠠᠨ ᠡᠰᠢᠨ ᠦ᠌ ᠦᠵᠦᠭᠦᠷ ᠲᠦ᠍ ᠢᠬᠴᠤᠷᠠᠨ ᠪᠥᠭᠡᠮᠨᠡᠷᠡᠵᠦ ᠪᠠᠢᠳᠠᠭ᠃3~8cm ᠤᠷᠲᠤ᠂ ᠪᠠᠭᠯᠠᠭᠴᠢ ᠢᠯᠲᠠᠰᠤ ᠨᠢ ᠨᠠᠪᠴᠢᠯᠢᠭ᠂ ᠪᠦᠰᠡ ᠬᠡᠯᠪᠡᠷᠢ ᠲᠡᠢ᠂0.4~1.7cm ᠤᠷᠲᠤ᠂ ᠪᠠᠷᠢᠭᠤᠯ ᠦᠭᠡᠢ᠃ ᠴᠡᠴᠡᠭ ᠦ᠋ᠨ ᠲᠣᠭᠳᠣᠢ ᠨᠢ ᠬᠤᠩᠬ᠎ᠠ ᠬᠡᠯᠪᠡᠷᠢ ᠲᠡᠢ᠂3mm ᠣᠷᠴᠢᠮ ᠤᠷᠲᠤ᠂5 ᠵᠤᠷᠪᠤᠰ ᠭᠤᠯᠳᠤ ᠰᠤᠳᠠᠯ ᠲᠠᠢ᠂ ᠦᠰᠦ ᠲᠡᠢ᠂ ᠦᠵᠦᠭᠦᠷ  ᠲᠤᠨᠢ5 ᠰᠡᠵᠢᠭᠦᠷ ᠲᠡᠢ᠃ ᠴᠡᠴᠡᠭ ᠦ᠋ᠨ ᠳᠡᠯᠪᠢ ᠨᠢ ᠭᠦᠢᠬᠡᠨ ᠪᠣᠷᠣ ᠥᠩᠭᠡ ᠲᠡᠢ᠂2 ᠤᠷᠤᠭᠤᠯ ᠬᠡᠯᠪᠡᠷᠢ ᠲᠡᠢ᠂ ᠳᠡᠭᠡᠳᠦ ᠤᠷᠤᠭᠤᠯ ᠨᠢ2 ᠣᠨᠢ ᠲᠠᠢ᠂ ᠳᠣᠣᠷᠠᠲᠤ ᠤᠷᠤᠭᠤᠯ ᠨᠢ ᠨᠡᠯᠢᠶᠡᠳ ᠲᠣᠮᠣ᠂3 ᠣᠨᠢ ᠲᠠᠢ᠃2 ᠨᠢ ᠲᠣᠷᠨᠢᠭᠤᠨ4 ᠡᠷ᠎ᠡ ᠲᠣᠭᠣᠷᠴᠣᠭ ᠲᠠᠢ᠃ ᠤᠮᠠᠢ ᠨᠢ4 ᠣᠨᠢ ᠲᠠᠢ᠂ ᠴᠡᠴᠡᠭ ᠦ᠋ᠨ ᠪᠠᠭᠠᠨ᠎ᠠ ᠨᠢ ᠤᠭ ᠠ᠋ᠴᠠ ᠪᠠᠨ ᠤᠷᠭᠤᠨ᠎ᠠ᠂ ᠪᠠᠭᠠᠨ᠎ᠠ ᠶ᠋ᠢᠨ ᠠᠮᠠᠰᠠᠷ ᠨᠢ2 ᠣᠨᠢ ᠲᠠᠢ᠃ ᠵᠢᠵᠢᠭ ᠬᠠᠲᠠᠭᠤ ᠵᠢᠮᠢᠰ ᠨᠢ4᠂ ᠥᠨᠳᠡᠭᠡᠯᠵᠢᠨ ᠪᠤᠶᠤ ᠵᠤᠤᠪᠠᠩ ᠬᠡᠯᠪᠡᠷᠢ ᠲᠡᠢ᠂1mm ᠣᠷᠴᠢᠮ ᠤᠷᠲᠤ᠂ ᠤᠯᠠᠪᠤᠷ ᠥᠩᠭᠡ ᠲᠡᠢ᠃6~8 ᠳ᠋ᠤᠭᠠᠷ ᠰᠠᠷ᠎ᠠ ᠳ᠋ᠤ᠌ ᠴᠡᠴᠡᠭᠯᠡᠵᠦ᠂7~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   2. ᠣᠨᠢᠲᠤ ᠵᠢᠷᠦ᠋ᠭ᠌ᠪᠠ   ᠬᠡᠯᠪᠡᠷᠢ ᠳᠦᠷᠰᠦ ᠨᠢ ᠳᠡᠭᠡᠷᠡᠬᠢ ᠲᠡᠢ ᠲᠥᠰᠦᠭᠡᠲᠡᠢ᠃ ᠠᠳᠠᠯᠢ ᠦᠭᠡᠢ ᠨᠢ ᠬᠠᠮᠤᠭ ᠡᠴᠦᠰ ᠦ᠋ᠨ ᠰᠡᠵᠢᠭᠦᠷ ᠢᠯᠲᠠᠰᠤ ᠨᠢ ᠨᠡᠯᠢᠶᠡᠳ ᠥᠷᠭᠡᠨ᠂ ᠥᠨᠳᠡᠭᠡᠯᠵᠢᠨ ᠪᠤᠶᠤ ᠥᠨᠳᠡᠭᠡᠯᠵᠢᠨ ᠰᠢᠭ ᠬᠠᠪᠲᠠᠭᠠᠢ ᠲᠡᠪᠡᠨᠡ ᠬᠡᠯᠪᠡᠷᠢ ᠲᠡᠢ᠂ ᠴᠡᠴᠡᠭ ᠦ᠋ᠨ ᠲᠦᠷᠦᠭᠦᠦ ᠨᠢ ᠨᠡᠯᠢᠶᠡᠳ ᠲᠣᠮᠣ ᠮᠥᠷᠲᠡᠭᠡᠨ ᠰᠡᠢᠷᠡᠭ᠂ ᠪᠠᠭᠯᠠᠭᠴᠢ ᠢᠯᠲᠠᠰᠤ ᠨᠢ ᠥᠨᠳᠡᠭᠡᠯᠵᠢᠨ ᠲᠣᠭᠣᠷᠢᠭ ᠬᠡᠯᠪᠡᠷᠢ ᠲᠡᠢ᠂ ᠬᠥᠬᠡᠪᠲᠦᠷ ᠪᠣᠷᠣ ᠲᠤᠶᠠᠭ᠎ᠠ ᠲᠠᠢ᠂ ᠴᠡᠴᠡᠭ ᠦ᠋ᠨ ᠳᠡᠯᠪᠢ ᠨᠢ ᠬᠥᠬᠡᠪᠲᠦᠷ ᠪᠣᠷᠣ ᠥᠩᠭᠡ ᠲᠡᠢ᠂ ᠲᠣᠭᠳᠣᠢ ᠢᠯᠡᠳᠡᠰᠦ ᠡᠴᠡ ᠪᠡᠨ1/2 ᠣᠷᠴᠢᠮ ᠤᠷᠲᠤ᠃ 7~9 ᠳ᠋ᠦ᠍ᠭᠡᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠬᠣᠶᠠᠷ ᠵᠦᠢᠯ ᠦ᠋ᠨ ᠵᠢᠷᠦ᠋ᠭ᠌ᠪᠠ ᠶ᠋ᠢᠨ ᠤᠷᠭᠤᠬᠤ ᠣᠷᠴᠢᠨ ᠨᠢ ᠠᠳᠠᠯᠢ᠃ ᠠᠭᠤᠯᠠ ᠶ᠋ᠢᠨ ᠠᠷᠤ ᠬᠠᠵᠠᠭᠤ᠂ ᠭᠣᠣ ᠰᠤᠪᠠᠭ ᠤ᠋ᠨ ᠬᠥᠪᠡᠭᠡ᠂ ᠡᠪᠡᠰᠦᠨ ᠳᠤᠮᠳᠠ ᠤᠷᠭᠤᠨ᠎ᠠ᠃ ᠵᠢᠷᠦ᠋ᠭ᠌ᠪᠠ ᠪᠣᠯ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠱᠠᠨ ᠰᠢ᠂ ᠭᠠᠨᠰᠦ᠂ ᠬᠥᠬᠡᠨᠠᠭᠤᠷ᠂ ᠰᠧᠴᠤᠸᠠᠨ᠂ ᠵᠧᠵᠢᠶᠠᠩ᠂ ᠵᠢᠶᠠᠩᠰᠦ᠂ ᠹᠦᠵᠢᠶᠠᠨ ᠳ᠋ᠤ᠌ ᠲᠠᠷᠬᠠᠴᠠ ᠲᠠᠢ᠃ ᠣᠨᠢᠲᠤ ᠵᠢᠷᠦ᠋ᠭ᠌ᠪᠠ ᠪᠣᠯ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠭᠠᠨᠰᠦ᠂ ᠬᠥᠬᠡᠨᠠᠭᠤᠷ᠂ ᠨᠢᠩᠰᠢᠶᠠ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠠᠪᠤᠷ ᠴᠡᠴᠡᠭᠯᠡᠵᠦ ᠲᠦᠷᠦᠭᠦᠦ ᠨᠢ ᠨᠣᠭᠣᠭᠠᠷᠠᠬᠤ ᠦᠶ᠎ᠡ ᠳ᠋ᠦ᠍ ᠬᠥᠷᠥᠰᠥᠨ ᠳᠡᠭᠡᠷᠡᠬᠢ ᠬᠡᠰᠡᠭ ᠢ᠋ ᠬᠠᠳᠤᠵᠤ ᠠᠪᠤᠭᠠᠳ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ᠂ ᠭᠤᠱᠤᠭᠤᠨ᠂ ᠡᠬᠡᠭᠦᠨ ᠠᠮᠲᠠ ᠲᠠᠢ; ᠪᠦᠯᠢᠶᠡᠨ ᠴᠢᠨᠠᠷ ᠲᠠᠢ᠃ ᠬᠠᠭᠤᠷᠠᠢ᠂ ᠬᠥᠩᠭᠡᠨ᠂ ᠰᠢᠷᠦᠭᠦᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠣᠷᠣᠬᠠᠢ ᠶ᠋ᠢ ᠨᠢᠲᠤᠯᠬᠤ᠂ ᠢᠯᠵᠢᠷᠡᠬᠦ ᠶ᠋ᠢ ᠵᠣᠭᠰᠣᠭᠠᠬᠤ᠂ ᠰᠢᠷᠬ᠎ᠠ ᠶ᠋ᠢ ᠠᠨᠠᠭᠠᠬᠤ᠂ ᠪᠠᠳᠭ᠋ᠠᠨ ᠢ ᠠᠷᠢᠯᠭᠠᠬᠤ ᠴᠢᠳᠠᠯ ᠲᠠᠢ᠃ ᠭᠣᠣᠯᠳᠠᠭᠤ ᠠᠷᠠᠰᠤᠨ ᠤ᠋ ᠬᠣᠷᠣᠬᠠᠢ᠂ ᠭᠡᠳᠡᠰᠦᠨ ᠦ᠌ ᠬᠣᠷᠣᠬᠠᠢ᠂ ᠤᠮᠠᠢ ᠶ᠋ᠢᠨ ᠬᠣᠷᠣᠬᠠᠢ ᠡᠪᠡᠳᠴᠢᠨ᠂ ᠡᠷᠡᠬᠡᠭᠰᠡᠨ ᠰᠢᠷᠬ᠎ᠠ᠂ ᠪᠤᠯᠴᠢᠩ ᠬᠠᠪᠤᠳᠴᠤ ᠡᠪᠡᠳᠬᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄荆芥(1.裂叶荆芥2.多裂叶荆芥)
   ᠠᠩᠭ᠌ᠯᠢ ᠨᠡᠷ᠎ᠡ᠄1.Schizonepeta tenuifolia (Benth.) Briq.
2.Schizonepeta multifida (L.) Briq.

   ᠦᠰᠦᠭ ᠠᠮᠢᠯᠠᠭᠤᠯᠤᠭᠴᠢ᠄ ᠴᠡᠪᠡᠷᠴᠡᠴᠡᠭ
   ᠬᠢᠨᠠᠭᠴᠢ᠄ ᠲᠤᠶᠠᠭ᠎ᠠ