ᠮᠠᠯᠴᠢᠳ ᠦ᠋ᠨ ᠠᠮᠢᠳᠤᠷᠠᠯ ᠳ᠋ᠡᠬᠢ 5C--ᠬᠣᠨᠢᠴᠢᠨ ᠦᠯᠵᠡᠢᠰᠦ᠋ᠷᠤᠩМалчдын амьдрал ᠲᠣᠷᠭᠠᠨ ᠵᠢᠯᠣᠭᠣ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠠᠯᠴᠢᠳ ᠦ᠋ᠨ ᠠᠮᠢᠳᠤᠷᠠᠯ ᠳ᠋ᠡᠬᠢ 5C--ᠬᠣᠨᠢᠴᠢᠨ ᠦᠯᠵᠡᠢᠰᠦ᠋ᠷᠤᠩМалчдын амьдрал

ᠮᠠᠯᠴᠢᠳ ᠦ᠋ᠨ ᠠᠮᠢᠳᠤᠷᠠᠯ ᠳ᠋ᠡᠬᠢ 5C--ᠬᠣᠨᠢᠴᠢᠨ ᠦᠯᠵᠡᠢᠰᠦ᠋ᠷᠤᠩМалчдын амьдрал

2025-07-28

256

   ᠳ᠋ᠣᠺᠲ᠋ᠣᠷ ᠬᠣᠨᠢᠴᠢᠨ ᠦᠯᠵᠡᠢᠰᠦ᠋ᠷᠥᠩ  
    ᠨᠡᠢᠭᠡᠮ ᠦ᠋ᠨ ᠠᠮᠢᠳᠤᠷᠠᠯ ᠪᠣᠯ ᠬᠥᠮᠦᠨ ᠬᠥᠮᠦᠨ ᠦ᠌ ᠬᠠᠷᠢᠯᠴᠠᠭᠠᠨ ᠤ᠋ ᠨᠡᠢᠯᠡᠪᠦᠷᠢ ᠪᠣᠯᠬᠤ ᠶᠤᠮ᠃ ᠲᠡᠢᠮᠦ ᠡᠴᠡ ᠨᠡᠢᠭᠡᠮ ᠦ᠋ᠨ ᠪᠦᠷᠢᠯᠳᠦᠬᠦᠨ ᠬᠡᠰᠡᠭ ᠪᠣᠯᠤᠭᠰᠠᠨ ᠪᠢᠳᠡᠨ ᠦ᠌ ᠡᠳᠦᠷ ᠳᠣᠳᠣᠮ ᠤ᠋ᠨ ᠠᠮᠢᠳᠤᠷᠠᠯ ᠳ᠋ᠠᠬᠢ ᠦᠢᠯᠡ ᠠᠵᠢᠯᠯᠠᠭ᠎ᠠ ᠪᠦᠬᠦᠨ ᠨᠡᠢᠭᠡᠮ ᠦ᠋ᠨ ᠬᠠᠷᠢᠯᠴᠠᠭᠠᠨ ᠤ᠋ ᠪᠦᠷᠢᠯᠳᠦᠬᠦᠨ ᠬᠡᠰᠡᠭ ᠪᠠᠢᠵᠤ ᠂ ᠨᠡᠢᠭᠡᠮ ᠦ᠋ᠨ ᠬᠠᠷᠢᠯᠴᠠᠭ᠎ᠠ ᠲᠠᠢ ᠰᠠᠯᠤᠰᠢ ᠦᠭᠡᠢ ᠬᠣᠯᠪᠣᠭ᠎ᠠ ᠲᠠᠢ ᠪᠠᠢᠳᠠᠭ ᠃ ᠡᠨᠡ ᠨᠢ ᠪᠤᠴᠠᠭᠠᠳ ᠲᠠ ᠪᠢᠳᠡᠨ ᠦ᠌ ᠠᠮᠢᠳᠤᠷᠠᠯ ᠂ ᠠᠵᠢᠯ ᠦᠢᠯᠡᠰ ᠨᠡᠢᠭᠡᠮ ᠲᠡᠢ ᠪᠡᠨ ᠤᠶᠠᠯᠳᠤᠭᠰᠠᠨ ᠪᠠᠢᠬᠤ ᠶ᠋ᠢ ᠱᠠᠭᠠᠷᠳᠠᠳᠠᠭ᠃ ᠥᠭᠡᠷ᠎ᠡ ᠪᠡᠷ ᠬᠡᠯᠡᠪᠡᠯ ᠬᠥᠮᠦᠰ ᠥᠪᠡᠷ ᠦ᠋ᠨ ᠦᠢᠯᠡ ᠠᠵᠢᠯᠯᠠᠭᠠᠨ ᠤ᠋ ᠨᠡᠢᠭᠡᠮ ᠦ᠋ᠨ ᠬᠠᠷᠢᠯᠴᠠᠭ᠎ᠠ ᠪᠠᠨ ᠵᠥᠪ ᠰᠢᠢᠳᠪᠦᠷᠢᠯᠡᠵᠦ ᠴᠢᠳᠠᠭᠰᠠᠨ ᠢ᠋ᠶ᠋ᠠᠷ ᠨᠡᠢᠭᠡᠮ ᠳ᠋ᠦ᠍ ᠣᠷᠣᠰᠢᠨ ᠲᠣᠭᠲᠠᠨᠢᠵᠤ ᠂ ᠡᠵᠡᠩᠨᠡᠵᠦ ᠪᠠᠢᠭ᠎ᠠ ᠠᠵᠢᠯ ᠦᠢᠯᠡᠰ ᠢ᠋ᠶ᠋ᠡᠨ ᠬᠥᠭᠵᠢᠭᠦᠯᠵᠦ ᠴᠢᠳᠠᠨ᠎ᠠ᠃ ᠡᠨᠡᠬᠦ ᠵᠥᠪ ᠰᠢᠢᠳᠪᠦᠷᠢᠯᠡᠯᠲᠡ ᠶ᠋ᠢᠨ ᠠᠷᠭ᠎ᠠ ᠶ᠋ᠢ ᠡᠴᠡᠠᠩᠨᠠᠯᠲᠠ ᠶ᠋ᠢᠨ ᠤᠬᠠᠭᠠᠨ ᠳ᠋ᠤ᠌ « 5 » ᠵᠠᠳᠠᠯᠤᠯᠲᠠ ᠶ᠋ᠢᠨ ᠠᠷᠭ᠎ᠠ ᠭᠡᠳᠡᠭ᠃ ᠡᠨᠡ ᠪᠣᠯ ᠵᠢᠷ ᠦ᠋ᠨ ᠨᠢᠭᠡᠨ ᠬᠥᠮᠦᠨ ᠦ᠌ ᠠᠮᠢᠳᠤᠷᠠᠯ ᠡᠴᠡ ᠡᠬᠢᠯᠡᠭᠡᠳ ᠺᠣᠮᠫᠠᠨᠢ ᠶ᠋ᠢᠨ ᠦᠢᠯᠡ ᠠᠵᠢᠯᠯᠠᠭ᠎ᠠ ᠳ᠋ᠤ᠌ ᠨᠡᠢᠲᠡ ᠳ᠋ᠦ᠍ ᠲᠣᠬᠢᠷᠠᠳᠠᠭ ᠢ᠋ᠶ᠋ᠠᠷ ᠢ᠋ᠶ᠋ᠠᠨ ᠮᠠᠯᠴᠢᠨ ᠮᠠᠨ ᠤ᠋ ᠠᠮᠢᠳᠤᠷᠠᠯ ᠤ᠋ᠨ ᠠᠯᠲᠠᠨ ᠴᠤᠯᠪᠤᠭᠤᠷ ᠪᠣᠯᠬᠤ ᠨᠢ ᠯᠠᠪᠲᠠᠢ᠃ 
ᠰᠢᠨ᠎ᠡ ᠴᠠᠭ ᠦᠶ᠎ᠡ ᠶ᠋ᠢᠨ ᠮᠠᠯᠴᠢᠨ ᠪᠢᠳᠡ ᠥᠨᠥᠳᠥᠷ ᠳᠡᠯᠡᠬᠡᠢ ᠶ᠋ᠢᠨ ᠬᠠᠮᠤᠭ ᠤ᠋ᠨ ᠰᠢᠯᠢᠳᠡᠭ ᠡᠵᠡᠩᠨᠡᠯᠲᠡ ᠶ᠋ᠢᠨ ᠠᠷᠭ᠎ᠠ  ᠤᠬᠠᠭᠠᠨ ᠢ᠋ ᠰᠤᠷᠴᠤ ᠂ ᠠᠮᠢᠳᠤᠷᠠᠯ ᠳ᠋ᠠᠭᠠᠨ ᠠᠰᠢᠭᠯᠠᠬᠤ ᠪᠣᠯᠤᠮᠵᠢ ᠨᠡᠭᠡᠭᠡᠭᠳᠡᠵᠦ ᠪᠠᠢᠭ᠎ᠠ ᠶ᠋ᠢᠨ ᠨᠢᠭᠡ ᠨᠢ ᠥᠨᠥᠳᠥᠷ ᠦ᠋ᠨ « 5 » ᠵᠠᠳᠠᠯᠤᠯᠲᠠ ᠶ᠋ᠢᠨ ᠠᠷᠭ᠎ᠠ ᠪᠣᠯᠤᠨ᠎ᠠ᠃ ᠲᠤᠰ ᠵᠠᠳᠠᠯᠤᠯᠲᠠ ᠶ᠋ᠢᠨ ᠠᠷᠭ᠎ᠠ ᠮᠠᠨ ᠤ᠋ ᠠᠮᠢᠳᠤᠷᠠᠯ ᠂ ᠠᠵᠢᠯ ᠦᠢᠯᠡᠰ ᠦ᠋ᠨ ᠨᠥᠬᠥᠴᠡᠯ ᠪᠣᠯᠤᠮᠵᠢ ᠶ᠋ᠢ ᠲᠠᠯ᠎ᠠ ᠲᠠᠯ᠎ᠠ ᠠ᠋ᠴᠠ ᠵᠠᠳᠠᠯᠵᠤ ᠥᠭᠳᠡᠭ ᠢ᠋ᠶ᠋ᠡᠷ ᠠᠵᠢᠯ ᠦᠢᠯᠡᠰ ᠦ᠋ᠨ ᠲᠥᠯᠥᠪᠯᠡᠭᠡ ᠪᠢᠴᠢᠬᠦ ᠲᠡᠢ ᠠᠳᠠᠯᠢᠬᠠᠨ ᠦᠨ᠎ᠡ ᠥᠷᠲᠡᠭ ᠲᠡᠢ᠃ ᠪᠢᠳᠡ ᠨᠠᠷᠢᠨ ᠠᠭᠤᠯᠭ᠎ᠠ ᠲᠠᠢ ᠲᠠᠨᠢᠯᠴᠠᠶ᠎ᠠ᠃ 
ᠨᠢᠭᠡ ᠂ ᠮᠠᠯᠴᠢᠳ «  ᠺᠣᠮᠫᠠᠨᠢ ᠪᠤᠶᠤ ᠡᠵᠡᠩᠨᠡᠭᠴᠢ » 
ᠮᠠᠯᠴᠢᠨ ᠬᠥᠮᠦᠨ ᠦ᠌ ᠠᠮᠢᠳᠤᠷᠠᠯ ᠲᠡᠷᠡ ᠴᠢᠭ ᠢ᠋ᠶ᠋ᠡᠷ ᠢ᠋ᠶ᠋ᠡᠨ ᠨᠢᠭᠡᠨ ᠺᠣᠮᠫᠠᠨᠢ ᠪᠣᠯᠬᠤ ᠶᠤᠮ ᠭᠡᠵᠦ ᠪᠢᠳᠡ ᠳᠡᠭᠡᠷ᠎ᠡ ᠬᠢᠴᠢᠶᠡᠯ ᠳᠡᠭᠡᠷ᠎ᠡ ᠶᠠᠷᠢᠵᠤ ᠥᠩᠭᠡᠷᠡᠭᠰᠡᠨ ᠪᠢᠯᠡ᠃ ᠡᠭᠦᠨ ᠳ᠋ᠦ᠍ ᠮᠠᠰᠢ ᠣᠯᠠᠨ ᠠᠮᠢᠳᠤᠷᠠᠯ ᠠᠷᠭ᠎ᠠ ᠤᠬᠠᠭᠠᠨ ᠂ ᠡᠵᠡᠩᠨᠡᠯᠲᠡ ᠶ᠋ᠢᠨ ᠠᠷᠭ᠎ᠠ ᠮᠠᠶᠢᠭ ᠱᠠᠭᠠᠷᠳᠠᠭᠳᠠᠵᠤ ᠪᠠᠢᠳᠠᠭ᠃ ᠮᠠᠯᠴᠢᠨ ᠪᠢᠳᠡ ᠠᠳᠠᠯᠢᠬᠠᠨ ᠮᠠᠯ ᠮᠠᠯᠵᠢᠵᠤ ᠪᠠᠢᠭ᠎ᠠ ᠠᠲᠠᠯ᠎ᠠ ᠣᠯᠵᠤ ᠪᠣᠢ ᠠᠰᠢᠭ ᠣᠷᠣᠯᠭ᠎ᠠ ᠥᠭᠡᠷ᠎ᠡ ᠥᠭᠡᠷ᠎ᠡ ᠪᠠᠢᠳᠠᠭ ᠃ ᠡᠨᠡ ᠨᠢ ᠶᠠᠭᠠᠬᠢᠬᠤ ᠠᠷᠭ᠎ᠠ ᠦᠭᠡᠢ ᠮᠠᠯᠴᠢᠳ ᠡᠬᠢᠯᠡᠭᠡᠳ ᠵᠥᠪ ᠵᠣᠭᠰᠣᠴᠠ ᠠ᠋ᠴᠠ ᠥᠪᠡᠷ ᠢ᠋ ᠪᠡᠨ ᠲᠠᠨᠢᠵᠤ ᠴᠢᠳᠠᠭᠰᠠᠨ ᠲᠠᠢ ᠬᠣᠯᠪᠣᠭ᠎ᠠ ᠲᠠᠢ᠃ ᠥᠭᠡᠷ᠎ᠡ ᠪᠡᠷ ᠬᠡᠯᠡᠪᠡᠯ ᠮᠠᠯᠴᠢᠨ ᠪᠢ ᠶᠠᠭᠤ ᠬᠢᠵᠦ ᠴᠢᠳᠠᠨ᠎ᠠ ᠂ ᠠᠯᠢ ᠨᠢ ᠮᠢᠨᠦ ᠳᠠᠪᠠᠭᠤᠯᠢᠭ ᠂ ᠨᠠᠳᠠ ᠳ᠋ᠤ᠌ ᠶᠠᠭᠤ ᠬᠡᠷᠡᠭᠲᠡᠢ ᠭᠡᠳᠡᠭ ᠢ᠋ᠶ᠋ᠡᠨ ᠣᠯᠵᠤ ᠲᠠᠨᠢᠵᠤ ᠮᠡᠳᠡᠭᠰᠡᠨ ᠶᠠᠪᠤᠳᠠᠯ ᠪᠣᠯᠤᠨ᠎ᠠ᠃
ᠬᠣᠶᠠᠷ ᠂ ᠵᠠᠬ᠎ᠠ ᠳᠡᠯᠭᠡᠭᠦᠷ 
ᠪᠢᠳᠡ ᠥᠪᠡᠷ ᠦ᠋ᠨ ᠢ᠋ᠶ᠋ᠡᠨ ᠵᠣᠭᠰᠣᠴᠠ ᠪᠠᠨ ᠲᠣᠳᠣᠷᠬᠠᠢᠯᠠᠭᠰᠠᠨ ᠤ᠋ ᠳᠠᠷᠠᠭ᠎ᠠ ᠂ ᠥᠪᠡᠷ ᠦ᠋ᠨ ᠶᠠᠭᠤ ᠬᠢᠬᠦ ᠂ ᠶᠠᠭᠠᠬᠢᠵᠤ ᠬᠢᠬᠦ ᠪᠡᠨ ᠮᠡᠳᠡᠭᠰᠡᠨ ᠦ᠌ ᠳᠠᠷᠠᠭ᠎ᠠ ᠂ ᠡᠳᠡᠭᠡᠷ ᠢ᠋ᠶ᠋ᠡᠨ ᠬᠡᠨ ᠳ᠋ᠦ᠍ ᠬᠦᠷᠭᠡᠬᠦ ᠪᠡᠨ ᠪᠣᠳᠣᠯᠬᠢᠯᠠᠬᠤ ᠬᠡᠷᠡᠭᠲᠡᠢ ᠃ ᠡᠨᠡ ᠪᠣᠯ ᠳᠠᠷᠤᠢ ᠵᠣᠴᠢᠳ ᠬᠡᠷᠡᠭᠯᠡᠭᠴᠢ ᠪᠤᠶᠤ ᠵᠠᠬ᠎ᠠ ᠳᠡᠯᠭᠡᠭᠦᠷ ᠪᠣᠯᠤᠨ᠎ᠠ ᠃ ᠶᠠᠮᠠᠷ ᠨᠢᠭᠡᠨ ᠡᠵᠡᠩᠨᠡᠭᠴᠢ ᠴᠦ᠍ ᠭᠡᠰᠡᠨ ᠥᠪᠡᠷ ᠦ᠋ᠨ ᠦᠢᠯᠡᠳᠪᠦᠷᠢᠯᠡᠭᠰᠡᠨ ᠪᠦᠲᠦᠭᠡᠭᠳᠡᠬᠦᠨ ᠢ᠋ᠶ᠋ᠡᠨ ᠵᠠᠬ᠎ᠠ ᠳᠡᠯᠭᠡᠭᠦᠷ ᠲᠦ᠍ ᠭᠠᠷᠭᠠᠵᠤ ᠂ ᠬᠡᠷᠡᠭᠯᠡᠭᠴᠢ ᠳ᠋ᠦ᠍ ᠬᠦᠷᠭᠡᠵᠦ ᠴᠢᠳᠠᠭᠰᠠᠨ ᠰᠠᠭᠤᠷᠢᠨ ᠳᠡᠭᠡᠷ᠎ᠡ ᠰᠠᠶᠢ ᠪᠣᠳᠠᠲᠠᠢ ᠦᠷ᠎ᠡ ᠠᠰᠢᠭ ᠣᠯᠬᠤ ᠪᠣᠯᠤᠮᠵᠢ ᠨᠡᠭᠡᠭᠡᠭᠳᠡᠨ᠎ᠡ ᠃ ᠲᠡᠢᠮᠦ ᠡᠴᠡ ᠮᠠᠯᠴᠢᠳ ᠂ ᠡᠵᠡᠩᠨᠡᠭᠴᠢ ᠪᠦᠬᠦᠨ ᠬᠢᠵᠦ ᠴᠢᠳᠠᠬᠤ ᠪᠤᠶᠤ ᠬᠢᠭᠰᠡᠨ ᠵᠦᠢᠯ ᠴᠢᠨᠢ ᠵᠠᠬ᠎ᠠ ᠳᠡᠯᠭᠡᠭᠦᠷ ᠲᠡᠢ ᠡᠰᠡᠬᠦ ᠂ ᠬᠡᠴᠢᠨᠡᠨ ᠬᠡᠷᠡᠭᠯᠡᠭᠴᠢ ᠲᠡᠢ ᠪᠠᠢᠬᠤ ᠶ᠋ᠢ ᠨᠠᠷᠢᠨ ᠵᠠᠳᠠᠯᠵᠤ ᠮᠡᠳᠡᠬᠦ ᠨᠢ ᠦᠷᠭᠦᠯᠵᠢᠯᠡᠨ ᠣᠷᠣᠰᠢᠨ ᠲᠣᠭᠲᠠᠨᠢᠬᠤ ᠶ᠋ᠢᠨ ᠰᠠᠭᠤᠷᠢ  ᠪᠣᠯᠳᠠᠭ ᠃ 
ᠭᠤᠷᠪᠠ ᠂ ᠥᠷᠢᠰᠦᠯᠳᠦᠭᠡᠨ 
ᠨᠡᠢᠭᠡᠮ ᠦ᠋ᠨ ᠬᠠᠷᠢᠯᠴᠠᠭᠠᠨ ᠤ᠋ ᠲᠤᠰ ᠪᠡᠶ᠎ᠡ ᠨᠢ ᠥᠷᠢᠰᠦᠯᠳᠦᠭᠡᠨ ᠶᠣᠮ ᠃ ᠪᠢᠳᠡ ᠪᠦᠬᠦᠨ ᠨᠡᠢᠭᠡᠮ ᠦ᠋ᠨ ᠬᠠᠷᠢᠯᠴᠠᠭᠠᠨ ᠳ᠋ᠤ᠌ ᠣᠷᠣᠯᠴᠠᠵᠤ ᠶᠠᠪᠤᠬᠤ ᠳ᠋ᠤ᠌ ᠡᠨᠡᠬᠦ ᠥᠷᠢᠰᠦᠯᠳᠦᠭᠡᠨ ᠡᠴᠡ ᠰᠠᠯᠵᠤ ᠴᠢᠳᠠᠬᠤ ᠦᠭᠡᠢ ᠨᠢ ᠯᠠᠪᠲᠠᠢ ᠃ ᠭᠡᠬᠦ ᠳ᠋ᠡᠭᠡᠨ ᠥᠪᠡᠷ ᠦ᠋ᠨ ᠥᠷᠢᠰᠦᠯᠳᠦᠭᠡᠨ ᠢ᠋ᠶ᠋ᠡᠨ ᠵᠥᠪ ᠲᠠᠨᠢᠬᠤ ᠨᠢ ᠴᠢᠬᠤᠯᠠ ᠃ ᠠᠳᠠᠯᠢᠬᠠᠨ ᠬᠣᠶᠠᠷ ᠬᠣᠭᠣᠯᠠᠨ ᠭᠡᠷ ᠬᠣᠭᠣᠷᠣᠨᠳᠣ ᠪᠠᠨ ᠥᠷᠢᠰᠦᠯᠳᠦᠭᠴᠢ ᠪᠠᠢᠵᠤ ᠪᠣᠯᠤᠨ᠎ᠠ ᠂ ᠮᠥᠨ ᠪᠢᠰᠢ ᠪᠠᠢᠵᠤ ᠪᠣᠯᠤᠨ᠎ᠠ ᠃ ᠡᠨᠡ ᠨᠢ ᠲᠡᠳᠡᠨ  ᠡᠵᠡᠩᠨᠡᠵᠦ ᠪᠠᠢᠭ᠎ᠠ ᠵᠦᠢᠯ ᠂ ᠣᠷᠣᠨ ᠪᠠᠢᠷᠢ ᠪᠤᠶᠤ ᠵᠠᠬ᠎ᠠ᠂ ᠳᠡᠯᠭᠡᠭᠦᠷ ᠡᠴᠡ ᠰᠢᠯᠲᠠᠭᠠᠯᠠᠨ᠎ᠠ ᠃ ᠳᠠᠷᠤᠢ ᠨᠢᠭᠡ ᠵᠠᠬ᠎ᠠ ᠳᠡᠯᠭᠡᠭᠦᠷ ᠲᠡᠢ ᠂ ᠠᠳᠠᠯᠢᠬᠠᠨ ᠲᠥᠷᠥᠯ ᠵᠦᠢᠯ ᠢ᠋ ᠡᠵᠡᠩᠨᠡᠵᠦ ᠪᠠᠢᠭ᠎ᠠ  ᠲᠣᠬᠢᠶᠠᠯᠳᠤᠯ ᠳ᠋ᠤ᠌ ᠥᠷᠢᠰᠦᠯᠳᠦᠭᠴᠢ ᠪᠣᠯᠵᠤ ᠂ ᠬᠠᠷᠢᠨ ᠠᠳᠠᠯᠢ ᠪᠤᠰᠤ ᠲᠥᠷᠥᠯ ᠵᠦᠢᠯ ᠢ᠋ ᠡᠵᠡᠩᠨᠡᠵᠦ ᠪᠠᠢᠭ᠎ᠠ  ᠪᠤᠶᠤ ᠠᠳᠠᠯᠢ ᠪᠤᠰᠤ ᠵᠠᠬ᠎ᠠ ᠳᠡᠯᠭᠡᠭᠦᠷ ᠲᠦ᠍ ᠪᠠᠢᠨ᠎ᠠ ᠨᠥᠬᠥᠴᠡᠯ ᠳ᠋ᠦ᠍ ᠪᠣᠯ ᠦᠷᠢᠭᠡᠯᠳᠦᠭᠴᠢ ᠪᠢᠰᠢ ᠪᠣᠯᠬᠤ ᠶᠤᠮ ᠃ ᠲᠡᠢᠮᠦ ᠡᠴᠡ ᠥᠪᠡᠷ ᠦ᠋ᠨ ᠡᠵᠡᠩᠨᠡᠵᠦ ᠪᠠᠢᠭ᠎ᠠ  ᠲᠥᠷᠥᠯ ᠵᠦᠢᠯ ᠦ᠋ᠨ ᠥᠷᠢᠰᠦᠯᠳᠦᠭᠡᠨ ᠪᠤᠶᠤ ᠥᠷᠢᠰᠦᠯᠳᠦᠭᠴᠢ ᠪᠡᠨ ᠵᠥᠪ ᠲᠣᠭᠲᠠᠭᠠᠵᠤ ᠂ ᠲᠡᠭᠦᠨ ᠳ᠋ᠦ᠍ ᠪᠡᠨ ᠳᠣᠭᠢᠷᠬᠠᠭᠰᠠᠨ ᠂ ᠪᠣᠳᠣᠯᠭ᠎ᠠ ᠭᠠᠷᠭᠠᠬᠤ ᠨᠢ ᠥᠷᠢᠰᠦᠯᠳᠦᠭᠡᠨ ᠳ᠋ᠦ᠍ ᠢᠯᠠᠬᠤ ᠶ᠋ᠢᠨ ᠪᠠᠲᠤᠯᠠᠭ᠎ᠠ ᠪᠣᠯᠤᠨ᠎ᠠ ᠃ 
ᠳᠥᠷᠪᠡ ᠂ ᠲᠠᠸᠠᠷ ᠤ᠋ᠨ ᠭᠦᠢᠯᠭᠡᠭᠡᠨ 
ᠲᠠᠸᠠᠷ ᠭᠡᠳᠡᠭ ᠪᠣᠯ ᠪᠢᠳᠡ ᠪᠦᠬᠦᠨ ᠦ᠌ ᠬᠥᠳᠡᠯᠮᠦᠷᠢ ᠶ᠋ᠢᠨ ᠦᠷ᠎ᠡ ᠪᠦᠲᠦᠭᠡᠯ ᠪᠣᠯᠤᠨ᠎ᠠ ᠃ ᠡᠨᠡᠬᠦ ᠦᠷ᠎ᠡ ᠪᠦᠲᠦᠭᠡᠯ ᠢ᠋ᠶ᠋ᠡᠨ ᠵᠠᠬ᠎ᠠ ᠳᠡᠯᠭᠡᠭᠦᠷ ᠲᠦ᠍ ᠭᠠᠷᠭᠠᠵᠤ ᠂ ᠬᠡᠷᠡᠭᠯᠡᠭᠴᠢ ᠳ᠋ᠦ᠍ ᠬᠦᠷᠭᠡᠵᠦ ᠴᠢᠳᠠᠪᠠᠯ ᠰᠠᠶᠢ ᠬᠥᠳᠡᠯᠮᠦᠷᠢ ᠶ᠋ᠢᠨ ᠦᠷ᠎ᠡ ᠰᠢᠮ᠎ᠡ ᠪᠡᠨ ᠬᠦᠷᠲᠡᠵᠦ ᠂ ᠵᠢᠩᠬᠢᠨᠢ ᠠᠰᠢᠭ ᠣᠷᠣᠯ  ᠣᠯᠵᠤ ᠴᠢᠳᠠᠨ᠎ᠠ ᠃ ᠭᠡᠬᠦ ᠳ᠋ᠦ᠍ ᠲᠠᠸᠠᠷ ᠂ ᠬᠡᠷᠡᠭᠯᠡᠭᠴᠢ ᠶ᠋ᠢᠨ ᠭᠠᠷ ᠲᠤ᠌ ᠬᠦᠷᠬᠦ ᠳ᠋ᠦ᠍ ᠲᠠᠸᠠᠷ ᠤ᠋ᠨ ᠭᠦᠢᠯᠭᠡᠭᠡᠨ ᠱᠠᠭᠠᠷᠳᠠᠭᠳᠠᠨ᠎ᠠ ᠃ ᠡᠨᠡ ᠪᠣᠯ ᠥᠪᠡᠷ ᠦ᠋ᠨ ᠪᠦᠲᠦᠭᠡᠭᠳᠡᠬᠦᠨ ᠢ᠋ᠶ᠋ᠡᠨ ᠬᠡᠷᠡᠭᠯᠡᠭᠴᠢ ᠳ᠋ᠦ᠍ ᠬᠡᠷᠬᠢᠨ ᠬᠦᠷᠬᠦ ᠪᠣᠯᠤᠮᠵᠢ ᠶ᠋ᠢ ᠰᠤᠳᠤᠯᠬᠤ ᠶᠠᠪᠤᠳᠠᠯ ᠪᠣᠯᠤᠨ᠎ᠠ ᠃ ᠬᠡᠷᠡᠭᠯᠡᠭᠴᠢ ᠳ᠋ᠦ᠍ ᠬᠦᠷᠴᠦ ᠴᠢᠳᠠᠬᠤ ᠲᠠᠸᠠᠷ ᠤ᠋ᠨ ᠭᠦᠢᠯᠭᠡᠭᠡ ᠪᠡᠷ ᠳᠠᠮᠵᠢᠨ ᠲᠠᠸᠠᠷ ᠥᠪᠡᠷ ᠦ᠋ᠨ ᠬᠡᠷᠡᠭᠯᠡᠭᠡᠨ ᠦ᠌ ᠥᠷᠲᠡᠭ ᠢ᠋ᠶ᠋ᠡᠨ ᠭᠠᠷᠭᠠᠵᠤ ᠴᠢᠳᠠᠨ᠎ᠠ ᠃ ᠲᠡᠢᠮᠦ ᠡᠴᠡ ᠡᠮᠦᠨᠡᠬᠢ ᠳᠥᠷᠪᠡᠨ ᠵᠠᠳᠠᠯᠤᠯᠲᠠ ᠶ᠋ᠢᠨ ᠠᠷᠭ᠎ᠠ ᠪᠣᠯ ᠬᠠᠷᠢᠯᠴᠠᠨ ᠬᠣᠯᠪᠣᠭ᠎ᠠ ᠲᠠᠢ ᠪᠠᠢᠵᠤ ᠂ ᠠᠯᠢ ᠨᠢᠭᠡ ᠨᠢ ᠪᠡᠶᠡᠯᠡᠯ ᠢ᠋ᠶ᠋ᠡᠨ ᠣᠯᠬᠤ ᠦᠭᠡᠢ ᠪᠣᠯ ᠡᠵᠡᠩᠨᠡᠯᠲᠡ ᠶ᠋ᠢᠨ ᠭᠣᠭᠴᠣᠭ᠎ᠠ ᠲᠠᠰᠤᠷᠠᠵᠤ ᠶᠠᠪᠤᠭᠳᠠᠵᠤ ᠴᠢᠳᠠᠬᠤ ᠦᠭᠡᠢ ᠪᠣᠯᠤᠨ᠎ᠠ ᠃ 
ᠲᠠᠪᠤ᠋ ᠂ ᠬᠠᠮᠲᠤᠷᠠᠯᠴᠠᠭ᠎ᠠ 
ᠬᠠᠮᠲᠤᠷᠠᠯᠴᠠᠭ᠎ᠠ ᠪᠣᠯ ᠡᠵᠡᠩᠨᠡᠯᠲᠡ ᠶ᠋ᠢᠨ ᠵᠠᠳᠠᠯᠤᠯᠲᠠ ᠶ᠋ᠢᠨ ᠠᠷᠭ᠎ᠠ ᠶ᠋ᠢᠨ ᠪᠠᠰᠠ ᠨᠢᠭᠡ ᠳᠤᠲᠠᠭᠳᠠᠵᠤ ᠪᠣᠯᠣᠰᠢ ᠦᠭᠡᠢ ᠬᠡᠰᠡᠭ ᠶᠤᠮ ᠃ ᠡᠨᠡ ᠨᠢ ᠡᠮᠦᠨᠡᠬᠢ ᠳᠥᠷᠪᠡᠨ ᠵᠦᠢᠯ ᠦ᠋ᠨ ᠵᠣᠭᠰᠣᠴᠠᠠ ᠶ᠋ᠢ ᠨᠥᠬᠥᠪᠥᠷᠢᠯᠡᠬᠦ ᠪᠤᠶᠤ ᠬᠥᠭᠵᠢᠭᠦᠯᠬᠦ ᠰᠢᠨᠵᠢ ᠲᠡᠢ  ᠵᠠᠩᠭᠢᠯᠠᠭ᠎ᠠ ᠶ᠋ᠢᠨ ᠠᠷᠭ᠎ᠠ ᠪᠣᠯᠤᠨ᠎ᠠ ᠃ ᠶᠠᠮᠠᠷ ᠨᠢᠭᠡᠨ ᠠᠵᠢᠯ ᠦᠢᠯᠡᠰ ᠢ᠋ ᠡᠷᠬᠢᠯᠡᠵᠦ ᠬᠢᠬᠦ  ᠪᠦᠳᠡᠲᠡᠢ ᠶᠠᠪᠤᠴᠠ ᠳ᠋ᠤ᠌ ᠡᠮᠦᠨᠡᠬᠢ ᠳᠥᠷᠪᠡᠨ ᠵᠠᠳᠠᠯᠤᠯᠲᠠ ᠪᠠᠷ ᠳᠠᠮᠵᠢᠨ ᠭᠦᠢᠴᠡᠳ ᠪᠣᠯᠤᠭᠰᠠᠨ ᠠᠵᠢᠯ ᠬᠡᠷᠡᠭ ᠲᠦ᠍ ᠬᠠᠮᠲᠤᠷᠠᠯᠴᠠᠭ᠎ᠠ ᠨᠢ ᠨᠡᠩ ᠶᠡᠬᠡ ᠬᠥᠭᠵᠢᠯᠲᠡ ᠶ᠋ᠢ ᠠᠪᠴᠢᠷᠠᠵᠤ ᠴᠢᠳᠠᠳᠠᠭ ᠪᠣᠯ ᠂ ᠪᠣᠯᠤᠮᠵᠢ ᠪᠠᠨ ᠠᠯᠳᠠᠭᠰᠠᠨ ᠠᠵᠢᠯ ᠦᠢᠯᠡᠰ ᠲᠦ᠍ ᠰᠢᠨ᠎ᠡ ᠬᠥᠭᠵᠢᠯᠲᠡ ᠶ᠋ᠢᠨ ᠵᠠᠮ ᠢ᠋ ᠨᠡᠭᠡᠭᠡᠵᠦ ᠥᠭᠴᠦ ᠴᠢᠳᠠᠳᠠᠭ ᠃ ᠲᠡᠢᠮᠦ ᠡᠴᠡ ᠬᠠᠮᠲᠤᠷᠠᠯᠴᠠᠭ᠎ᠠ ᠪᠣᠯ ᠮᠠᠨᠤᠰ ᠥᠪᠡᠷ ᠦ᠋ᠨ ᠨᠡᠢᠭᠡᠮ ᠦ᠋ᠨ ᠠᠮᠢᠳᠤᠷᠠᠯ ᠳᠤᠮᠳᠠ ᠪᠠᠨ ᠴᠠᠭ ᠢᠮᠠᠭᠲᠠ ᠪᠣᠳᠣᠵᠤ ᠶᠠᠪᠤᠬᠤ ᠬᠡᠷᠡᠭ ᠲᠡᠢ ᠵᠠᠳᠠᠯᠤᠯᠲᠠ ᠶ᠋ᠢᠨ ᠠᠷᠭ᠎ᠠ ᠪᠣᠯᠤᠨ᠎ᠠ ᠃ 
« 5 » ᠵᠠᠳᠠᠯᠤᠯᠲᠠ ᠶ᠋ᠢᠨ ᠠᠷᠭ᠎ᠠ ᠶ᠋ᠢᠨ ᠪᠣᠳᠠᠲᠠᠢ ᠠᠭᠤᠯᠭ᠎ᠠ ᠠ᠋ᠴᠠ ᠪᠢᠳᠡ ᠲᠡᠭᠦᠨ ᠢ᠋ ᠥᠪᠡᠷ ᠦ᠋ᠨ ᠠᠮᠢᠳᠤᠷᠠᠯ ᠂ ᠠᠵᠢᠯ ᠦᠢᠯᠡᠰ ᠲᠡᠭᠡᠨ ᠠᠰᠢᠭᠯᠠᠬᠤ ᠨᠢ ᠶᠠᠮᠠᠷ ᠶᠡᠬᠡ ᠦᠨ᠎ᠡ ᠥᠷᠲᠡᠭ ᠲᠡᠢ ᠪᠣᠯᠬᠤ ᠶ᠋ᠢ ᠮᠡᠳᠡᠭᠰᠡᠨ ᠪᠢᠯᠡ ᠃ ᠡᠳᠡᠭᠡᠷ ᠢ᠋ ᠵᠥᠪ ᠠᠰᠢᠭᠯᠠᠵᠤ᠂ᠥᠪᠡᠷ ᠲᠡᠭᠡᠨ ᠦᠢᠯᠡᠴᠢᠯᠡᠭᠦᠯᠦᠭᠰᠡᠨ ᠢ᠋ᠶ᠋ᠡᠷ ᠠᠵᠢᠯ ᠤ᠋ᠨ ᠬᠠᠷᠠᠯᠲᠠ ᠪᠠᠨ ᠢᠯᠡ ᠲᠣᠳᠣ ᠪᠣᠯᠭᠠᠨ ᠂ ᠪᠣᠳᠠᠲᠠᠢ ᠠᠵᠢᠯ ᠤ᠋ᠨ ᠶᠠᠪᠤᠴᠠ ᠪᠠᠨ ᠳᠥᠭᠥᠮᠴᠢᠯᠡᠵᠦ ᠴᠢᠳᠠᠬᠤ ᠪᠠᠷ ᠪᠠᠷᠠᠬᠤ ᠦᠭᠡᠢ ᠂ ᠭᠠᠷᠴᠤ ᠮᠡᠳᠡᠬᠦ  ᠡᠷᠦᠰᠳᠡᠯ ᠡᠴᠡ ᠵᠠᠢᠯᠠᠰᠬᠢᠵᠦ ᠂ ᠬᠣᠬᠢᠷᠠᠯ ᠢ᠋ ᠪᠠᠭᠠᠰᠬᠠᠵᠤ ᠴᠢᠳᠠᠨ᠎ᠠ ᠃          

   ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ